1995 ᠣᠨ ᠤ 2 ᠰᠠᠷ᠎ᠠ ᠶᠢᠨ 28 ᠤ ᠡᠳᠦᠷ ᠨᠠᠢᠮᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠠᠷᠪᠠᠨ ᠬᠤᠶᠠᠳᠤᠭᠠᠷ ᠬᠤᠷᠠᠯ ᠠᠴᠠ ᠪᠠᠲᠤᠯᠠᠪᠠ᠃ | 2012 ᠣᠨ ᠤ 10 ᠰᠠᠷ᠎ᠠ ᠶᠢᠨ 26 ᠤ ᠡᠳᠦᠷ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢ ᠶᠢᠰᠦᠳᠦᠭᠡᠷ ᠬᠤᠷᠠᠯᠳᠤᠭᠠᠨ ᠤ ︽︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ | ᠴᠠᠭᠳᠠᠭ᠎ᠠ ᠶᠢᠨ ᠬᠠᠤᠯᠢ﹀ ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ︾ ᠢ ᠦᠨᠳᠦᠰᠦᠯᠡᠨ ᠵᠠᠰᠠᠪᠤᠷᠢ ᠣᠷᠤᠭᠤᠯᠪᠠ ︵ᠲᠡᠷᠢᠭᠦᠯᠡᠭᠴᠢ ᠶᠢᠨ ᠵᠠᠷᠯᠢᠭ 69 ᠳ᠋ᠤᠭᠡᠷ | ᠲᠣᠭᠠᠲᠤ︶ | | ᠳᠥᠷᠪᠡᠳᠦᠭᠡᠷ ᠪᠦᠯᠦᠭ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ | | ᠬᠤᠷᠢᠨ ᠳᠥᠷᠪᠡᠳᠦᠭᠡᠷ ᠵᠦᠢᠯ ᠤᠯᠤᠰ ᠠᠴᠠ ᠠᠷᠠᠳ ᠤᠨ ᠴᠠᠭᠳᠠᠭᠠᠨ ᠤ ᠠᠵᠢᠯ ᠤᠨ ᠰᠢᠨᠵᠢ ᠴᠢᠨᠠᠷ᠂ ᠡᠭᠦᠷᠭᠡ ᠪᠠ ᠣᠨᠴᠠᠯᠢᠭ ᠢ ᠦᠨᠳᠦᠰᠦᠯᠡᠵᠦ᠂ | ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠪᠠ ᠲᠤᠰᠢᠶᠠᠯ ᠤᠨ ᠳᠠᠷᠠᠭᠠᠯᠠᠯ ᠢ ᠲᠣᠭᠲᠠᠭᠠᠨ᠎ᠠ᠃ | ᠬᠤᠷᠢᠨ ᠲᠠᠪᠤᠳᠤᠭᠠᠷ ᠵᠦᠢᠯ ᠠᠷᠠᠳ ᠤᠨ ᠴᠠᠭᠳᠠᠭ᠎ᠠ ᠳᠤ ᠴᠠᠭᠳᠠᠭ᠎ᠠ ᠶᠢᠨ ᠴᠣᠯᠠ ᠶᠢᠨ ᠳᠦᠷᠢᠮ ᠢ ᠬᠠᠤᠯᠢ ᠶᠣᠰᠣᠭᠠᠷ ᠬᠡᠷᠡᠭᠵᠢᠭᠦᠯᠦᠨ᠎ᠡ᠃ | ᠬᠤᠷᠢᠨ ᠵᠢᠷᠭᠤᠳᠤᠭᠠᠷ ᠵᠦᠢᠯ ᠠᠷᠠᠳ ᠤᠨ ᠴᠠᠭᠳᠠᠭ᠎ᠠ ᠶᠢᠨ ᠲᠤᠰᠢᠶᠠᠯ ᠢ ᠡᠭᠦᠷᠭᠡᠯᠡᠬᠦ ᠳᠤ ᠳᠣᠣᠷᠠᠬᠢ ᠨᠥᠬᠦᠴᠡᠯ ᠤᠳ ᠢ ᠪᠦᠷᠢᠯᠳᠦᠭᠦᠯᠬᠦ ᠬᠡᠷᠡᠭᠲᠡᠶ : | ︵ᠨᠢᠭᠡ︶ ᠪᠦᠬᠦᠯᠢ ᠠᠷᠪᠠᠨ ᠨᠠᠢᠮᠠᠨ ᠨᠠᠰᠤᠨ ᠳᠤ ᠬᠦᠷᠦᠭᠰᠡᠠ ᠠᠷᠠᠳ ᠲᠦᠮᠡᠨ︔ | ︵ᠬᠤᠶᠠᠷ︶ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠶᠢ ᠬᠦᠷᠢᠶᠡᠯᠡᠬᠦ︔ | ︵ᠭᠤᠷᠪᠠ︶ ᠰᠠᠶᠢᠨ ᠰᠠᠶᠢᠬᠠᠨ ᠤᠯᠤᠰ ᠲᠦᠷᠦ᠂ ᠲᠤᠬᠠᠶᠢᠯᠠᠭᠰᠠᠨ ᠠᠵᠢᠯ ᠤᠨ ᠬᠡᠪ ᠴᠢᠨᠠᠷ ᠪᠠ ᠰᠠᠶᠢᠨ ᠰᠠᠶᠢᠬᠠᠨ ᠵᠠᠩ ᠰᠤᠷᠲᠠᠯ ᠲᠠᠢ ᠪᠠᠶᠢᠬᠤ︔ | ︵ᠲᠦᠷᠪᠡ︶ ᠡᠷᠡᠭᠦᠯ ᠴᠢᠭᠢᠷᠠᠭ ᠪᠡᠶ᠎ᠡ ᠮᠠᠬᠠᠪᠣᠳ ᠲᠠᠢ ᠪᠠᠶᠢᠬᠤ︔ | ︵ᠲᠠᠪᠤ︶ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠨ ᠠᠴᠠ ᠳᠡᠭᠡᠭᠰᠢ ᠰᠣᠶᠣᠯ ᠤᠨ ᠬᠢᠷᠢ ᠬᠡᠮᠵᠢᠶ᠎ᠡ ᠲᠠᠢ ᠪᠠᠶᠢᠬᠤ︔ | ︵ᠵᠢᠷᠭᠤᠭ᠎ᠠ︶ ᠠᠷᠠᠳ ᠤᠨ ᠴᠠᠭᠳᠠᠭᠠᠨ ᠤ ᠠᠵᠢᠯ ᠢ ᠰᠡᠶᠢᠠ ᠳᠤᠷ᠎ᠠ ᠠᠴᠠ ᠪᠠᠨ ᠬᠢᠬᠦ᠃ | ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ ᠠᠷᠠᠳ ᠤᠨ ᠴᠠᠭᠳᠠᠭ᠎ᠠ ᠶᠢᠨ ᠲᠤᠰᠢᠶᠠᠯ ᠢ ᠡᠭᠦᠷᠭᠡᠯᠡᠵᠦ ᠪᠣᠯᠬᠤ ᠤᠢᠭᠡᠢ᠄ | ︵ᠨᠢᠭᠡ︶ ᠶᠠᠯ᠎ᠠ ᠬᠢᠭᠰᠡᠨ ᠠᠴᠠ ᠪᠤᠯᠵᠦ ᠡᠷᠡᠭᠦᠦ ᠶᠢᠨ ᠰᠢᠢᠳᠭᠡᠯ ᠣᠯᠵᠤ ᠥᠩᠭᠡᠷᠡᠭᠰᠡᠨ︔ | ︵ᠬᠤᠶᠠᠷ︶ ᠠᠯᠪᠠᠨ ᠲᠤᠰᠢᠶᠠᠯ ᠠᠴᠠ ᠪᠠᠨ ᠬᠥᠭᠡᠭᠡᠭᠳᠡᠵᠦ ᠥᠩᠭᠡᠷᠡᠭᠰᠡᠨ᠃ | ᠬᠤᠷᠢᠨ ᠳᠣᠯᠣᠳᠤᠭᠠᠷ ᠵᠦᠢᠯ ᠠᠷᠠᠳ ᠤᠨ ᠴᠠᠭᠳᠠᠭ᠎ᠠ ᠶᠢ ᠡᠯᠰᠡᠵᠦ ᠬᠡᠷᠡᠭᠯᠡᠬᠦ ᠳᠤ ᠪᠠᠨ ᠡᠷᠬᠡᠪᠰᠢ ᠤᠯᠤᠰ ᠤᠨ ᠲᠣᠭᠲᠠᠭᠠᠯ ᠶᠣᠰᠣᠭᠠᠷ ᠢᠯᠠ ᠪᠠᠷ ᠰᠢᠯᠭᠠᠵᠤ᠂ | ᠴᠢᠩᠭ᠎ᠠ ᠬᠢᠨᠠᠨ ᠰᠢᠯᠭᠠᠵᠤ᠂ ᠰᠢᠯᠢᠳᠡᠭ ᠢ ᠨᠢ ᠰᠢᠯᠢᠵᠦ ᠬᠡᠷᠡᠭᠯᠡᠬᠦ ᠬᠡᠷᠡᠭᠲᠡᠶ᠃ | ᠬᠤᠷᠢᠨ ᠨᠠᠢᠮᠠᠳᠤᠭᠠᠷ ᠵᠦᠢᠯ ᠠᠷᠠᠳ ᠤᠨ ᠴᠠᠭᠳᠠᠭᠠᠨ ᠤ ᠤᠳᠤᠷᠢᠳᠬᠤ ᠲᠤᠰᠢᠶᠠᠯ ᠢ ᠡᠭᠦᠷᠭᠡᠯᠡᠵᠦ ᠪᠠᠶᠢᠭ᠎ᠠ ᠬᠥᠮᠦᠰ ᠳᠣᠣᠷᠠᠬᠢ ᠨᠥᠬᠦᠴᠡᠯ ᠤᠳ ᠢ | ᠪᠦᠷᠢᠯᠳᠦᠭᠦᠯᠦᠭᠰᠡᠨ ᠪᠠᠶᠢᠬᠤ ᠬᠡᠷᠡᠭᠲᠡᠶ : | ︵ᠨᠢᠭᠡ︶ ᠬᠠᠤᠯᠢ ᠴᠠᠭᠠᠵᠠ ᠶᠢᠨ ᠲᠤᠰᠬᠠᠶ ᠮᠡᠷᠭᠡᠵᠢᠯ ᠤᠨ ᠮᠡᠳᠡᠯᠭᠡ ᠲᠠᠢ ᠪᠠᠶᠢᠬᠤ︔ | ︵ᠬᠤᠶᠠᠷ︶ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠤᠷᠰᠢᠯᠭ᠎ᠠ ᠲᠠᠢ ᠪᠥᠭᠡᠳ ᠵᠣᠬᠢᠬᠤ ᠬᠡᠮᠵᠢᠶᠡᠨ ᠤ ᠵᠣᠬᠢᠶᠠᠨ ᠪᠠᠶᠢᠭᠤᠯᠵᠤ ᠬᠠᠮᠢᠶᠠᠷᠬᠤ᠂ | ᠵᠢᠯᠣᠭᠤᠳᠬᠤ ᠴᠢᠳᠠᠪᠤᠷᠢ ᠲᠠᠢ ᠪᠠᠶᠢᠬᠤ︔ | ︵ᠭᠤᠷᠪᠠ︶ ᠶᠡᠭᠡ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠠᠩᠬᠢ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠪᠠᠶᠢᠬᠤ︔ | ︵ᠲᠦᠷᠪᠡ︶ ᠠᠷᠠᠳ ᠤᠨ ᠴᠠᠭᠳᠠᠭᠠᠨ ᠤ ᠶᠡᠭᠡ ᠳᠡᠭᠡᠳᠦ ᠰᠤᠷᠭᠠᠭᠤᠯᠢ ᠳᠤ ᠪᠣᠯᠪᠠᠰᠤᠷᠠᠯ ᠳᠤ ᠣᠷᠣᠯᠴᠠᠭᠠᠳ ᠰᠢᠯᠭᠠᠯᠲᠠ ᠳᠤ ᠬᠢᠷᠢ ᠲᠡᠩᠴᠡᠭᠰᠡᠨ᠃ | ᠬᠤᠷᠢ ᠶᠢᠰᠦᠳᠦᠭᠡᠷ ᠵᠦᠢᠯ ᠤᠯᠤᠰ ᠠᠴᠠ ᠠᠷᠠᠳ ᠤᠨ ᠴᠠᠭᠳᠠᠭᠠᠨ ᠤ ᠰᠤᠷᠭᠠᠨ ᠬᠥᠮᠦᠵᠢᠯ ᠤᠨ ᠦᠶᠢᠯᠡᠰ ᠢ ᠬᠥᠭᠵᠢᠭᠦᠯᠵᠦ᠂ ᠠᠷᠠᠳ ᠤᠨ ᠴᠠᠭᠳᠠᠭ᠎ᠠ ᠳᠤ | ᠲᠥᠯᠥᠪᠯᠡᠭᠡ ᠲᠠᠢ ᠪᠠᠷ ᠤᠯᠤᠰ ᠲᠥᠷᠥ ᠦᠵᠡᠯ ᠰᠠᠨᠠᠭ᠎ᠠ᠂ ᠬᠠᠤᠯᠢ ᠳᠦᠷᠢᠮ᠂ ᠴᠠᠭᠳᠠᠭᠠᠨ ᠤ ᠲᠤᠬᠠᠢᠯᠠᠭᠰᠠᠨ ᠠᠵᠢᠯ ᠵᠡᠷᠭᠡ ᠶᠢᠨ ᠬᠥᠮᠦᠵᠢᠯ ᠪᠣᠯᠪᠠᠰᠤᠷᠠᠯ ᠢ ᠬᠢᠨ᠎ᠡ᠃ | ᠭᠤᠴᠢᠳᠤᠭᠠᠷ ᠵᠦᠢᠯ ᠤᠯᠤᠰ ᠠᠴᠠ ᠠᠷᠠᠳ ᠤᠨ ᠴᠠᠭᠳᠠᠭᠠᠨ ᠤ ᠠᠵᠢᠯ ᠤᠨ ᠰᠢᠨᠵᠢ ᠴᠢᠨᠠᠷ᠂ ᠡᠭᠦᠷᠭᠡ ᠪᠠ ᠣᠨᠴᠠᠯᠢᠭ ᠢ ᠦᠨᠳᠦᠰᠦᠯᠡᠵᠦ᠂ ᠠᠳᠠᠯᠢ ᠪᠤᠰᠤ | ᠠᠵᠢᠯ ᠤᠨ ᠪᠠᠶᠢᠷᠢ ᠳᠤ ᠦᠢᠯᠡᠴᠢᠯᠡᠬᠦ ᠵᠢᠯ ᠬᠤᠭᠤᠴᠠᠭ᠎ᠠ ᠪᠠ ᠠᠳᠠᠯᠢ ᠪᠤᠰᠤ ᠲᠤᠰᠢᠶᠠᠯ ᠤᠨ ᠲᠤᠰᠢᠶᠠᠯ ᠡᠭᠦᠷᠭᠡᠯᠡᠬᠦ ᠬᠠᠮᠤᠭ ᠤᠨ ᠶᠡᠭᠡ ᠨᠠᠰᠤ ᠶᠢ ᠲᠤᠰ ᠲᠤᠰ | ᠲᠣᠭᠲᠠᠭᠠᠨ᠎ᠠ᠃ | ᠭᠤᠴᠢᠨ ᠨᠢᠭᠡᠳᠦᠭᠡᠷ ᠵᠦᠢᠯ ᠠᠷᠠᠳ ᠤᠨ ᠴᠠᠭᠳᠠᠭᠠᠨ ᠤ ᠬᠤᠪᠢ ᠬᠥᠮᠦᠨ ᠪᠤᠶᠤ ᠬᠠᠮᠲᠤ ᠨᠡᠶᠢᠳᠡ ᠠᠵᠢᠯ ᠤᠨ ᠳᠤᠮᠳᠠ ᠪᠠᠨ ᠲᠤᠪᠤᠶᠢᠮ᠎ᠠ ᠢᠯᠡᠷᠡᠯ ᠲᠠᠢ | ᠪᠠᠶᠢᠵᠤ᠂ ᠢᠯᠡᠳᠲᠡ ᠠᠮᠵᠢᠯᠲᠠ ᠪᠦᠲᠦᠮᠵᠢ ᠭᠠᠷᠭᠠᠭᠰᠠᠨ ᠪᠠ ᠣᠨᠴᠠᠭᠠᠶ ᠬᠤᠪᠢ ᠨᠡᠮᠡᠷᠢ ᠦᠵᠡᠭᠦᠯᠦᠭᠰᠡᠨ ᠪᠠᠶᠢᠪᠠᠯ᠂ ᠬᠥᠬᠢᠭᠦᠯᠦᠨ ᠱᠠᠩᠨᠠᠨ᠎ᠠ᠃ ᠬᠥᠬᠢᠭᠦᠯᠦᠨ | ᠱᠠᠩᠨᠠᠬᠤ ᠳᠤ᠄ ᠬᠥᠬᠢᠭᠦᠯᠦᠨ ᠰᠠᠶᠢᠰᠢᠶᠠᠬᠤ᠂ ᠭᠤᠷᠪᠠᠳᠤᠭᠠᠷ ᠳᠡᠰ ᠤᠨ ᠭᠠᠪᠢᠶ᠎ᠠ᠂ ᠬᠤᠶᠠᠳᠤᠭᠠᠷ ᠳᠡᠰ ᠤᠨ ᠭᠠᠪᠢᠶ᠎ᠠ᠂ ᠨᠢᠭᠡᠳᠦᠭᠡᠷ ᠳᠡᠰ ᠤᠨ ᠭᠠᠪᠢᠶ᠎ᠠ᠂ ᠢᠷᠠᠭᠤ | ᠠᠯᠳᠠᠷ ᠤᠨ ᠴᠣᠯᠠ ᠣᠯᠭᠤᠬᠤ ᠭᠡᠵᠦ ᠬᠤᠪᠢᠶᠠᠨ᠎ᠠ᠃ | ᠬᠥᠬᠢᠭᠦᠯᠦᠨ ᠱᠠᠩᠨᠠᠭᠳᠠᠭᠰᠠᠨ ᠠᠷᠠᠳ ᠤᠨ ᠴᠠᠭᠳᠠᠭ᠎ᠠ ᠳᠤ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠠᠭᠳᠠᠭ᠎ᠠ ᠶᠢᠨ ᠴᠣᠯᠠ ᠶᠢ ᠨᠢ | ᠤᠷᠢᠳᠴᠢᠯᠠᠨ ᠳᠡᠪᠰᠢᠭᠦᠯᠵᠦ ᠪᠣᠯᠬᠤ ᠪᠥᠭᠡᠳ ᠵᠣᠬᠢᠬᠤ ᠡᠳ᠋ ᠪᠣᠳᠠᠰ ᠤᠨ ᠱᠠᠩᠨᠠᠯ ᠣᠯᠭᠤᠨ᠎ᠠ᠃ | |