ᠠᠷᠠᠳ ᠲᠦᠮᠡᠨ ᠳᠤ ᠦᠢᠯᠡᠴᠢᠯᠡᠬᠦ ᠦᠵᠡᠯ ᠰᠠᠨᠠᠭ᠎ᠠ ᠲᠠᠨᠢᠯᠲᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠬᠠᠷᠢᠶ᠎ᠠ ᠣᠷᠣᠨ ᠤ ᠲᠣᠭᠲᠠᠭᠤᠨ ᠪᠠᠶᠢᠳᠠᠯ ᠢ | ᠪᠠᠲᠤᠯᠠᠬᠤ ᠶᠢᠨ ᠲᠥᠯᠥᠭᠡ᠂ ᠰᠢᠯᠢ ᠶᠢᠨ ᠭᠤᠣᠯ ᠠᠶᠢᠮᠠᠭ ᠤᠨ ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠦ ᠶᠢᠨ ᠬᠡᠷᠡᠭ ᠢ | ᠲᠤᠷᠰᠢᠨ ᠪᠠᠶᠢᠴᠠᠭᠠᠬᠤ ᠶᠡᠭᠡ ᠠᠩᠭᠢ ᠶᠢᠨ ᠬᠢᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠳᠤ ᠴᠢᠩᠭ᠎ᠠ ᠴᠣᠬᠢᠯᠲᠠ ᠥᠭᠬᠦ ᠶᠢ ᠢᠮᠠᠭᠲᠠ ᠪᠠᠷᠢᠮᠲᠠᠯᠠᠵᠤ᠂ | ᠠᠷᠠᠳ ᠤᠯᠠᠨ ᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠣᠨ ᠠᠰᠢᠭ ᠲᠤᠰᠠ ᠶᠢ ᠬᠠᠮᠠᠭᠠᠯᠠᠬᠤ ᠪᠠᠷ ᠬᠠᠷᠠᠯᠲᠠ ᠪᠣᠯᠭᠠᠵᠤ᠂ ᠬᠦᠴᠦᠨ ᠢᠶᠠᠨ ᠲᠥᠪᠯᠡᠷᠡᠭᠦᠯᠦᠨ | ᠬᠡᠷᠡᠭ ᠢ ᠢᠯᠡᠷᠡᠭᠦᠯᠵᠦ᠂ ᠪᠤᠵᠠᠷ ᠡᠳ᠋ ᠢ ᠨᠡᠬᠡᠮᠵᠢᠯᠡᠬᠦ ᠪᠠᠷ ᠬᠦᠴᠦᠯᠡᠨ ᠴᠢᠷᠮᠠᠶᠢᠪᠠ᠃ ᠣᠶᠢᠷ᠎ᠠ ᠳᠤ᠂ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ | ᠬᠤᠬᠢᠷᠠᠯ ᠠᠮᠰᠠᠭᠴᠢ ᠶᠢᠨ ᠮᠡᠬᠡᠯᠡᠭᠳᠡᠭᠰᠡᠨ 3 ᠲᠦᠮᠡᠨ ᠲᠥᠭᠦᠷᠢᠭ ᠭᠠᠷᠤᠢ ᠲᠥᠭᠦᠷᠢᠭ ᠢ ᠠᠮᠵᠢᠯᠲᠠᠲᠠᠢ ᠨᠡᠬᠡᠮᠵᠢᠯᠡᠨ ᠠᠪᠴᠢᠷᠠᠵᠤ᠂ ᠪᠣᠳᠠᠲᠤ ᠠᠵᠢᠯᠯᠠᠭ᠎ᠠ ᠪᠠᠷ ᠢᠶᠠᠨ | ᠠᠷᠠᠳ ᠣᠯᠠᠨ ᠤ ᠮᠠᠭᠲᠠᠭᠠᠯ ᠰᠠᠶᠢᠰᠢᠶᠠᠯ ᠢ ᠣᠯᠪᠠ᠃ | 2023 ᠣᠨ ᠤ 9 ᠰᠠᠷ᠎ᠠ ᠶᠢᠨ 20 ᠤ ᠡᠳᠦᠷ ᠤᠨ 15 ᠴᠠᠭ ᠲᠤ᠂ ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠦ ᠶᠢᠨ | ᠬᠡᠷᠡᠭ ᠤᠨ ᠲᠤᠷᠰᠢᠨ ᠪᠠᠶᠢᠴᠠᠭᠠᠬᠤ ᠶᠡᠭᠡ ᠠᠩᠭᠢ ᠳᠤ ᠬᠡᠷᠡᠭ ᠮᠡᠳᠡᠭᠦᠯᠦᠭᠡᠳ ᠭᠠᠷ ᠤᠲᠠᠰᠤ ᠪᠠᠷ ᠢᠶᠠᠨ APP ᠵᠥᠭᠡᠯᠡᠨ ᠲᠣᠨᠤᠭ ᠪᠠᠭᠤᠯᠭᠠᠵᠤ᠂ ᠠᠰᠢᠭ ᠣᠯᠭᠤᠬᠤ | ᠡᠭᠦᠷᠭᠡ ᠬᠦᠢᠴᠡᠳᠬᠡᠵᠦ᠂ ᠦᠢᠯᠡᠴᠢᠯᠡᠭᠴᠢ ᠨᠢ ᠮᠥᠩᠭᠦ ᠭᠠᠷᠭᠠᠬᠤ ᠠᠵᠢᠯᠯᠠᠭ᠎ᠠ ᠪᠤᠷᠤᠭᠤ ᠭᠠᠷᠴᠤ᠂ ᠭᠠᠷᠭᠠᠨ ᠠᠪᠬᠤ ᠳᠤ ᠪᠠᠲᠤᠯᠠᠭ᠎ᠠ ᠶᠢᠨ ᠮᠥᠩᠭᠦ ᠲᠤᠰᠢᠶᠠᠬᠤ | ᠬᠡᠷᠡᠭᠲᠡᠢ ᠭᠡᠳᠡᠭ ᠢᠶᠠᠷ ᠰᠢᠯᠲᠠᠭᠠᠨ ᠪᠣᠯᠭᠠᠵᠤ ᠢ ᠣᠪᠣᠭᠲᠤ ᠶᠢ ᠵᠢᠭᠠᠨ ᠲᠣᠭᠲᠠᠭᠠᠭᠰᠠᠨ ᠲᠠᠩᠰᠠᠨ ᠡᠷᠦᠬᠡ ᠳᠤ ᠲᠠᠩᠰᠠ ᠰᠢᠯᠵᠢᠭᠦᠯᠬᠦ ᠪᠠᠷ ᠱᠠᠭᠠᠷᠳᠠᠪᠠ᠂ ᠢ ᠣᠪᠣᠭᠲᠤ | ᠦᠢᠯᠡᠴᠢᠯᠡᠭᠴᠢ ᠶᠢᠨ ᠱᠠᠭᠠᠷᠳᠠᠯᠭ᠎ᠠ ᠶᠣᠰᠣᠭᠠᠷ ᠡᠮᠦᠨ᠎ᠡ ᠬᠤᠶᠢᠨ᠎ᠠ 6 ᠤᠳᠠᠭ᠎ᠠ ᠲᠠᠩᠰᠠ ᠰᠢᠯᠵᠢᠭᠦᠯᠦᠭᠰᠡᠨ ᠤ ᠳᠠᠷᠠᠭ᠎ᠠ ᠮᠡᠬᠡᠯᠡᠭᠳᠡᠭᠰᠡᠨ ᠢᠶᠠᠨ ᠮᠡᠳᠡᠪᠡ ᠭᠡᠵᠡᠢ᠃ | ᠬᠡᠷᠡᠭ ᠤᠨ ᠮᠡᠳᠡᠭᠦᠯᠦᠯᠲᠡ ᠶᠢ ᠬᠦᠯᠢᠶᠡᠨ ᠠᠪᠤᠭᠰᠠᠨ ᠤ ᠳᠠᠷᠠᠭ᠎ᠠ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ ᠦᠳᠲᠡᠷ ᠲᠦᠷᠭᠡᠨ ᠢᠶᠠᠷ | ᠳᠡᠩᠨᠡᠨ ᠢᠯᠡᠷᠡᠭᠦᠯᠬᠦ ᠠᠵᠢᠯ ᠢ ᠥᠷᠨᠢᠭᠦᠯᠵᠦ᠂ ᠣᠷᠴᠢᠮᠬᠠᠨ ᠳᠤ ᠶᠠᠯ᠎ᠠ ᠬᠢᠭᠰᠡᠨ ᠰᠡᠵᠢᠭᠲᠡᠨ ᠸᠠᠩ ᠣᠪᠣᠭᠲᠤ ᠶᠢ ᠠᠮᠵᠢᠯᠲᠠ ᠲᠠᠢ ᠪᠠᠷ ᠪᠠᠷᠢᠪᠴᠢᠯᠠᠵᠠᠢ᠃ ᠸᠠᠩ | ᠣᠪᠣᠭᠲᠤ ᠬᠢᠭᠰᠡᠨ ᠶᠠᠯ᠎ᠠ ᠪᠠᠨ ᠥᠴᠢᠭᠯᠡᠨ ᠮᠡᠳᠡᠷᠡᠵᠦ ᠰᠢᠢᠳᠬᠡᠯ ᠢ ᠬᠦᠯᠢᠶᠡᠭᠰᠡᠨ ᠪᠥᠭᠡᠳ ᠬᠤᠬᠢᠷᠠᠯ ᠠᠮᠰᠠᠭᠴᠢ ᠢ ᠣᠪᠣᠭᠲᠤ ᠶᠢᠨ ᠮᠡᠬᠡᠯᠡᠭᠳᠡᠭᠰᠡᠨ 3 ᠲᠦᠮᠡ | ᠭᠠᠷᠤᠢ ᠲᠥᠭᠦᠷᠢᠭ ᠢ ᠪᠤᠴᠠᠭᠠᠪᠠ᠂ ᠢ ᠣᠪᠣᠭᠲᠤ ᠠᠷᠠᠳ ᠤᠨ ᠴᠠᠭᠳᠠᠭ᠎ᠠ ᠶᠢᠨ ᠬᠡᠷᠡᠭ ᠢ ᠲᠦᠷᠭᠡᠨ ᠢᠯᠡᠷᠡᠭᠦᠯᠵᠦ᠂ ᠬᠤᠬᠢᠷᠠᠯ ᠢ ᠨᠢ ᠡᠭᠡᠭᠦᠯᠵᠦ ᠠᠪᠴᠢᠷᠠᠭᠰᠠᠨ ᠳᠤ | ᠲᠠᠯᠠᠷᠬᠠᠵᠤ ᠪᠠᠶᠢᠬᠤ ᠪᠠᠨ ᠢᠯᠡᠳᠬᠡᠵᠡᠢ᠃ | ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ ᠶᠢᠨ ᠬᠢᠨ ᠠᠷᠠᠳ | ᠲᠦᠮᠡᠨ ᠢ ᠲᠡᠷᠢᠭᠦᠨ ᠲᠠᠯᠪᠢᠬᠤ ᠶᠢ ᠢᠮᠠᠭᠲᠠ ᠪᠠᠷᠢᠮᠲᠠᠯᠠᠵᠤ᠂ ᠢᠳᠡᠪᠬᠢᠲᠡᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠴᠠᠬᠢᠯᠭᠠᠨ ᠬᠤᠯᠪᠣᠭ᠎ᠠ ᠰᠦᠯᠵᠢᠶᠡᠨ ᠤ | ᠮᠡᠬᠡᠯᠡᠯ ᠳᠤ ᠬᠦᠴᠦᠲᠡᠢ ᠴᠣᠬᠢᠯᠲᠠ ᠥᠭᠴᠦ᠂ ᠦᠨᠡᠨ ᠰᠡᠳᠬᠢᠯ ᠠᠴᠠ ᠪᠠᠨ ᠮᠡᠬᠡᠯᠡᠯ ᠢ ᠡᠰᠡᠷᠭᠦᠴᠡᠬᠦ ᠪᠣᠭᠤᠮᠲᠠ ᠰᠢᠪᠲᠤᠯᠬᠤ ᠠᠵᠢᠯ ᠢ ᠰᠠᠶᠢᠲᠤᠷ ᠬᠢᠵᠦ᠂ ᠪᠦᠬᠦ | ᠠᠷᠠᠳ ᠤᠨ ᠮᠡᠬᠡᠯᠡᠯ ᠢ ᠡᠰᠡᠷᠭᠦᠴᠡᠬᠦ ᠬᠤᠷᠢᠭᠯᠠᠨ ᠴᠣᠬᠢᠬᠤ ᠳᠠᠶᠢᠯᠠᠯᠳᠤᠭᠠᠨ ᠤ ᠢᠯᠠᠯᠲᠠ ᠶᠢ ᠣᠯᠬᠤ ᠪᠠᠷ ᠴᠢᠷᠮᠠᠶᠢᠨ᠎ᠠ᠃ |