ᠮᠢᠩᠭᠠᠨ ᠭᠠᠵᠠᠷ ᠤᠨ ᠬᠤᠯᠠ ᠠᠴᠠ ᠰᠢᠦᠳᠠᠨ ᠢᠶᠠᠷ ᠡᠷᠦᠬᠡ ᠠᠮᠠ ᠶᠢᠨ ᠳᠡᠪᠳᠡᠷ ᠬᠢᠵᠦ ᠦᠭᠪᠡ
ᠨᠡᠶᠢᠲᠡᠯᠡᠭᠰᠡᠨ ᠴᠠᠭ᠄
2023/11/13
     ᠰᠦᠨᠢᠳ ᠪᠠᠷᠠᠭᠤᠨ ᠬᠤᠰᠢᠭᠤᠨ ᠤ ᠰᠠᠶᠢᠬᠠᠨᠲᠠᠯ᠎ᠠ ᠪᠠᠯᠭᠠᠰᠤᠨ ᠤ ᠲᠣᠮᠢᠯᠠᠭᠰᠠᠨ ᠰᠠᠯᠪᠤᠷᠢ ᠶᠢᠨ ᠬᠢᠨ ᠤᠯᠠᠨ ᠲᠦᠮᠡᠨ ᠤ ︽ᠪᠠᠴᠢᠮ᠂ ᠬᠦᠴᠢᠷ᠂ ᠰᠠᠨᠠᠭᠠᠰᠢᠷᠠᠭᠰᠠᠨ᠂ ᠬᠦᠰᠡᠭᠰᠡᠨ︾ ᠠᠰᠠᠭᠤᠳᠠᠯ ᠢ ᠰᠢᠢᠳᠪᠦᠷᠢᠯᠡᠬᠦ ᠪᠠᠷ ᠤᠳᠤᠷᠢᠳᠤᠮᠵᠢ ᠪᠣᠯᠭᠠᠵᠤ᠂ ᠵᠢᠵᠢᠭ ᠰᠠᠵᠢᠭ ᠶᠠᠪᠤᠳᠠᠯ ᠠᠴᠠ ᠡᠬᠢᠯᠡᠨ ᠬᠢᠵᠦ᠂ ᠰᠡᠳᠬᠢᠯ ᠲᠠᠯᠪᠢᠨ ᠤᠯᠠᠨ ᠲᠦᠮᠡᠨ ᠳᠤ ᠪᠣᠳᠠᠲᠠᠢ ᠶᠠᠪᠤᠳᠠᠯ᠂ ᠰᠠᠶᠢᠨ ᠶᠠᠪᠤᠳᠠᠯ᠂ ᠠᠷᠠᠳ ᠤᠯᠠᠨ ᠤ ᠰᠠᠨᠠᠭᠠᠰᠢᠷᠠᠭᠰᠠᠨ ᠶᠠᠪᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ ᠥᠭᠪᠡ᠃
80a76ad703bc432cca41be483d0c534.jpg 
    10 ᠳ᠋ᠤᠭᠠᠷ ᠰᠠᠷ᠎ᠠ ᠶᠢᠨ 15 ᠤ ᠡᠳᠦᠷ᠂ ᠰᠠᠶᠢᠬᠠᠨᠲᠠᠯ᠎ᠠ ᠪᠠᠯᠭᠠᠰᠤᠨ ᠤ ᠲᠣᠮᠢᠯᠠᠭᠰᠠᠨ ᠰᠠᠯᠪᠤᠷᠢ ᠶᠢᠨ ᠷᠠᠰᠢᠶᠠᠨ ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ ᠠᠯᠤᠰ ᠬᠤᠯᠠ ᠱᠧᠨᠵᠧᠨ ᠬᠤᠳᠠ ᠳᠤ ᠠᠵᠢᠯᠯᠠᠵᠤ ᠪᠠᠶᠢᠭ᠎ᠠ ᠶᠤᠸᠠᠨ ᠣᠪᠣᠭᠲᠤ ᠶᠢᠨ ᠲᠤᠰᠠᠯᠠᠮᠵᠢ ᠭᠤᠶᠤᠴᠢᠯᠠᠭᠰᠠᠨ ᠤᠳᠠᠰᠤ ᠶᠢ ᠲᠤᠰᠪᠠ᠃ ᠠᠷᠠᠳ ᠤᠨ ᠴᠠᠭᠳᠠᠭ᠎ᠠ ᠲᠡᠭᠦᠨ ᠤ ᠡᠷᠦᠬᠡ ᠠᠮᠠ ᠶᠢᠨ ᠳᠡᠪᠲᠡᠷ ᠤᠨ ᠬᠠᠶ᠋ᠢᠭ ᠤᠨ ᠥᠰᠥᠭ ᠤᠨ ᠣᠷᠳᠣ ᠨᠢ ᠪᠠᠷᠢᠮᠵᠢᠶᠠᠲᠤ ᠥᠰᠥᠭ ᠤᠨ ᠲᠤᠭ᠎ᠠ ᠠᠴᠠ ᠬᠡᠲᠦᠷᠡᠭᠰᠡᠨ ᠠᠴᠠ ᠪᠣᠯᠵᠤ᠂ ᠪᠣᠰᠤᠳ ᠭᠠᠵᠠᠷ ᠲᠤ ᠪᠡᠶ᠎ᠡ ᠶᠢᠨ ᠦᠨᠡᠮᠯᠡᠯ ᠢᠶᠠᠨ ᠭᠦᠢᠴᠡᠳᠬᠡᠬᠦ ᠶᠢᠨ ᠠᠷᠭ᠎ᠠ ᠦᠭᠡᠢ ᠪᠣᠯᠤᠭᠰᠠᠨ ᠢ ᠣᠯᠵᠤ ᠮᠡᠳᠡᠭᠡᠳ᠂ ᠲᠡᠷᠡ ᠳᠠᠷᠤᠢ ᠳᠤ ᠨᠢ ᠲᠡᠭᠦᠨ ᠳᠤ ᠰᠢᠨ᠎ᠡ ᠡᠷᠦᠬᠡ ᠠᠮᠠ ᠶᠢᠨ ᠳᠡᠪᠲᠡᠷ ᠢ ᠰᠣᠯᠢᠵᠤ ᠥᠭᠬᠦ ᠶᠢᠨ ᠬᠠᠮᠲᠤ ᠶᠤᠸᠠᠨ ᠣᠪᠣᠭᠲᠤ ᠶᠢᠨ ᠰᠠᠭᠤᠭ᠎ᠠ ᠭᠠᠵᠠᠷ ᠲᠤ ᠰᠢᠤᠳᠠᠨ ᠢᠶᠠᠷ ᠢᠯᠡᠭᠡᠪᠡ᠃ ᠶᠤᠸᠠᠨ ᠣᠪᠣᠭᠲᠤ ᠠᠴᠠ ᠲᠣᠮᠢᠯᠠᠭᠰᠠᠨ ᠰᠠᠯᠪᠤᠷᠢ ᠶᠢᠨ ᠡᠷᠦᠬᠡ ᠠᠮᠠ ᠶᠢᠨ ᠬᠠᠮᠢᠶᠠᠷᠤᠯᠲᠠ ᠶᠢᠨ ᠠᠷᠠᠳ ᠤᠨ ᠴᠠᠭᠳᠠᠭ᠎ᠠ ᠶᠢᠨ ᠮᠢᠩᠭᠠᠨ ᠭᠠᠵᠠᠷ ᠠᠴᠠ ᠰᠢᠦᠳᠠᠨ ᠢᠶᠠᠷ ᠡᠷᠦᠬᠡ ᠠᠮᠠ ᠶᠢᠨ ᠠᠰᠠᠭᠤᠳᠠᠯ ᠢ ᠰᠢᠢᠳᠪᠦᠷᠢᠯᠡᠭᠰᠡᠨ ᠦᠶᠯᠡ ᠠᠵᠢᠯᠯᠠᠭ᠎ᠠ ᠳᠤ ᠲᠤᠶᠢᠯ ᠤᠨ ᠶᠡᠭᠡ ᠪᠠᠷ ᠲᠠᠯᠠᠷᠬᠠᠵᠤ᠂ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠪᠠ᠃    
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ