ᠬᠢᠨᠠᠨ ᠵᠠᠬᠢᠷᠤᠭᠳᠠᠭᠰᠠᠳ ᠤᠨ ᠭᠡᠷ ᠪᠦᠯᠢ ᠶᠢᠨ ᠬᠢᠨ ᠢ ᠬᠠᠯᠠᠮᠵᠢᠯᠠᠨ ᠬᠠᠶᠢᠷᠠᠯᠠᠵᠤ ᠭᠢᠨᠳᠠᠨ ᠤ ᠳᠣᠲᠣᠨ᠎ᠠ ᠭᠠᠳᠠᠨᠠᠬᠢ ᠬᠤᠶᠠᠷ ᠲᠠᠯ᠎ᠠ ᠶᠢᠨ ᠬᠦᠮᠦᠰ ᠤᠨ ᠰᠠᠨᠠᠭ᠎ᠠ ᠠᠮᠤᠷ ᠪᠠᠶᠢᠬᠤ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/11/13
    ᠰᠢᠯᠢ ᠶᠢᠨ ᠭᠤᠤᠯ ᠠᠶᠢᠮᠠᠭ ᠤᠨ ᠰᠥᠨᠢᠳ ᠵᠡᠭᠦᠨ ᠬᠤᠰᠢᠭᠤᠨ ᠤ ᠬᠤᠷᠢᠭᠤᠯ ᠤᠨ ᠭᠠᠵᠠᠷ ᠶᠡᠷᠦ ᠠᠴᠠ ︽ᠬᠥᠮᠦᠨ ᠢᠶᠠᠷ ᠦᠨᠳᠦᠰᠦ ᠪᠣᠯᠭᠠᠬᠤ᠂ ᠵᠠᠯᠬᠠᠭᠠᠬᠤ ᠰᠤᠷᠭᠠᠬᠤ ᠶᠢ ᠵᠡᠷᠭᠡᠪᠡᠷ ᠴᠢᠬᠤᠯᠠᠴᠢᠯᠠᠬᠤ︾ ᠣᠢᠯᠠᠭᠠᠭᠳᠠᠬᠤᠨ ᠢ ᠪᠠᠷᠢᠮᠲᠠᠯᠠᠨ ᠠᠵᠢᠯ ᠢᠶᠠᠨ ᠥᠷᠨᠢᠭᠦᠯᠵᠦ᠂ ᠬᠠᠤᠯᠢ ᠴᠠᠭᠠᠵᠠ ᠪᠠᠷ ᠵᠠᠰᠠᠬᠤ ᠣᠢᠯᠠᠭᠠᠭᠳᠠᠬᠤᠨ ᠢᠶᠠᠷ ᠬᠤᠷᠢᠭᠳᠠᠵᠤ ᠪᠠᠶᠢᠭ᠎ᠠ ᠬᠥᠮᠦᠰ ᠢ ᠰᠤᠷᠭᠠᠨ ᠬᠥᠮᠦᠵᠢᠭᠦᠯᠵᠦ ᠬᠥᠲᠥᠯᠦᠨ ᠵᠢᠯᠣᠭᠤᠳᠴᠤ᠂ ᠦᠵᠡᠯ ᠰᠠᠨᠠᠭᠠᠨ ᠤ ᠲᠠᠯ᠎ᠠ ᠠᠴᠠ ᠬᠦᠮᠦᠵᠢᠯ ᠬᠦᠷᠳᠡᠭᠡᠨ᠂ ᠢᠷᠡᠭᠡᠳᠦᠢ ᠶᠢᠨ ᠠᠮᠢᠳᠤᠷᠠᠯ ᠤᠨ ᠰᠠᠶᠢᠨ ᠰᠠᠶᠢᠬᠠᠨ ᠥᠩᠭᠡ ᠪᠣᠲᠤᠭ ᠢ ᠨᠡᠮᠡᠭᠳᠡᠭᠦᠯᠬᠦ ᠶᠢᠨ ᠬᠠᠮᠲᠤ᠂ ᠪᠣᠳᠠᠲᠤ ᠠᠬᠤᠢ ᠪᠠᠶᠢᠳᠠᠯ ᠳᠤ ᠢᠳᠡᠪᠬᠢᠲᠡᠢ ᠬᠠᠨᠳᠤᠵᠤ᠂ ᠰᠢᠨ᠎ᠡ ᠠᠮᠢᠳᠤᠷᠠᠯ ᠢᠶᠠᠨ ᠡᠬᠢᠯᠡᠭᠦᠯᠬᠦ ᠶᠢ ᠰᠠᠨᠠᠭᠤᠯᠪᠠ᠃
3e32408c7f248a7f5d4fd3e839113b1.jpg  
    ᠡᠨᠡ ᠵᠢᠯ ᠠᠴᠠ ᠨᠠᠭᠠᠰᠢ᠂ ᠰᠥᠨᠢᠳ ᠵᠡᠭᠦᠨ ᠬᠤᠰᠢᠭᠤᠨ ᠤ ᠬᠤᠷᠢᠭᠤᠯ ᠤᠨ ᠭᠠᠵᠠᠷ ᠤᠨ ᠨᠠᠮ ᠤᠨ ᠪᠠᠶᠢᠭᠤᠯᠤᠯᠲᠠ ᠪᠠᠷ ᠬᠥᠲᠥᠯᠦᠨ ᠳᠠᠭᠠᠭᠤᠯᠬᠤ ᠠᠵᠢᠯ ᠤᠨ ᠵᠠᠭᠪᠤᠷ ᠢ ᠥᠷᠨᠢᠭᠦᠯᠵᠦ᠂ ᠬᠤᠷᠢᠭᠳᠠᠵᠤ ᠪᠠᠶᠢᠭ᠎ᠠ ᠬᠥᠮᠦᠰ ᠲᠤ ᠦᠨᠡᠨ ᠰᠡᠳᠬᠢᠯ ᠠᠴᠠ ᠪᠠᠨ ᠰᠡᠳᠬᠢᠯ ᠤᠨ ᠦᠭᠡ ᠪᠠᠨ ᠶᠠᠷᠢᠯᠴᠠᠵᠤ᠂ ᠰᠡᠳᠬᠢᠴᠡ ᠶᠢᠨ ᠪᠠᠶᠢᠳᠠᠯ᠂ ᠵᠥᠷᠢᠴᠡᠯ ᠵᠠᠭᠤᠷᠠᠯᠳᠤᠭᠠᠨ᠂ ᠬᠡᠷ ᠪᠦᠯᠢ ᠶᠢᠨ ᠪᠠᠶᠢᠳᠠᠯ ᠢ ᠣᠶᠢᠯᠠᠭᠠᠭᠰᠠᠨ ᠪᠥᠭᠡᠳ ᠣᠯᠠᠨ ᠲᠠᠯ᠎ᠠ ᠠᠴᠠ ᠦᠵᠡᠯ ᠰᠠᠨᠠᠭᠠᠨ ᠤ ᠬᠦᠮᠦᠵᠢᠯ ᠬᠢᠪᠠ᠃
c07c835d2f44d8114bfd2d4b060c1e3.jpg  
     ᠬᠤᠷᠢᠭᠤᠯ ᠤᠨ ᠭᠠᠵᠠᠷ ᠤᠨ ᠨᠠᠮ ᠤᠨ ᠡᠭᠦᠷ ᠤᠨ ︽ᠰᠤᠷᠤᠯᠴᠠᠯᠭ᠎ᠠ ᠬᠥᠮᠦᠵᠢᠯ︾ ᠢᠶᠠᠷ ᠭᠤᠣᠯ ᠰᠢᠵᠢᠮ ᠪᠣᠯᠭᠠᠵᠤ᠂ ︽ᠨᠠᠮ ᠤᠨ ᠪᠠᠶᠢᠭᠤᠯᠤᠯᠲᠠ ᠶᠢ ᠠᠳᠬᠤᠬᠤ᠂ ᠬᠡᠪ ᠴᠢᠨᠠᠷ ᠢ ᠴᠢᠩᠭᠠᠳᠬᠠᠬᠤ᠂ ᠰᠤᠷᠲᠠᠯ ᠢ ᠴᠡᠭᠴᠡᠯᠡᠬᠦ᠂ ᠳᠦᠷᠢ ᠲᠥᠷᠬᠦ ᠶᠢ ᠪᠣᠢ ᠪᠣᠯᠭᠠᠬᠤ︾ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠬᠤᠷᠢᠭᠳᠠᠵᠤ ᠪᠠᠶᠢᠭ᠎ᠠ ᠬᠥᠮᠦᠰ ᠤᠨ ᠭᠡᠷ ᠤᠨ ᠬᠥᠮᠦᠰ ᠢᠶᠠᠨ ᠰᠠᠨᠠᠭᠠᠰᠢᠷᠠᠵᠤ ᠪᠠᠶᠢᠭ᠎ᠠ ᠰᠡᠳᠬᠢᠯᠭᠡ ᠶᠢ ᠨᠢ ᠬᠥᠳᠡᠯᠦᠩᠭᠦᠢ ᠪᠠᠷ ᠬᠤᠷᠢᠭᠤᠯ ᠤᠨ ᠭᠠᠵᠠᠷ ᠤᠨ ᠨᠠᠮ ᠤᠨ ᠡᠭᠦᠷ ᠤᠨ ᠬᠡᠰᠢᠭᠦᠳ ᠭᠡᠷ ᠲᠤ ᠨᠢ ᠬᠦᠷᠴᠦ ᠲᠡᠳᠡᠨ ᠤ ᠭᠡᠷ ᠤᠨ ᠬᠥᠮᠦᠰ ᠢ ᠲᠣᠬᠤᠨᠢᠭᠤᠯᠤᠭᠰᠠᠨ ᠪᠥᠭᠡᠳ ᠲᠡᠳᠡᠨ ᠳᠤ ᠬᠤᠷᠢᠭᠳᠠᠵᠤ ᠪᠠᠶᠢᠭ᠎ᠠ ᠬᠥᠮᠦᠰ ᠤᠨ ᠥᠭᠡᠷᠡᠴᠢᠯᠡᠯᠲᠡ ᠶᠢᠨ ᠢᠯᠡᠷᠡᠯ ᠵᠢᠴᠢ ᠪᠡᠶ᠎ᠡ ᠮᠠᠬᠠᠪᠣᠳ ᠤᠨ ᠪᠠᠶᠢᠳᠠᠯ ᠢ ᠳᠠᠮᠵᠢᠭᠤᠯᠵᠤ᠂ ᠭᠡᠷ ᠪᠦᠯᠢ ᠶᠢᠨ ᠰᠤᠷᠪᠤᠯᠵᠢᠯᠠᠯᠲᠠ ᠪᠠᠷ ᠳᠠᠮᠵᠢᠨ ᠬᠤᠷᠢᠭᠳᠠᠵᠤ ᠪᠠᠶᠢᠭ᠎ᠠ ᠬᠥᠮᠦᠰ ᠤᠨ ᠭᠡᠷ ᠤᠨ ᠬᠥᠮᠦᠰ ᠨᠢ ᠴᠦ ᠳᠡᠲᠡᠨᠡᠷ ᠤᠨ ᠲᠥᠯᠦᠭᠡ ᠵᠣᠪᠠᠵᠤ ᠵᠦᠳᠡᠵᠦ ᠪᠠᠶᠢᠭ᠎ᠠ ᠦᠨᠡᠨ ᠪᠠᠶᠢᠳᠠᠯ ᠢ ᠤᠯᠠᠮ ᠨᠢᠭᠡ ᠠᠯᠬᠤᠮ ᠣᠶᠢᠯᠠᠭᠠᠵᠤ᠂ ᠲᠡᠳᠡᠨ ᠤ ᠭᠡᠷ ᠪᠦᠯᠢ ᠶᠢᠨ ᠬᠢᠨ ᠳᠤ ᠰᠡᠳᠬᠢᠯ ᠤᠨ ᠲᠠᠯ᠎ᠠ ᠪᠠᠷ ᠬᠥᠲᠥᠯᠥᠨ ᠵᠢᠯᠣᠭᠤᠳᠬᠤ ᠠᠵᠢᠯ ᠬᠢᠵᠦ᠂ ᠠᠮᠢᠳᠤᠷᠠᠯ ᠳᠤ ᠪᠠᠨ ᠵᠦᠪ ᠬᠠᠨᠳᠤᠬᠤ ᠤᠷᠮ᠎ᠠ ᠰᠡᠳᠭᠢᠯᠭᠡ ᠶᠢ ᠶᠡᠬᠡᠪᠡᠷ ᠬᠦᠭᠵᠢᠭᠡᠪᠡ᠃    ᠭᠡᠷ ᠪᠦᠯᠢ ᠶᠢᠨ ᠰᠤᠷᠪᠤᠯᠵᠢᠯᠠᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠡᠭᠦᠷᠭᠡ ᠲᠤᠰᠢᠶᠠᠯ ᠢᠶᠠᠨ ᠦᠨᠡᠨᠴᠢ ᠪᠠᠷ ᠭᠦᠢᠴᠡᠳᠬᠡᠬᠦ᠂ ᠨᠠᠷᠢᠨ ᠬᠢᠨᠠᠮᠠᠭᠠᠶ ᠪᠠᠶᠢᠬᠤ᠂ ᠬᠠᠷᠢᠭᠤᠴᠠᠬᠤ᠂ ᠠᠷᠢᠭᠤᠨ ᠴᠢᠬᠡᠴᠢ ᠠᠵᠢᠯ ᠤᠨ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠪᠦᠲᠦᠮᠵᠢᠲᠡᠶ ᠬᠥᠭᠵᠢᠭᠡᠵᠦ᠂ ᠨᠠᠮ ᠤᠨ ᠪᠠᠶᠢᠭᠤᠯᠤᠯᠲᠠ ᠶᠢᠨ ᠠᠵᠢᠯ ᠬᠢᠭᠡᠳ ᠬᠢᠨᠠᠨ ᠬᠠᠮᠢᠶᠠᠷᠬᠤ ᠠᠵᠢᠯ ᠤᠨ ᠬᠥᠭᠵᠢᠯᠲᠡ ᠶᠢ ᠵᠡᠷᠭᠡᠪᠡᠷ ᠠᠬᠢᠭᠤᠯᠬᠤ ᠶᠢ ᠪᠡᠶᠡᠯᠡᠭᠦᠯᠪᠡ᠃ ︵ᠰᠦᠨᠢᠳ ᠵᠡᠭᠦᠨ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠣᠲᠤᠪᠢᠯᠢᠭ᠌ ᠮᠡᠳᠡᠭᠡᠯᠡᠪᠡ︶ 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ