ᠠᠷᠠᠳ ᠤᠨ ᠴᠠᠭᠳᠠᠭ᠎ᠠ ᠲᠦᠭᠡᠷᠢᠭᠰᠡᠨ ᠡᠪᠡᠳᠴᠢᠨ ᠲᠠᠢ ᠨᠠᠰᠤᠲᠠᠨ ᠢ ᠭᠡᠷ ᠲᠤ ᠨᠢ ᠬᠦᠷᠭᠡᠪᠡ
ᠨᠡᠶᠢᠲᠡᠯᠡᠭᠰᠡᠨ ᠴᠠᠭ᠄
2023/11/10
      ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠳᠣᠲᠣᠭᠠᠳᠤ ᠶᠢ ᠬᠠᠮᠠᠭᠠᠯᠠᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠳᠦᠷ ᠳᠤᠳᠤᠮ ᠤᠨ ᠬᠠᠷᠢᠶ᠎ᠠ ᠣᠷᠣᠨ ᠤ ᠲᠣᠭᠤᠷᠢᠨ ᠴᠠᠭᠳᠠᠬᠤ ᠲᠣᠭᠲᠠᠴᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠴᠠᠭᠳᠠᠭᠠᠨ ᠤ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠬᠠᠷᠢᠶ᠎ᠠ ᠣᠷᠣᠨ ᠤ ᠭᠤᠣᠯᠳᠠᠯᠭ᠎ᠠ ᠲᠠᠢ ᠬᠡᠰᠡᠭ ᠲᠤ ᠲᠠᠯᠪᠢᠵᠤ᠂ ︽ᠳᠠᠯᠳᠠ ᠭᠠᠵᠠᠷ︾ ᠢ ︽ᠢᠯᠠ ᠭᠠᠵᠠᠷ︾ ᠪᠣᠯᠭᠠᠵᠤ᠂ ᠠᠷᠠᠳ ᠤᠯᠠᠨ ᠤ ᠲᠠᠶᠢᠪᠤᠩᠲᠤ ᠲᠦᠷᠦᠭᠳᠡᠯ ᠢ ᠨᠡᠮᠡᠭᠳᠡᠭᠦᠯᠪᠡ᠃ ᠳ᠋ᠦᠩ ᠾᠧ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠲᠢᠶᠧ ᠰᠢ ᠲᠣᠮᠢᠯᠠᠭᠰᠠᠨ ᠰᠠᠯᠪᠤᠷᠢ ︽ᠠᠷᠠᠳ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠷᠠᠳ ᠲᠦᠮᠡᠨ ᠳᠤ ᠦᠢᠯᠡᠴᠢᠯᠡᠬᠦ︾ ᠦᠢᠯᠡᠴᠢᠯᠡᠭᠡᠨ ᠤ ᠣᠶᠢᠯᠠᠭᠠᠭᠳᠠᠬᠤᠨ ᠢ ᠪᠠᠷᠢᠮᠲᠠᠯᠠᠵᠤ᠂ ᠠᠷᠠᠳ ᠤᠯᠠᠨ ᠤ ᠠᠮᠤᠷ ᠲᠦᠪᠰᠢᠨ ᠤ ᠲᠥᠯᠥᠭᠡ ᠦᠨᠡᠨ ᠰᠡᠳᠬᠢᠯ ᠠᠴᠠ ᠪᠠᠨ ᠬᠠᠯᠠᠭᠤᠨ ᠢᠶᠠᠷ ᠦᠢᠯᠡᠴᠢᠯᠡᠭᠰᠡᠭᠡᠷ ᠢᠷᠡᠵᠠᠢ᠃ ᠣᠶᠢᠷ᠎ᠠ ᠳᠤ᠂ ᠨᠢᠭᠡᠨ ᠲᠥᠭᠡᠷᠢᠭᠰᠡᠨ ᠨᠠᠰᠤᠲᠠᠨ ᠢ ᠠᠮᠵᠢᠯᠲᠠ ᠲᠠᠢ ᠪᠠᠷ ᠠᠪᠤᠷᠠᠨ ᠲᠤᠰᠠᠯᠠᠵᠤ᠂ ᠣᠯᠠᠨ ᠲᠦᠮᠡᠨ ᠤ ᠲᠠᠯᠠᠷᠬᠠᠯ ᠪᠠ ᠮᠠᠭᠲᠠᠭᠠᠯ ᠢ ᠣᠯᠤᠭᠰᠠᠨ ᠪᠠᠶᠢᠨ᠎ᠠ᠃       2023 ᠣᠨ ᠤ 11 ᠰᠠᠷ᠎ᠠ ᠶᠢᠨ 3 ᠤ ᠡᠳᠦᠷ ᠤᠨ ᠦᠳᠡ ᠶᠢᠨ ᠡᠮᠦᠨᠡᠬᠢ 9 ᠴᠠᠭ ᠤᠨ ᠦᠶ᠎ᠡ ᠪᠠᠷ᠂ ᠲᠢᠶᠧ ᠰᠢ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠲᠣᠭᠤᠷᠢᠨ ᠴᠠᠭᠳᠠᠬᠤ ᠶᠠᠪᠤᠴᠠ ᠳᠤ ᠪᠠᠨ ᠨᠢᠭᠡ ᠨᠠᠰᠤᠲᠠᠨ ᠤ ᠨᠢᠳᠦ ᠨᠢ ᠮᠡᠯᠡᠷᠡᠨ᠂ ᠪᠡᠶ᠎ᠡ ᠨᠢ ᠴᠡᠴᠡᠷᠡᠨ ᠳᠠᠭᠵᠢᠵᠤ ᠵᠠᠮ ᠤᠨ ᠬᠠᠵᠠᠭᠤ ᠳᠤ ᠰᠠᠭᠤᠵᠤ ᠪᠠᠶᠢᠬᠤ ᠶᠢ ᠣᠯᠵᠤ ᠬᠠᠷᠠᠭᠠᠳ᠂ ᠠᠷᠠᠳ ᠤᠨ ᠴᠠᠭᠳᠠᠭ᠎ᠠ ᠲᠡᠷᠡ ᠨᠠᠰᠤᠲᠠᠨ ᠤ ᠬᠠᠵᠠᠭᠤ ᠳᠤ ᠨᠢ ᠬᠥᠷᠥᠭᠡᠳ᠄ ︽ᠲᠠ ᠵᠦᠭᠡᠷ ᠪᠢᠵᠡ ᠳ᠋ᠡ︖ ᠪᠡᠶ᠎ᠡ ᠴᠢᠨᠢ ᠲᠠᠭ᠎ᠠ ᠦᠭᠡᠶ ᠪᠠᠶᠢᠨ᠎ᠠ ᠤᠤ︖ ᠭᠡᠷ ᠤᠨ ᠬᠥᠮᠦᠰ ᠴᠢᠨᠢ ᠬᠠᠨᠢ ᠪᠣᠯᠵᠤ ᠪᠠᠶᠢᠨ᠎ᠠ ᠤᠤ︖︾ ᠭᠡᠵᠦ ᠠᠷᠠᠳ ᠤᠨ ᠴᠠᠭᠳᠠᠭ᠎ᠠ ᠣᠯᠠᠨᠲᠠ ᠯᠠᠪᠯᠠᠨ ᠠᠰᠠᠭᠤᠭᠰᠠᠨ ᠳᠤ ᠨᠠᠰᠤᠲᠠᠨ ᠮᠥᠨ ᠬᠦ ᠬᠠᠷᠢᠭᠤ ᠥᠭᠴᠦ ᠬᠦᠴᠦᠨ ᠪᠦᠬᠦᠢ ᠮᠡᠳᠡᠭᠡ ᠵᠠᠩᠭᠢ ᠶᠢ ᠬᠡᠯᠡᠵᠦ ᠭᠠᠷᠭᠠᠵᠤ ᠴᠢᠳᠠᠭᠰᠠᠨ ᠦᠭᠡᠶ᠃ ᠠᠷᠠᠳ ᠤᠨ ᠴᠠᠭᠳᠠᠭ᠎ᠠ ᠲᠡᠷᠭᠡ ᠵᠢᠯᠣᠭᠤᠳᠤᠨ ᠨᠠᠰᠤᠲᠠᠨ ᠢ ᠳᠠᠭᠠᠭᠤᠯᠤᠨ ᠵᠠᠮ ᠤᠨ ᠬᠠᠵᠠᠭᠤ ᠶᠢᠨ ᠳᠡᠯᠭᠡᠭᠦᠷ ᠢᠶᠠᠷ ᠰᠤᠷᠪᠤᠯᠵᠢᠯᠠᠭᠠᠳ ᠦᠷ᠎ᠡ ᠳ᠋ᠦᠩ ᠭᠠᠷᠤᠭᠰᠠᠨ ᠦᠭᠡᠶ᠂ ᠨᠠᠰᠤᠲᠠᠨ ᠤ ᠪᠡᠶ᠎ᠡ ᠶᠢᠨ ᠪᠠᠶᠢᠳᠠᠯ ᠢ ᠪᠣᠳᠣᠯᠬᠢᠯᠠᠭᠠᠳ ᠴᠠᠭᠳᠠᠭ᠎ᠠ ᠠᠴᠠ ᠨᠠᠰᠤᠲᠠᠨ ᠢ ᠲᠣᠮᠢᠯᠠᠭᠰᠠᠨ ᠰᠠᠯᠪᠤᠷᠢ ᠳᠤ ᠠᠪᠠᠴᠢᠪᠠ᠃ ᠠᠷᠠᠳ ᠤᠨ ᠴᠠᠭᠳᠠᠭ᠎ᠠ ᠨᠢᠭᠡ ᠲᠠᠯ᠎ᠠ ᠪᠠᠷ ᠨᠠᠰᠤᠲᠠᠨ ᠳᠤ ᠢᠳᠡᠰᠢ ᠤᠤᠭᠤᠰᠢ ᠬᠠᠩᠭᠠᠵᠤ᠂ ᠨᠥᠭᠦᠭᠡ ᠲᠠᠯ᠎ᠠ ᠪᠠᠷ ᠨᠠᠰᠤᠲᠠᠨ ᠤ ᠦᠨᠳᠦᠰᠦᠨ ᠪᠠᠶᠢᠳᠠᠯ ᠢ ᠬᠢᠨᠠᠨ ᠬᠠᠷᠭᠤᠭᠤᠯᠵᠠᠶ᠃ ᠴᠢᠷᠮᠠᠶᠢᠯᠭ᠎ᠠ ᠬᠥᠮᠦᠨ ᠢ ᠭᠤᠮᠣᠳᠠᠭᠠᠬᠤ ᠥᠬᠡᠶ᠂ ᠠᠷᠠᠳ ᠤᠨ ᠴᠠᠭᠳᠠᠭ᠎ᠠ ᠶᠢᠨ ᠶᠡᠭᠡ ᠬᠡᠮᠵᠢᠶᠡᠨ ᠤ ᠠᠵᠢᠯ ᠢᠶᠠᠷ ᠳᠡᠮᠵᠢᠨ᠂ ᠡᠴᠦᠰ ᠲᠤ ᠪᠠᠨ ᠨᠠᠰᠤᠲᠠᠨ ᠤ ᠥᠬᠢᠨ ᠤ ᠬᠢ ᠬᠠᠷᠢᠯᠴᠠᠬᠤ ᠠᠷᠭ᠎ᠠ ᠮᠠᠶ᠋ᠢᠭ ᠢ ᠣᠯᠤᠭᠰᠠᠨ ᠪᠥᠭᠡᠳ ᠨᠠᠰᠤᠲᠠᠨ ᠤ ᠪᠠᠶᠢᠳᠠᠯ ᠢ ᠲᠡᠷᠡ ᠳᠠᠷᠤᠶ ᠳᠤ ᠨᠢ ᠬᠡᠯᠡᠵᠦ ᠥᠭᠭᠦᠭᠰᠡᠨ ᠪᠠᠶᠢᠨ᠎ᠠ᠃ ᠣᠶᠢᠯᠭᠠᠭᠰᠠᠨ ᠢᠶᠠᠷ᠂ ᠨᠠᠰᠤᠲᠠᠨ ᠥᠲᠡᠭᠦᠰ ᠤᠨ ᠮᠡᠨᠡᠭ ᠡᠪᠡᠳᠴᠢᠨ ᠳᠤ ᠨᠡᠷᠪᠡᠭᠳᠡᠵᠦ᠂ ᠥᠨᠥᠳᠦᠷ ᠭᠠᠭᠴᠠᠭᠠᠷ ᠢᠶᠠᠨ ᠭᠠᠳᠠᠭᠰᠢ ᠭᠠᠷᠤᠭᠠᠳ ᠣᠳᠣ ᠪᠣᠯᠲᠠᠯ᠎ᠠ ᠬᠠᠷᠢᠭᠰᠠᠨ ᠦᠭᠡᠶ᠂ ᠭᠡᠷ ᠤᠨ ᠬᠥᠮᠦᠰ ᠨᠢ ᠡᠷᠢᠭᠰᠡᠭᠡᠷ ᠪᠠᠶᠢᠯ᠎ᠠ᠃ ᠠᠷᠠᠳ ᠤᠨ ᠴᠠᠭᠳᠠᠭ᠎ᠠ ᠠᠴᠠ ᠨᠠᠰᠤᠲᠠᠨ ᠢ ᠭᠡᠷ ᠲᠤ ᠨᠢ ᠬᠥᠷᠥᠭᠡᠭᠰᠡᠨ ᠪᠦᠭᠡᠳ ᠨᠠᠰᠤᠲᠠᠨ ᠢ ᠰᠠᠶᠢᠲᠤᠷ ᠬᠠᠷᠠᠭᠠᠯᠵᠠᠵᠤ᠂ ᠨᠠᠰᠤᠲᠠᠨ ᠳᠤ ᠬᠡᠷ ᠤᠨ ᠬᠥᠮᠦᠰ ᠲᠠᠢ ᠪᠠᠨ ᠬᠠᠷᠢᠯᠴᠠᠬᠤ ᠫᠠᠶᠢᠰᠠ ᠵᠣᠬᠢᠶᠠᠵᠤ ᠬᠤᠪᠴᠠᠰᠤ ᠬᠤᠨᠠᠷ ᠲᠤ ᠨᠢ ᠣᠶᠣᠵᠤ ᠥᠭᠬᠦ ᠶᠢ ᠰᠠᠨᠠᠭᠤᠯᠵᠠᠢ᠂ ᠬᠡᠷ ᠤᠨ ᠬᠥᠮᠦᠰ ᠨᠢ ᠠᠷᠠᠳ ᠤᠨ ᠴᠠᠭᠳᠠᠭ᠎ᠠ ᠶᠢᠨ ᠬᠠᠯᠠᠭᠤᠨ ᠰᠡᠳᠬᠢᠯ ᠢᠶᠠᠷ ᠠᠪᠤᠷᠠᠨ ᠲᠤᠰᠠᠯᠠᠭᠰᠠᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃
1.jpg
     ᠲᠢᠶᠧ ᠰᠢ ᠶᠢᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠰᠠᠨᠠᠭᠤᠯᠤᠭᠰᠠᠨ ᠨᠢ᠄ ᠬᠡᠷ ᠪᠦᠯᠢ ᠳᠤ ᠴᠢᠨᠢ ᠬᠡᠷᠪᠡ ᠥᠲᠡᠭᠦᠰ ᠤᠨ ᠮᠡᠨᠡᠭ ᠡᠪᠡᠳᠴᠢᠨ ᠲᠠᠢ ᠨᠠᠰᠤᠲᠠᠨ ᠪᠠᠶᠢᠪᠠᠯ᠂ ᠡᠳᠦᠷ ᠲᠤᠲᠤᠮ ᠤᠨ ᠠᠮᠢᠳᠤᠷᠠᠯ ᠤᠨ ᠳᠤᠮᠳᠠ ᠪᠠᠨ ᠢᠯᠡᠭᠦᠬᠡᠨ ᠬᠠᠷᠠᠵᠤ ᠬᠠᠷᠠᠭᠠᠯᠵᠠᠬᠤ ᠬᠡᠷᠡᠭᠲᠡᠶ᠃ ᠨᠠᠰᠤᠲᠠᠶᠢᠴᠤᠳ ᠲᠤ ᠬᠡᠷ ᠪᠦᠯᠢ ᠶᠢᠨ ᠬᠠᠶ᠋ᠢᠭ᠂ ᠬᠡᠷ ᠪᠦᠯᠢ ᠶᠢᠨ ᠬᠠᠷᠢᠯᠴᠠᠬᠤ ᠤᠲᠠᠰᠤᠨ ᠤ ᠺᠠᠷᠲ ᠢ ᠪᠡᠶ᠎ᠡ ᠳᠤ ᠪᠠᠨ ᠠᠪᠤᠭᠤᠯᠵᠤ᠂ ᠨᠥᠬᠦᠴᠡᠯ ᠲᠠᠢ ᠨᠢ ᠨᠠᠰᠤᠲᠠᠶᠢᠴᠤᠳ ᠲᠤ ᠣᠷᠣᠨ ᠪᠠᠶᠢᠷᠢ ᠲᠣᠭᠲᠠᠭᠠᠬᠤ ᠴᠢᠳᠠᠮᠵᠢ ᠲᠠᠢ ᠮᠡᠳᠡᠭᠡ ᠬᠤᠯᠪᠣᠭᠠᠨ ᠤ ᠲᠥᠬᠦᠭᠡᠷᠦᠮᠵᠢ ᠳᠣᠭᠢᠷᠠᠭᠤᠯᠤᠨ ᠥᠭᠴᠦ᠂ ᠨᠠᠰᠤᠲᠠᠶᠢᠴᠤᠳ ᠤᠨ ᠲᠥᠭᠡᠷᠢᠪᠡᠯ ᠬᠠᠮᠤᠭ ᠤᠨ ᠲᠡᠷᠢᠭᠦᠨ ᠳᠤ ᠪᠦᠲᠦᠮᠵᠢᠲᠡᠶ ᠲᠤᠰᠠᠯᠠᠮᠵᠢ ᠤᠯᠬᠤ ᠳᠤ ᠲᠥᠬᠦᠮ ᠦᠵᠡᠭᠦᠯᠬᠦ ᠶᠢ ᠰᠠᠨᠠᠭᠤᠯᠵᠤ ᠪᠠᠶᠢᠨ᠎ᠠ᠃
ᠢᠷᠡᠯᠲᠡ᠄ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ