ᠴᠠᠭᠳᠠᠭᠤᠯ ᠨᠣᠬᠠᠢ ᠶᠢᠨ ︽ᠸᠠᠩ ᠸᠠᠩ ᠠᠩᠭᠢ︾ ᠣᠷᠤᠨ ᠨᠤᠲᠤᠭ ᠤᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠰᠠᠬᠢᠪᠠ
ᠨᠡᠶᠢᠲᠡᠯᠡᠭᠰᠡᠨ ᠴᠠᠭ᠄
2023/11/13
    2022 ᠣᠨ ᠤ 12 ᠳ᠋ᠤᠭᠠᠷ ᠰᠠᠷ᠎ᠠ ᠶᠢᠨ 17 ᠤ ᠡᠳᠦᠷ᠂ ᠬᠠᠷᠢᠶ᠎ᠠ ᠣᠷᠣᠨ ᠤ ᠬᠥᠳᠡᠭᠡ ᠲᠣᠰᠬᠤᠨ ᠤ ᠨᠢᠭᠡ ᠨᠠᠰᠤᠲᠠᠨ ᠲᠥᠭᠡᠷᠢᠭᠰᠡᠨ ᠳᠤ᠂ ᠴᠠᠭᠳᠠᠭᠤᠯ ᠨᠣᠬᠠᠶ ᠶᠢᠨ ᠳᠤᠮᠳᠠ ᠠᠩᠭᠢ ᠶᠢᠨ ᠬᠠᠪᠰᠤᠷᠤᠯᠭ᠎ᠠ ᠶᠢ ᠤᠯᠬᠤ ᠪᠠᠷ ᠭᠤᠶᠤᠴᠢᠯᠠᠵᠤ᠂ ᠰᠤᠷᠭᠠᠭᠴᠢ ᠴᠠᠭᠳᠠᠭᠤᠯ ᠨᠣᠬᠠᠶ ︽ᠠᠮᠤᠭᠤᠯᠠᠩ︾ ᠢ ᠳᠠᠭᠠᠭᠤᠯᠤᠨ ᠬᠠᠬᠢᠷ ᠬᠦᠢᠲᠡᠨ ᠡᠪᠦᠯ ᠤᠨ ᠤᠯᠠᠷᠢᠯ ᠳᠤ 2 ᠴᠠᠭ ᠭᠠᠷᠤᠶ ᠡᠷᠢᠯᠬᠢᠯᠡᠨ᠂ ᠴᠠᠭᠳᠠᠭᠤᠯ ᠨᠣᠬᠠᠶ ᠶᠢ ᠠᠰᠢᠭᠯᠠᠨ ᠲᠥᠭᠡᠷᠢᠭᠰᠡᠨ ᠨᠠᠰᠤᠲᠠᠨ ᠢ ᠠᠮᠵᠢᠯᠲᠠ ᠲᠠᠢ ᠪᠠᠷ ᠡᠷᠢᠵᠦ ᠣᠯᠪᠠ᠃ 2018 ᠣᠨ ᠤ 3 ᠳ᠋ᠤᠭᠠᠷ ᠰᠠᠷ᠎ᠠ ᠶᠢᠨ 11 ᠤ ᠡᠳᠦᠷ᠂ ᠤᠯᠠᠭᠠᠨᠬᠠᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠤᠷᠭᠠᠭᠤᠯᠢ ᠶᠢᠨ ᠬᠠᠪᠢ ᠳᠤ ᠨᠡᠷ᠎ᠡ ᠦᠭᠡᠢ ᠡᠮᠡᠭᠲᠡᠢ ᠶᠢᠨ ᠦᠬᠦᠳᠡᠯ ᠢ ᠢᠯᠡᠷᠡᠭᠰᠡᠨ ᠳᠤ᠂ ᠴᠠᠭᠳᠠᠭᠤᠯ ᠨᠣᠬᠠᠢ ᠶᠢ ᠠᠪᠠᠴᠢᠵᠤ ᠲᠤᠬᠠᠢ ᠶᠢᠨ ᠲᠠᠯᠠᠪᠠᠢ ᠳᠤ ᠪᠠᠶᠢᠴᠠᠭᠠᠯᠲᠠ ᠬᠢᠵᠦ᠂ ᠦᠨᠦᠷ ᠤᠨ ᠡᠬᠢ ᠰᠤᠷᠪᠤᠯᠵᠢ ᠶᠢ ᠲᠣᠭᠲᠠᠪᠤᠷᠢᠵᠢᠭᠤᠯᠵᠤ ᠭᠠᠳᠠᠭᠰᠢ ᠮᠥᠷᠳᠡᠪᠡ᠃ ᠶᠠᠯ᠎ᠠ ᠬᠢᠭᠰᠡᠨ ᠰᠡᠵᠢᠭᠲᠡᠨ ᠤ ᠲᠤᠬᠠᠢ ᠶᠢᠨ ᠲᠠᠯᠠᠪᠠᠢ ᠳᠤ ᠪᠠᠶᠢᠭᠰᠠᠨ ᠠᠵᠢᠯᠯᠠᠭᠠᠨ ᠤ ᠵᠠᠮ ᠮᠥᠷ ᠢ ᠳᠠᠬᠢᠨ ᠢᠯᠡᠷᠡᠭᠦᠯᠵᠦ᠂ ᠬᠡᠷᠡᠭ ᠢ ᠲᠠᠩᠨᠠᠨ ᠢᠯᠡᠷᠡᠭᠦᠯᠬᠦ ᠳᠤ ᠲᠤᠯᠭᠠᠭᠤᠷᠢᠯᠠᠯ ᠬᠠᠩᠭᠠᠪᠠ᠃ ᠡᠭᠦᠨ ᠠᠴᠠ ᠰᠡᠭᠦᠯᠡᠷ᠂ ᠰᠣᠷᠭᠠᠭᠴᠢ ᠴᠠᠭᠳᠠᠭᠤᠯ ᠨᠣᠬᠠᠢ ᠪᠠᠨ ᠳᠠᠭᠠᠭᠤᠯᠤᠨ ᠯᠢᠨᠰᠢ ᠰᠢᠶᠠᠨ ᠤ ᠵᠣᠷᠢᠭᠤᠳᠠ ᠬᠥᠮᠦᠨ ᠠᠯᠠᠭᠰᠠᠨ ᠬᠡᠷᠡᠭ᠂ ᠬᠤᠩᠱᠠᠨ ᠲᠣᠭᠤᠷᠢᠭ ᠤᠨ ᠸᠧᠨ ᠵᠦᠩ ᠪᠠᠯᠭᠠᠰᠤᠨ ᠤ 7.11 ᠤ ᠬᠥᠮᠦᠨ ᠠᠯᠠᠭᠰᠠᠨ ᠬᠡᠷᠡᠭ ᠢ ᠬᠠᠮᠵᠢᠨ ᠢᠯᠡᠷᠡᠭᠦᠯᠵᠦ᠂ ᠬᠤᠪᠢᠶᠠᠷᠢ ᠲᠣᠪᠴᠢᠶ᠎ᠠ ᠶᠢᠨ ᠣᠨᠴᠠ ᠲᠥᠷᠦᠯ ᠤᠨ ᠴᠠᠭᠳᠠᠭ᠎ᠠ ᠶᠢ ᠬᠠᠮᠵᠢᠯᠴᠠᠨ ᠬᠡᠷᠡᠭ ᠡᠳᠦᠵᠦ ᠤᠷᠰᠢᠭ ᠲᠠᠲᠠᠭᠰᠠᠨ ᠬᠡᠷᠡᠭ ᠪᠠ ᠨᠣᠴᠣᠮᠠᠲᠠᠭᠠᠢ ᠲᠡᠰᠦᠷᠡᠮᠡᠲᠡᠭᠡᠢ ᠬᠡᠷᠡᠭ ᠢ ᠪᠠᠶᠢᠴᠠᠭᠠᠨ ᠰᠢᠢᠳᠪᠦᠷᠢᠯᠡᠬᠦ ᠳᠤ ᠣᠯᠠᠨ ᠤᠳᠠᠭ᠎ᠠ ᠣᠷᠣᠯᠴᠠᠪᠠ᠃
 微信图片_20231012093430.jpg  
微信图片_20231016093346.jpg
微信图片_202310160943561.jpg
     ᠰᠤᠷᠭᠠᠭᠴᠢᠳ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠠᠷ ᠴᠠᠭᠳᠠᠭᠤᠯ ᠨᠣᠬᠠᠢ ᠪᠠᠨ ᠳᠠᠭᠠᠭᠤᠯᠤᠨ ᠡᠷᠳᠡᠮ ᠴᠢᠳᠠᠪᠤᠷᠢ ᠪᠠᠨ ᠬᠠᠲᠠᠭᠤᠵᠢᠯᠲᠠᠢ ᠪᠣᠯᠪᠠᠰᠤᠷᠠᠭᠤᠯᠵᠤ᠂ ᠠᠵᠢᠯ ᠤᠨ ᠪᠠᠶᠢᠷᠢ ᠪᠠᠨ ᠪᠠᠲᠤ ᠰᠠᠬᠢᠵᠤ᠂ ᠡᠨᠡ ᠬᠡᠰᠡᠭ ᠣᠷᠤᠨ ᠤ ᠲᠦᠭ ᠲᠦᠮᠡᠨ ᠠᠶᠢᠯ ᠬᠡᠷ ᠢᠶᠠᠨ ᠰᠠᠬᠢᠨ ᠬᠠᠮᠠᠭᠠᠯᠠᠨ᠂ ᠣᠨ ᠰᠠᠷ᠎ᠠ ᠶᠢ ᠡᠭᠡᠯᠵᠢᠯᠡᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ᠎ᠡ᠃ 
ᠢᠷᠡᠯᠲᠡ᠄ ᠤᠯᠠᠭᠠᠨᠬᠠᠳᠠ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠤᠪᠴᠢᠶ᠎ᠠ