ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠠᠵᠢᠯ ᠤᠨ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ ᠶᠢᠨ ᠲᠡᠷᠢᠭᠦᠨ ᠤ ᠬᠤᠪᠢ ᠬᠥᠮᠥᠨ ᠢ ᠬᠥᠬᠢᠭᠦᠯᠦᠨ ᠰᠠᠶᠢᠰᠢᠶᠠᠪᠠ
ᠨᠡᠶᠢᠲᠡᠯᠡᠭᠰᠡᠨ ᠴᠠᠭ᠄
2023/11/13
     ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠠᠵᠢᠯ ᠤᠨ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ ᠶᠢᠨ ᠬᠤᠭᠤᠴᠠᠭᠠᠨ ᠳᠤ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠰᠢᠯᠢ ᠶᠢᠨ ᠭᠤᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠠᠮᠤᠭ ᠤᠨ ᠥᠨᠳᠥᠷ ᠪᠠᠷᠢᠮᠵᠢᠶ᠎ᠠ᠂ ᠬᠠᠮᠤᠭ ᠤᠨ ᠴᠢᠩᠭ᠎ᠠ ᠠᠷᠭ᠎ᠠ ᠬᠡᠮᠵᠢᠶ᠎ᠡ᠂ ᠬᠠᠮᠤᠭ ᠤᠨ ᠴᠢᠩᠭ᠎ᠠ ᠡᠷᠴᠢᠮ᠂ ᠬᠠᠮᠤᠭ ᠤᠨ ᠪᠣᠳᠠᠲᠠᠢ ᠣᠪᠣᠷ ᠰᠤᠷᠲᠠᠯ ᠢᠶᠠᠷ ᠬᠦᠴᠦᠯᠡᠨ ᠪᠠᠶᠢᠯᠳᠤᠵᠤ᠂ ᠴᠣᠬᠢᠯᠲᠠ ᠥᠭᠬᠦ ᠰᠡᠷᠭᠡᠶᠢᠯᠡᠬᠦ ᠬᠠᠮᠢᠶᠠᠷᠬᠤ ᠡᠵᠡᠮᠳᠡᠬᠦ ᠤᠬᠠᠭᠤᠯᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠭᠦᠨᠵᠡᠭᠡᠢ ᠨᠠᠶᠢᠳᠠᠪᠤᠷᠢᠵᠢᠭᠤᠯᠤᠨ᠂ ᠬᠦᠴᠦᠷᠬᠡᠭ ᠶᠡᠭᠡ ᠰᠦᠷ ᠬᠦᠴᠦᠨ ᠢᠶᠠᠷ ᠶᠠᠯᠠᠲᠤ ᠠᠵᠢᠯᠯᠠᠭ᠎ᠠ ᠶᠢ ᠰᠦᠷᠳᠡᠭᠦᠯᠦᠨ᠂ ᠨᠠᠷᠢᠨ ᠨᠢᠮᠪᠠᠢ ᠲᠣᠭᠤᠷᠢᠨ ᠪᠠᠶᠢᠴᠠᠭᠠᠬᠤ ᠪᠠᠷ ᠬᠡᠮ ᠰᠣᠭᠤᠭ ᠢ ᠠᠷᠢᠯᠭᠠᠵᠤ᠂ ᠨᠡᠶᠢᠭᠡᠮ ᠤᠨ ᠠᠮᠤᠷ ᠲᠦᠪᠰᠢᠨ ᠤ ᠶᠡᠭᠡ ᠲᠠᠯ᠎ᠠ ᠶᠢᠨ ᠠᠮᠤᠷ ᠲᠦᠪᠰᠢᠨ ᠲᠣᠭᠲᠠᠭᠤᠨ ᠢ ᠪᠠᠲᠤᠯᠠᠵᠤ᠂ ᠬᠠᠷᠢᠶᠠᠲᠤ ᠣᠷᠣᠨ ᠤ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠦᠷᠭᠦᠯᠵᠢᠯᠡᠨ ᠳᠡᠭᠡᠭᠰᠢᠯᠡᠭᠦᠯᠪᠡ᠃
c3baf07a38d94674af8e331a903bd56.jpg
     ᠡᠨᠡ ᠬᠤᠭᠤᠴᠠᠭᠠᠨ ᠳᠤ᠂ ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠠᠵᠢᠯ ᠤᠨ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ ᠶᠢᠨ ᠠᠮᠵᠢᠯᠲᠠ ᠪᠦᠲᠦᠮᠵᠢ ᠪᠠᠷ ᠲᠣᠪᠣᠶᠢᠮ᠎ᠠ ᠲᠡᠷᠢᠭᠦᠨ ᠤ ᠬᠤᠪᠢ ᠬᠦᠮᠦᠨ ᠢ ᠬᠦᠬᠢᠬᠦᠯᠦᠨ ᠰᠠᠶᠢᠰᠢᠶᠠᠪᠠ᠃   
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠤᠪᠴᠢᠶ᠎ᠠ