ᠵᠠᠮ ᠬᠠᠷᠢᠯᠴᠠᠭᠠᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ᠪᠠ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠰᠢᠯᠢ ᠶᠢᠨ ᠭᠤᠣᠯ ᠠᠶᠢᠮᠠᠭ ᠤᠨ ᠠᠪᠠᠭ᠎ᠠ | ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠨᠠᠮ ᠤᠨ ᠪᠠᠶᠢᠭᠤᠯᠤᠯᠲᠠ ᠶᠢ ᠠᠳᠬᠤᠬᠤ᠂ ᠬᠡᠪ ᠴᠢᠨᠠᠷ ᠢ ᠴᠢᠩᠭᠠᠳᠬᠠᠬᠤ᠂ ᠰᠤᠷᠲᠠᠯ ᠢ ᠴᠡᠭᠴᠡᠯᠡᠬᠦ᠂ | ᠳᠦᠷᠢ ᠲᠥᠷᠬᠦ ᠶᠢ ᠪᠣᠶ ᠪᠣᠯᠭᠠᠬᠤ︾ ᠲᠤᠰᠬᠠᠶ ᠠᠵᠢᠯᠯᠠᠭ᠎ᠠ ᠶᠢᠨ ᠲᠥᠰᠦᠯ ᠤᠨ ᠱᠠᠭᠠᠷᠳᠠᠯᠭ᠎ᠠ ᠶᠢ ᠨᠠᠷᠢᠯᠢᠬᠵᠢᠭᠤᠯᠵᠤ᠂ ᠵᠠᠮ ᠬᠠᠷᠢᠯᠴᠠᠭᠠᠨ ᠤ ᠠᠳᠡᠯ ᠢ | ᠤᠷᠢᠳᠴᠢᠯᠠᠨ ᠰᠡᠷᠭᠡᠶᠢᠯᠡᠬᠦ ︽ᠬᠡᠮᠵᠢᠶ᠎ᠡ ᠶᠢ ᠪᠠᠭᠠᠰᠬᠠᠨ ᠶᠡᠭᠡ ᠶᠢ ᠡᠵᠡᠮᠳᠡᠬᠦ︾ ᠠᠵᠢᠯ ᠢ ᠭᠦᠨᠵᠡᠭᠡᠶ ᠠᠬᠢᠭᠤᠯᠵᠤ᠂ ︽ᠵᠠᠮ ᠤᠨ ᠳᠠᠷᠤᠭ᠎ᠠ ᠶᠢᠨ ᠲᠦᠷᠢᠮ︾ ᠤᠨ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠰᠢᠨ᠎ᠡ ᠵᠠᠭᠪᠤᠷ ᠢ ᠡᠬᠢᠯᠡᠭᠦᠯᠪᠡ᠃ ᠡᠯ᠎ᠡ ᠲᠥᠷᠥᠯ ᠤᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ | ᠪᠠ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠦᠭᠰᠢᠭᠦᠷᠢ ᠶᠢᠨ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠵᠠᠰᠠᠵᠤ᠂ ᠬᠠᠷᠢᠶ᠎ᠠ | ᠣᠷᠣᠨ ᠤ ᠵᠠᠮ ᠬᠠᠷᠢᠯᠴᠠᠭᠠᠨ ᠤ ᠡᠮᠬᠢ ᠳᠢᠭᠯᠢᠮ᠂ ᠠᠮᠤᠷ ᠲᠦᠪᠰᠢᠨ᠂ ᠰᠠᠭᠠᠳ ᠥᠬᠡᠶ ᠨᠡᠪᠲᠡᠷᠡᠬᠦ ᠶᠢ ᠪᠥᠬᠦ ᠬᠦᠴᠦᠨ ᠢᠶᠠᠷ ᠢᠶᠠᠨ ᠬᠠᠮᠠᠭᠠᠯᠠᠵᠤ᠂ ᠬᠠᠷᠢᠶ᠎ᠠ ᠣᠷᠣᠨ ᠤ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢᠨ ᠶᠠᠰᠤ ᠴᠢᠨᠠᠷ ᠢ ᠳᠡᠭᠡᠭᠰᠢᠯᠡᠭᠦᠯᠪᠡ᠃ | | | | ︽ᠵᠠᠮ ᠤᠨ ᠳᠠᠷᠤᠭ᠎ᠠ ᠶᠢᠨ ᠳᠦᠷᠢᠮ︾ ᠤᠨ ᠰᠢᠨ᠎ᠡ ᠵᠠᠭᠪᠤᠷ ᠢ ᠬᠡᠷᠡᠭᠵᠢᠭᠦᠯᠦᠭᠰᠡᠨ ᠠᠴᠠ ᠨᠠᠭᠠᠰᠢ᠂ ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ︽ᠨᠠᠮ ᠤᠨ ᠪᠠᠶᠢᠭᠤᠯᠤᠯᠲᠠ ᠶᠢ ᠠᠳᠬᠤᠬᠤ᠂ ᠬᠡᠪ ᠴᠢᠨᠠᠷ ᠢ ᠴᠢᠩᠭᠠᠳᠬᠠᠬᠤ᠂ ᠰᠤᠷᠲᠠᠯ ᠢ ᠴᠡᠭᠴᠡᠯᠡᠬᠦ᠂ ᠳᠦᠷᠢ ᠲᠥᠷᠬᠦ ᠶᠢ ᠪᠣᠶ ᠪᠣᠯᠭᠠᠬᠤ︾ ᠲᠤᠰᠬᠠᠶ | ᠠᠵᠢᠯᠯᠠᠭ᠎ᠠ ᠲᠠᠢ ᠤᠶᠠᠯᠳᠤᠭᠤᠯᠤᠨ᠂ ᠵᠠᠮ ᠤᠨ ᠳᠠᠷᠤᠭ᠎ᠠ ᠶᠢᠨ ︽ᠵᠠᠮ ᠳᠡᠭᠡᠷ᠎ᠡ ᠲᠣᠭᠤᠷᠢᠨ ᠴᠠᠭᠳᠠᠬᠤ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠵᠠᠮ | ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ᠂ ᠠᠳᠡᠯ ᠬᠡᠷᠡᠭ ᠢ ᠪᠠᠭᠠᠰᠬᠠᠬᠤ᠂ ᠠᠪᠤᠷᠠᠨ ᠲᠤᠰᠠᠯᠠᠬᠤ | ᠦᠢᠯᠡᠴᠢᠯᠡᠭᠡ ᠬᠠᠩᠭᠠᠬᠤ︾ ᠲᠠᠪᠤᠨ ᠶᠡᠭᠡ ᠡᠭᠦᠷᠭᠡ ᠬᠠᠷᠢᠭᠤᠴᠠᠯᠭ᠎ᠠ ᠶᠢ ᠪᠥᠬᠦ ᠬᠦᠴᠦᠨ ᠢᠶᠠᠷ ᠢᠶᠠᠨ ᠪᠣᠳᠠᠲᠠᠶᠢᠵᠢᠭᠤᠯᠵᠤ᠂ ᠲᠣᠭᠤᠷᠢᠨ ᠴᠠᠭᠳᠠᠬᠤ ᠵᠠᠮ ᠤᠨ ᠵᠠᠶ ᠶᠢ | 55000 ᠭᠠᠷᠤᠶ ᠺᠢᠯᠣᠮᠧᠲᠷ ᠲᠤ ᠬᠦᠷᠦᠭᠦᠯᠵᠦ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ 7000 ᠭᠠᠷᠤᠶ ᠴᠡᠭᠴᠡᠯᠡᠨ | ᠵᠠᠰᠠᠵᠤ᠂ ᠵᠠᠮ ᠬᠠᠷᠢᠯᠴᠠᠭᠠᠨ ᠤ ᠡᠯ᠎ᠡ ᠲᠥᠷᠥᠯ ᠤᠨ ᠳᠠᠯᠳᠠ ᠬᠡᠮ ᠢ 10 ᠠᠷᠢᠯᠭᠠᠵᠤ᠂ ᠬᠦᠴᠢᠷᠳᠡᠯ ᠳᠤ ᠲᠤᠯᠭᠠᠷᠠᠭᠰᠠᠨ 17 ᠬᠥᠮᠥᠨ᠂ 9 ᠮᠠᠰᠢᠨ ᠲᠡᠷᠭᠡ ᠶᠢ | ᠬᠠᠪᠰᠤᠷᠤᠨ ᠠᠪᠤᠷᠠᠨ ᠲᠤᠰᠠᠯᠠᠵᠤ᠂ ᠵᠠᠮ ᠳᠡᠭᠡᠷᠡᠬᠢ ᠵᠠᠮ ᠬᠠᠷᠢᠯᠴᠠᠭᠠᠨ ᠤ ᠡᠮᠬᠢ ᠳᠢᠭᠯᠢᠮ ᠪᠠ ᠵᠠᠮ ᠬᠠᠷᠢᠯᠴᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠪᠠ᠃ | | | | ᠲᠠᠷᠠᠭᠠᠴᠢ ᠶᠢᠨ ᠠᠯᠬᠤᠮ ᠳᠤ᠂ ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠠᠳᠡᠯ ᠢ ᠰᠡᠷᠭᠡᠶᠢᠯᠡᠬᠦ᠂ ᠠᠮᠤᠷ ᠲᠦᠪᠰᠢᠨ ᠢ | ᠪᠠᠲᠤᠯᠠᠬᠤ᠂ ᠰᠠᠭᠠᠳ ᠥᠬᠡᠶ ᠨᠡᠪᠲᠡᠷᠡᠬᠦ ᠶᠢ ᠪᠠᠲᠤᠯᠠᠬᠤ︾ ᠶᠡᠷᠦᠩᠬᠡᠶ ᠬᠠᠷᠠᠯᠲᠠ ᠪᠠ ᠵᠠᠮ ᠬᠠᠷᠢᠯᠴᠠᠭᠠᠨ ᠤ ᠠᠳᠡᠯ ᠢ ᠰᠡᠷᠭᠡᠶᠢᠯᠡᠬᠦ ︽ᠬᠡᠮᠵᠢᠶ᠎ᠡ ᠶᠢ ᠪᠠᠭᠠᠰᠬᠠᠨ | ᠶᠡᠭᠡ ᠶᠢ ᠡᠵᠡᠮᠳᠡᠬᠦ︾ ᠠᠵᠢᠯ ᠤᠨ ᠶᠡᠷᠦᠩᠬᠡᠶ ᠪᠠᠶᠢᠷᠢᠯᠠᠭᠤᠯᠤᠯᠲᠠ ᠶᠢᠨ ᠲᠣᠭᠤᠷᠢᠨ ᠳᠤ᠂ ︽ᠵᠠᠮ ᠤᠨ ᠳᠠᠷᠤᠭ᠎ᠠ ᠶᠢᠨ ᠲᠦᠷᠢᠮ︾ ᠤᠨ ᠠᠵᠢᠯ ᠤᠨ ᠳᠠᠪᠠᠭᠤᠯᠢᠭ ᠢ | ᠭᠦᠢᠴᠡᠳ ᠪᠠᠳᠠᠷᠠᠭᠤᠯᠤᠨ᠂ ᠠᠵᠢᠯ ᠤᠨ ᠬᠠᠷᠠᠯᠲᠠ ᠪᠠᠨ ᠲᠣᠳᠣᠷᠬᠠᠶᠢᠯᠠᠵᠤ᠂ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠵᠠᠮ ᠤᠨ | ᠭᠠᠳᠠᠷᠭᠤ ᠳᠠᠬᠢ ᠰᠡᠷᠡᠮᠵᠢᠯᠡᠭᠦᠯᠬᠦ ᠨᠣᠷᠮ᠎ᠠ᠂ ᠠᠷᠠᠳ ᠤᠨ ᠴᠠᠭᠳᠠᠭ᠎ᠠ ᠶᠢᠨ ᠬᠡᠷᠡᠭ ᠬᠠᠮᠢᠶᠠᠷᠬᠤ ᠨᠣᠷᠮ᠎ᠠ ᠪᠠ ᠲᠤᠬᠠᠶ ᠶᠢᠨ ᠲᠠᠯᠠᠪᠤᠷ ᠲᠠᠬᠢ ᠭᠤᠤᠯᠳᠠᠯᠭ᠎ᠠ ᠲᠠᠢ | ᠬᠠᠤᠯᠢ ᠠᠴᠠ ᠵᠥᠷᠢᠴᠡᠭᠰᠡᠨ ᠢ ᠪᠠᠶᠢᠴᠠᠭᠠᠨ ᠰᠢᠢᠳᠪᠦᠷᠢᠯᠡᠬᠦ ᠨᠣᠷᠮ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠵᠠᠮ ᠬᠠᠷᠢᠯᠴᠠᠭᠠᠨ ᠤ ᠬᠠᠮᠢᠶᠠᠷᠤᠯᠲᠠ ᠶᠢ ᠨᠠᠩ | ᠵᠢᠷᠤᠮᠵᠢᠯ ᠲᠠᠢ ᠪᠥᠭᠡᠳ ᠡᠮᠬᠢ ᠵᠢᠷᠤᠮ ᠲᠠᠢ ᠪᠣᠯᠭᠠᠬᠤ ᠶᠢ ᠠᠬᠢᠭᠤᠯᠤᠨ᠎ᠠ᠃ ᠵᠠᠮ ᠳᠡᠭᠡᠷᠡᠬᠢ ᠬᠠᠮᠢᠶᠠᠷᠤᠨ ᠡᠵᠡᠮᠳᠡᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠬᠦ᠂ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠬᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠢᠯᠡᠳᠲᠡ | ᠳᠡᠭᠡᠭᠰᠢᠯᠡᠭᠦᠯᠬᠦ᠂ ᠵᠠᠮ ᠬᠠᠷᠢᠯᠴᠠᠭᠠᠨ ᠤ ᠠᠳᠡᠯ ᠢ ᠢᠯᠡᠳᠲᠡ ᠪᠠᠭᠤᠷᠠᠭᠤᠯᠬᠤ᠂ ᠵᠠᠮ ᠬᠠᠷᠢᠯᠴᠠᠭᠠᠨ ᠤ ᠲᠦᠭᠵᠢᠷᠡᠯ ᠢ ᠢᠯᠡᠳᠲᠡ ᠪᠠᠭᠤᠷᠠᠭᠤᠯᠬᠤ᠂ ᠵᠠᠮ ᠳᠡᠭᠡᠷᠡᠬᠢ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠳᠲᠡ ᠪᠠᠭᠤᠷᠠᠭᠤᠯᠬᠤ ︽ᠭᠤᠷᠪᠠ ᠶᠢ ᠳᠡᠭᠡᠭᠰᠢᠯᠡᠭᠦᠯᠬᠦ᠂ ᠭᠤᠷᠪᠠ ᠶᠢ ᠪᠠᠭᠤᠷᠠᠭᠤᠯᠬᠤ︾ ᠠᠵᠢᠯ ᠤᠨ | ᠶᠡᠷᠦᠩᠬᠡᠶ ᠬᠠᠷᠠᠯᠲᠠ ᠶᠢ ᠪᠡᠶᠡᠯᠡᠭᠦᠯᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠰᠠᠶᠢᠵᠢᠷᠠᠨ ᠬᠥᠭᠵᠢᠬᠦ ᠶᠢ ᠦᠷᠭᠦᠯᠵᠢᠯᠡᠨ | ᠠᠬᠢᠭᠤᠯᠤᠨ᠎ᠠ᠃ |