ᠴᠢᠶᠣᠤ ᠪᠸᠢ ᠲᠣᠮᠢᠯᠠᠭᠰᠠᠨ ᠰᠠᠯᠪᠤᠷᠢ ᠨᠢ ᠹᠧᠩᠴᠢᠶᠤᠤ ᠮᠠᠶ᠋ᠢᠭ ᠤᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠨᠡᠷᠡᠰ ᠲᠤ ᠵᠢᠭᠰᠠᠭᠠᠭᠳᠠᠪᠠ
ᠨᠡᠶᠢᠲᠡᠯᠡᠭᠰᠡᠨ ᠴᠠᠭ᠄
2023/11/13
      10 ᠰᠠᠷ᠎ᠠ ᠶᠢᠨ 18 ᠤ ᠡᠳᠦᠷ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ︽ᠹᠧᠩᠴᠢᠶᠤᠤ ᠮᠠᠶ᠋ᠢᠭ ᠤᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ︾ ᠶᠢ ᠡᠭᠦᠳᠦᠨ ᠪᠠᠶᠢᠭᠤᠯᠬᠤ ᠠᠵᠢᠯᠯᠠᠭ᠎ᠠ ᠥᠷᠨᠢᠭᠦᠯᠬᠦ ᠲᠤᠬᠠᠶ ᠬᠠᠮᠢᠶ᠎ᠠ ᠪᠦᠬᠦᠢ ᠲᠣᠬᠢᠷᠠᠭᠤᠯᠤᠯᠲᠠ ᠶᠢ ᠦᠨᠳᠦᠰᠦᠯᠡᠪᠡᠯ᠂ ᠪᠥᠬᠦ ᠲᠠᠯ᠎ᠠ ᠪᠠᠷ ᠡᠭᠦᠳᠦᠨ ᠪᠠᠶᠢᠭᠤᠯᠬᠤ᠂ ᠱᠠᠲᠤ ᠳᠠᠷᠠᠭᠠᠯᠠᠨ ᠲᠠᠨᠢᠯᠴᠠᠭᠤᠯᠬᠤ᠂ ᠬᠢᠨᠠᠨ ᠪᠠᠶᠢᠴᠠᠭᠠᠵᠤ ᠦᠨᠡᠯᠡᠬᠦ ᠪᠠ ᠳᠣᠲᠣᠭᠠᠳᠤ ᠳᠤ ᠪᠠᠨ ᠬᠢᠨᠠᠨ ᠬᠠᠷᠭᠤᠭᠤᠯᠬᠤ ᠪᠠᠷ ᠳᠡᠮᠵᠢᠨ᠂ ᠪᠥᠬᠦ ᠤᠯᠤᠰ ᠤᠨ ᠭᠤᠷᠪᠠᠳᠤᠭᠠᠷ ᠡᠭᠡᠯᠵᠢ ᠶᠢᠨ ᠨᠡᠷᠡᠶᠢᠳᠬᠦ ᠪᠠᠷ ᠪᠠᠶᠢᠭ᠎ᠠ ︽ᠹᠧᠩᠴᠢᠶᠤᠤ ᠮᠠᠶ᠋ᠢᠭ ᠤᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ︾ ᠪᠠ ᠵᠢᠱᠢᠭᠳᠡᠭᠴᠢ ᠶᠢᠨ ᠲᠣᠮᠢᠯᠠᠭᠰᠠᠨ ᠰᠠᠯᠪᠤᠷᠢ ᠶᠢᠨ ᠨᠡᠷᠡᠰ ᠢ ᠵᠠᠷᠯᠠᠨ ᠨᠡᠶᠢᠲᠡᠯᠡᠵᠦ᠂ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠩᠱᠠᠨ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ ᠴᠢᠶᠣᠤ ᠪᠸᠢ ᠲᠣᠮᠢᠯᠠᠭᠰᠠᠨ ᠰᠠᠯᠪᠤᠷᠢ ᠨᠡᠷ᠎ᠡ ᠲᠣᠳᠣᠷᠠᠭᠰᠠᠨ ᠪᠠᠶᠢᠨ᠎ᠠ᠃       ᠴᠢᠶᠣᠤ ᠪᠸᠢ ᠲᠣᠮᠢᠯᠠᠭᠰᠠᠨ ᠰᠠᠯᠪᠤᠷᠢ ︽ᠹᠧᠩᠴᠢᠶᠤᠤ ᠮᠠᠶ᠋ᠢᠭ ᠤᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ︾ ᠶᠢ ᠪᠠᠶᠢᠭᠤᠯᠬᠤ ᠶᠠᠪᠤᠴᠠ ᠳᠤ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠣᠯ ᠰᠡᠷᠭᠡᠶᠢᠯᠡᠯᠲᠡ ᠶᠢᠨ ᠣᠶᠢᠯᠠᠭᠠᠭᠳᠠᠬᠤᠨ ᠢ ᠪᠠᠲᠤ ᠪᠤᠶ ᠪᠣᠯᠭᠠᠵᠤ᠂ ᠭᠤᠣᠯ ᠰᠡᠷᠭᠡᠶᠢᠯᠡᠯᠲᠡ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠣᠮᠢᠯᠠᠭᠰᠠᠨ ᠰᠠᠯᠪᠤᠷᠢ ᠶᠢᠨ ᠠᠵᠢᠯ ᠤᠨ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠪᠠᠷ︽ᠬᠤᠶᠠᠷ ᠠᠩᠭᠢ ᠨᠢᠭᠡ ᠥᠷᠲᠡᠭᠡ︾ ᠶᠢᠨ ᠴᠠᠭᠳᠠᠭᠠᠨ ᠤ ᠶᠠᠪᠤᠳᠠᠯ ᠤᠨ ᠵᠠᠭᠪᠤᠷ ᠢ ᠭᠦᠨᠵᠡᠭᠡᠶ ᠠᠵᠢᠯᠯᠠᠭᠤᠯᠵᠤ᠂ ᠨᠠᠮ ᠤᠨ ᠪᠠᠶᠢᠭᠤᠯᠤᠯᠲᠠ ᠪᠠᠷ ᠲᠣᠮᠢᠯᠠᠭᠰᠠᠨ ᠰᠠᠯᠪᠤᠷᠢ ᠶᠢᠨ ᠠᠵᠢᠯ ᠢ ᠬᠦᠳᠦᠯᠦᠨ ᠳᠠᠭᠠᠭᠤᠯᠬᠤ ᠡᠨᠡ ᠬᠦ ᠭᠤᠣᠯᠳᠠᠯᠭ᠎ᠠ ᠶᠢᠨ ᠲᠣᠭᠤᠷᠢᠨ ᠳᠤ᠂ ᠬᠦᠴᠦᠨ ᠢᠶᠠᠨ ᠲᠥᠪᠯᠡᠷᠡᠭᠦᠯᠵᠦ ᠪᠠᠶᠢᠭᠠᠳ ︽ᠬᠤᠶᠠᠷ ᠠᠩᠬᠢ ᠨᠢᠭᠡ ᠥᠷᠲᠡᠭᠡ︾᠂ ᠴᠢᠶᠣᠤ ᠪᠸᠢ ᠲᠣᠮᠢᠯᠠᠭᠰᠠᠨ ᠰᠠᠯᠪᠤᠷᠢ ᠶᠢᠨ ᠵᠠᠭᠪᠤᠷ ᠤᠨ ︽ᠲᠦᠷᠪᠡᠨ ᠶᠡᠭᠡ ᠡᠯᠧᠮᠧᠨ᠋ᠲ︾ ᠪᠣᠯᠤᠨ ᠦᠨᠳᠦᠰᠦᠨ ᠱᠠᠲᠤᠨ ᠤ ᠴᠠᠭᠳᠠᠭᠠᠨ ᠤ ᠶᠠᠪᠤᠳᠠᠯ ᠪᠣᠯᠤᠨ ᠲᠣᠣᠷᠴᠢᠯᠠᠯᠲᠠ ᠶᠢᠨ ᠵᠠᠰᠠᠯᠲᠠ ᠶᠢ ᠭᠦᠨᠵᠡᠭᠡᠢ ᠠᠭᠤᠰᠤᠯᠴᠠᠭᠤᠯᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠨᠡᠩ ᠥᠨᠳᠥᠷ ᠠᠵᠢᠯ ᠤᠨ ᠬᠢᠷᠢ ᠲᠦᠪᠰᠢᠨ ᠢᠶᠠᠷ ᠰᠠᠭᠤᠷᠢᠯᠠᠨ᠂ ᠤᠴᠢᠷ ᠶᠠᠪᠤᠳᠠᠯ ᠴᠥᠭᠡᠨ ᠭᠠᠷᠬᠤ᠂ ᠠᠮᠤᠷ ᠲᠣᠭᠳᠠᠭᠤᠨ ᠪᠠᠶᠢᠬᠤ ᠶᠢ ᠪᠡᠶᠡᠯᠡᠭᠦᠯᠵᠦ᠂ ᠨᠠᠮ ᠪᠣᠯᠤᠨ ᠠᠷᠠᠳ ᠲᠦᠮᠡᠨ ᠳᠤ ᠬᠠᠨᠤᠮᠵᠢᠲᠠᠢ ᠪᠠᠶᠢᠬᠤ ᠠᠵᠢᠯ ᠤᠨ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠪᠠ᠃
ᠢᠷᠡᠯᠲᠡ᠄ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ