ᠬᠢᠩᠭᠠᠨ ᠠᠶᠢᠮᠠᠭ ᠤᠨ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠵᠤ ᠠᠬᠤᠶ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ | ᠠᠩᠭᠢ ᠶᠢᠨ ᠵᠢᠭᠠᠨ ᠵᠢᠯᠣᠭᠤᠳᠣᠭᠴᠢ ᠵᠠᠩ ᠶᠧ 2013 ᠣᠨ ᠳᠤ ᠳᠣᠲᠣᠭᠠᠳᠤ ᠶᠢ ᠬᠠᠮᠠᠭᠠᠯᠠᠬᠤ ᠠᠵᠢᠯ ᠳᠤ ᠭᠠᠷᠴᠤ᠂ 2019 ᠣᠨ ᠳᠤ ᠡᠷᠡᠭᠦᠤ ᠶᠢᠨ ᠬᠡᠷᠡᠭ ᠢ | ᠲᠤᠷᠰᠢᠨ ᠪᠠᠶᠢᠴᠠᠭᠠᠬᠤ ᠶᠡᠭᠡ ᠠᠩᠭᠢ ᠳᠤ ᠠᠵᠢᠯᠯᠠᠵᠤ ᠪᠠᠶᠢᠭᠰᠠᠨ ᠬᠤᠭᠤᠴᠠᠭᠠᠨ ᠳᠤ ᠪᠠᠨ ᠳᠣᠲᠣᠭᠠᠳᠤ ᠶᠢ ᠬᠠᠮᠠᠭᠠᠯᠠᠬᠤ ᠶᠠᠮᠤᠨ ᠤ ᠡᠷᠡᠭᠦᠤ ᠶᠢᠨ ᠬᠡᠷᠡᠭ ᠢ ᠲᠤᠷᠰᠢᠨ | ᠪᠠᠶᠢᠴᠠᠭᠠᠬᠤ ᠲᠣᠪᠴᠢᠶ᠎ᠠ ᠶᠢᠨ ᠰᠢᠭᠦᠨ ᠠᠰᠠᠭᠤᠬᠤ ᠴᠢᠳᠠᠪᠤᠷᠢᠲᠠᠨ ᠤ ᠬᠥᠮᠥᠷᠭᠡ ᠳᠤ ᠰᠤᠩᠭᠤᠭᠳᠠᠵᠤ᠂ ᠤᠷᠢᠳ ᠬᠤᠵᠢᠳ 2 ᠤᠳᠠᠭ᠎ᠠ ᠬᠤᠪᠢ ᠬᠥᠮᠦᠨ ᠤ | ᠭᠤᠷᠪᠠᠳᠤᠭᠠᠷ ᠳᠡᠰ ᠤᠨ ᠭᠠᠪᠢᠶ᠎ᠠ ᠳᠡᠮᠳᠡᠭᠯᠡᠭᠦᠯᠪᠡ᠃ | ᠳᠣᠲᠣᠭᠠᠳᠤ ᠶᠢ ᠬᠠᠮᠠᠭᠠᠯᠠᠬᠤ ᠠᠵᠢᠯ ᠳᠤ ᠣᠷᠣᠯᠴᠠᠭᠰᠠᠨ ᠠᠴᠠ ᠨᠠᠭᠠᠰᠢ᠂ ᠵᠠᠩ ᠶᠧ ᠲᠤᠷᠰᠢᠨ ᠪᠠᠶᠢᠴᠠᠭᠠᠵᠤ ᠬᠡᠷᠡᠭ ᠢᠯᠡᠷᠡᠭᠦᠯᠬᠦ ᠡᠮᠦᠨ᠎ᠡ ᠹᠷᠣᠨᠲ ᠲᠤ | ᠠᠵᠢᠯᠯᠠᠭᠰᠠᠭᠠᠷ ᠢᠷᠡᠵᠠᠢ᠂ ᠲᠡᠷᠡ ᠦᠢᠯᠡᠳᠦᠯᠭᠡ ᠶᠢᠨ ᠲᠤᠷᠰᠢᠯᠭ᠎ᠠ ᠬᠤᠷᠠᠮᠳᠤᠭᠤᠯᠬᠤ ᠶᠢ ᠴᠢᠬᠤᠯᠠᠴᠢᠯᠠᠵᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ | ᠲᠤᠪᠤᠶᠢᠯᠭᠠᠪᠠ᠃ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠬᠢ ᠶᠢᠨ ᠳᠡᠳ᠋ ᠳᠠᠷᠤᠭ᠎ᠠ ᠶᠢᠨ ᠲᠤᠰᠢᠶᠠᠯ ᠢ ᠬᠠᠷᠢᠭᠤᠴᠠᠭᠰᠠᠨ ᠤ ᠳᠠᠷᠠᠭ᠎ᠠ᠂ ᠲᠡᠷᠡ | ᠠᠵᠢᠯ ᠤᠨ ᠲᠣᠭᠲᠠᠴᠠ ᠪᠠᠨ ᠲᠠᠰᠤᠷᠠᠯᠲᠠ ᠦᠭᠡᠢ ᠵᠢᠷᠤᠮᠵᠢᠭᠤᠯᠵᠤ᠂ ᠬᠠᠮᠢᠶᠠᠷᠤᠯᠲᠠ ᠶᠢᠨ ᠶᠠᠪᠤᠴᠠ ᠪᠠᠨ ᠬᠦᠴᠦᠯᠡᠨ ᠲᠡᠭᠦᠯᠳᠡᠷᠵᠢᠭᠦᠯᠵᠦ᠂ ᠡᠯ᠎ᠡ ᠵᠦᠢᠯ ᠤᠨ | ᠠᠵᠢᠯ ᠢ ᠪᠦᠲᠦᠮᠵᠢᠲᠡᠢ ᠪᠠᠷ ᠬᠦᠳᠦᠯᠦᠨ ᠳᠠᠭᠠᠭᠤᠯᠵᠤ ᠥᠨᠳᠥᠷ ᠪᠦᠲᠦᠮᠵᠢᠲᠡᠢ ᠠᠵᠢᠯᠯᠠᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠬᠡᠷᠡᠭ ᠤᠨ ᠳᠤᠮᠳᠠ ᠠᠩᠬᠢ ᠨᠢ | ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠭᠰᠠᠨ ᠠᠮᠵᠢᠯᠲᠠ ᠪᠦᠲᠦᠮᠵᠢ ᠶᠢᠨ ᠨᠢᠭᠡᠳᠦᠭᠡᠷ | ᠨᠡᠷᠡᠰ ᠤᠨ ᠬᠢᠷᠢ ᠪᠦᠲᠦᠮᠵᠢ ᠶᠢ ᠪᠠᠲᠤᠯᠠᠵᠠᠢ᠃ ᠣᠶᠢᠷ᠎ᠠ ᠶᠢᠨ ᠬᠤᠶᠠᠷ ᠵᠢᠯ ᠳᠤ᠂ ᠵᠠᠩ ᠶᠧ 280 ᠭᠠᠷᠤᠶ ᠡᠷᠡᠭᠦᠤ ᠶᠢᠨ ᠬᠡᠷᠡᠭ ᠢ ᠭᠤᠤᠯᠯᠠᠨ ᠡᠷᠭᠢᠯᠡᠭᠰᠡᠨ ᠪᠠ | ᠢᠯᠡᠷᠡᠭᠦᠯᠬᠦ ᠳᠤ ᠣᠷᠣᠯᠴᠠᠵᠤ᠂ 70 ᠭᠠᠷᠤᠶ ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ 3 ᠶᠠᠯᠠᠲᠤ ᠪᠦᠯᠦᠭ ᠢ ᠴᠣᠬᠢᠨ ᠰᠦᠢᠷᠡᠭᠦᠯᠵᠦ᠂ ᠠᠷᠠᠳ ᠣᠯᠠᠨ ᠳᠤ 2 | ᠳ᠋ᠦᠩᠰᠢᠭᠤᠷ ᠰᠢᠬᠠᠮ ᠲᠥᠭᠦᠷᠢᠭ ᠤᠨ ᠠᠵᠤ ᠠᠬᠤᠶ ᠶᠢᠨ ᠬᠤᠬᠢᠷᠠᠯ ᠢ ᠡᠭᠡᠭᠦᠯᠦᠨ ᠠᠪᠴᠢᠷᠠᠵᠤ ᠥᠭᠴᠡᠶ᠃ | | | | 2021 ᠣᠨ ᠤ 2 ᠳ᠋ᠤᠭᠠᠷ ᠰᠠᠷ᠎ᠠ ᠶᠢᠨ 26 ᠤ ᠡᠳᠦᠷ᠂ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠤ ᠶᠢᠨ ᠬᠡᠷᠡᠭ ᠢ | ᠲᠤᠷᠰᠢᠨ ᠪᠠᠶᠢᠴᠠᠭᠠᠬᠤ ᠶᠡᠭᠡ ᠠᠩᠭᠢ ᠳᠡᠭᠡᠳᠦ ᠱᠠᠲᠤᠨ ᠤ ᠨᠢᠭᠡᠳᠦᠯᠲᠡᠶ ᠵᠢᠭᠠᠪᠤᠷᠢ ᠶᠢ ᠲᠤᠰᠴᠤ᠂ ︽9.29︾ ᠲᠤᠰᠬᠠᠶ ᠬᠡᠷᠡᠭ ᠤᠨ ᠨᠢᠭᠡᠳᠦᠭᠡᠷ ᠡᠭᠡᠯᠵᠢ ᠶᠢᠨ | ᠪᠠᠷᠢᠪᠴᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ ᠭᠡᠵᠦ ᠱᠠᠭᠠᠷᠳᠠᠪᠠ᠃ 2 ᠳ᠋ᠤᠭᠠᠷ ᠰᠠᠷ᠎ᠠ ᠶᠢᠨ 27 ᠤ ᠡᠳᠦᠷ᠂ ᠵᠠᠩ ᠶᠧ | ᠵᠢᠯᠣᠭᠤᠳᠤᠭᠴᠢ ᠶᠢᠨ ᠬᠤᠪᠢ ᠪᠠᠷ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ 29 ᠴᠠᠭᠳᠠᠭ᠎ᠠ ᠶᠢ ᠳᠠᠭᠠᠭᠤᠯᠤᠨ ᠭᠤᠸᠠᠩᠰᠢ ᠳᠤ ᠬᠦᠷᠴᠦ | ᠬᠡᠷᠡᠭ ᠤᠨ ᠰᠦᠪᠡᠭᠴᠢ ᠬᠠᠷᠭᠤᠭᠤᠯᠤᠨ ᠪᠠᠶᠢᠴᠠᠭᠠᠪᠠ᠃ | 3 ᠳ᠋ᠤᠭᠠᠷ ᠰᠠᠷ᠎ᠠ ᠶᠢᠨ 4 ᠤ ᠥᠷᠯᠥᠭᠡ᠂ ᠵᠠᠩ ᠶᠧ ᠬᠠᠮᠲᠤ ᠠᠵᠢᠯᠯᠠᠭᠴᠢ ᠪᠠᠨ ᠳᠠᠭᠠᠭᠤᠯᠤᠨ ᠭᠤᠸᠠᠩᠰᠢ ᠶᠢᠨ ᠾᠧ ᠤᠤᠢ ᠬᠤᠲᠠ ᠶᠢᠨ ᠲᠢᠶᠠᠨ ᠧ | ᠰᠢᠶᠠᠨ ᠳᠤ ᠬᠦᠷᠴᠦ᠂ ᠰᠡᠵᠢᠭᠳᠡᠨ ᠯᠦᠸᠧ ᠣᠪᠣᠭᠲᠤ ᠳᠤ ᠪᠠᠶᠢᠴᠠᠭᠠᠯᠲᠠ ᠬᠢᠵᠡᠶ᠃ ᠯᠦᠸᠧ ᠣᠪᠣᠭᠲᠤ ᠶᠢᠨ ᠭᠡᠷ ᠨᠢ ᠠᠭᠤᠯᠠᠨ ᠤᠷᠤᠢ ᠶᠢᠨ ᠨᠢᠭᠡᠨ ᠵᠢᠵᠢᠭ | ᠲᠣᠰᠬᠤᠨ ᠳᠤ ᠪᠠᠶᠢᠵᠤ᠂ ᠵᠠᠩ ᠶᠧ ᠬᠠᠮᠲᠤ ᠠᠵᠢᠯᠯᠠᠭᠴᠢ ᠲᠠᠢ ᠪᠠᠨ ᠬᠠᠮᠲᠤ ᠲᠣᠰᠬᠤᠨ ᠳᠤ ᠬᠦᠷᠦᠭᠰᠡᠨ ᠤ ᠲᠠᠷᠠᠭ᠎ᠠ ᠯᠦᠸᠧ ᠣᠪᠣᠭᠲᠤ ᠭᠡᠷ ᠲᠤ ᠪᠠᠨ ᠪᠠᠶᠢᠬᠤ | ᠦᠭᠡᠢ ᠪᠠᠶᠢᠬᠤ ᠶᠢ ᠣᠯᠵᠤ ᠮᠡᠳᠡᠭᠡᠳ ᠠᠭᠤᠯᠠᠨ ᠳᠣᠲᠣᠷᠠᠬᠢ ᠤᠢ ᠰᠢᠭᠤᠶ ᠳᠤ ᠭᠡᠲᠡᠨ ᠰᠠᠬᠢᠵᠤ᠂ ᠲᠤᠬᠠᠶ ᠶᠢᠨ ᠡᠳᠦᠷ ᠤᠨ 18 ᠴᠠᠭ ᠤᠨ ᠦᠶ᠎ᠡ ᠪᠠᠷ ᠮᠣᠲ᠋ᠣᠷ | ᠤᠨᠤᠵᠤ ᠭᠡᠷ ᠲᠤ ᠪᠠᠨ ᠰᠠᠶ᠋ᠢ ᠬᠠᠷᠢᠭᠰᠠᠨ ᠯᠦᠸᠧ ᠣᠪᠣᠭᠲᠤ ᠶᠢ ᠡᠷᠬᠡᠰᠢᠶᠡᠯ ᠳᠤ ᠪᠠᠨ ᠣᠷᠣᠭᠤᠯᠪᠠ᠃ ᠡᠬᠢᠨ ᠳᠤ ᠪᠠᠨ ᠯᠦᠸᠧ ᠣᠪᠣᠭᠲᠤ ᠥᠪᠡᠷ ᠢᠶᠠᠨ | ᠰᠦᠯᠵᠢᠶᠡᠨ ᠳᠡᠭᠡᠷ᠎ᠡ ᠠᠴᠠ ᠫᠤᠤ ᠵᠡᠪᠰᠡᠭ ᠤᠭᠰᠠᠷᠠᠬᠤ ᠲᠣᠨᠤᠭ ᠬᠤᠳᠠᠯᠳᠤᠨ ᠠᠪᠴᠤ ᠥᠩᠭᠡᠷᠡᠭᠰᠡᠨ ᠢᠶᠠᠨ ᠮᠡᠳᠡᠷᠡᠬᠦ ᠦᠭᠡᠶ ᠪᠠᠶᠢᠪᠠ᠃ ᠵᠠᠩ ᠶᠧ ᠲᠤᠷᠰᠢᠨ | ᠪᠠᠶᠢᠴᠠᠭᠠᠬᠤ ᠰᠡᠳᠬᠢᠴᠡ ᠪᠠᠨ ᠬᠤᠪᠢᠷᠠᠭᠤᠯᠵᠤ᠂ ᠭᠠᠳᠠᠭᠤᠷᠬᠢ ᠪᠠᠶᠢᠴᠠᠭᠠᠯᠲᠠ ᠪᠠᠷ ᠳᠡᠮᠵᠢᠨ᠂ ᠯᠦᠸᠧ ᠣᠪᠣᠭᠲᠤ ᠲᠣᠰᠬᠤᠨ ᠤ ᠨᠢᠭᠡᠨ ᠦᠰᠦ ᠵᠠᠰᠠᠬᠤ | ᠳᠡᠯᠭᠡᠭᠦᠷ ᠲᠤ ᠱᠠᠪᠢ ᠠᠵᠢᠯᠴᠢᠨ ᠪᠣᠯᠵᠣ ᠥᠩᠭᠡᠷᠡᠭᠰᠡᠨ ᠢ ᠣᠯᠵᠤ ᠮᠡᠳᠡᠭᠡᠳ᠂ ᠲᠡᠷᠡ ᠳᠠᠷᠤᠶ ᠳᠤ ᠨᠢ ᠴᠠᠭᠳᠠᠭ᠎ᠠ ᠪᠠᠨ ᠳᠠᠭᠠᠭᠤᠯᠤᠨ ᠦᠰᠦ ᠵᠠᠰᠠᠬᠤ ᠳᠡᠯᠭᠡᠭᠦᠷ ᠲᠤ | ᠬᠦᠷᠴᠦ᠂ ᠤᠳᠠᠯ ᠥᠬᠡᠶ ᠳᠡᠯᠭᠡᠭᠦᠷ ᠤᠨ ᠬᠠᠳᠠᠭᠠᠯᠠᠬᠤ ᠲᠠᠰᠤᠭ ᠤᠨ ᠳᠡᠭᠡᠪᠦᠷ ᠤᠨ ᠲᠠᠰᠤᠯᠤᠪᠴᠢ ᠳᠣᠲᠣᠷ᠎ᠠ ᠠᠴᠠ ᠥᠪᠡᠷ ᠢᠶᠠᠨ ᠦᠢᠯᠡᠳᠴᠦ ᠥᠭᠡᠷᠡᠴᠢᠯᠡᠨ | ᠤᠭᠰᠠᠷᠠᠭᠰᠠᠨ ᠬᠠᠳᠠᠭᠠᠰᠤ ᠬᠠᠷᠪᠤᠬᠤ ᠫᠤᠤ ᠵᠢᠴᠢ ᠬᠠᠳᠠᠭᠠᠰᠤ ᠬᠠᠷᠪᠤᠬᠤ ᠰᠤᠮᠤ 100 ᠭᠠᠷᠤᠶ᠂ ᠪᠣᠯᠣᠳ ᠦᠷᠡᠯ 1000 ᠭᠠᠷᠤᠶ ᠶᠢ ᠨᠡᠩᠵᠢᠨ ᠭᠠᠷᠭᠠᠪᠠ᠃ | ᠲᠤᠬᠠᠶ ᠶᠢᠨ ᠲᠠᠯᠠᠪᠤᠷ ᠤᠨ ᠪᠠᠶᠢᠴᠠᠭᠠᠯᠲᠠ ᠪᠠᠷ ᠳᠡᠮᠵᠢᠨ᠂ ᠥᠭᠡᠷᠡᠴᠢᠯᠡᠨ ᠤᠭᠰᠠᠷᠠᠭᠰᠠᠨ ᠬᠠᠳᠠᠭᠠᠰᠤ ᠬᠠᠷᠪᠤᠬᠤ ᠫᠤᠤ ᠶᠢ ᠬᠠᠷᠪᠤᠵᠤ ᠪᠣᠯᠤᠨ᠎ᠠ᠃ ᠦᠰᠦ ᠵᠠᠰᠠᠬᠤ | ᠳᠡᠯᠭᠡᠭᠦᠷ ᠤᠨ ᠵᠠᠩᠭᠤᠶᠢᠳᠠ ᠰᠢᠤᠢ ᠣᠪᠣᠭᠲᠤ ᠭᠡᠷᠡᠴᠢ ᠪᠠᠷᠢᠮᠲᠠ ᠶᠢᠨ ᠡᠮᠦᠨ᠎ᠡ᠂ ᠰᠦᠯᠵᠢᠶᠡᠨ ᠳᠡᠭᠡᠷ᠎ᠡ ᠠᠴᠠ ᠫᠤᠤ ᠵᠡᠪᠰᠡᠭ ᠲᠣᠨᠣᠭᠯᠠᠯ ᠢ ᠬᠤᠳᠠᠯᠳᠤᠨ ᠠᠪᠴᠤ ᠫᠤᠤ | ᠵᠡᠪᠰᠡᠭ ᠲᠣᠨᠣᠭᠯᠠᠭᠰᠠᠨ ᠶᠠᠯ᠎ᠠ ᠶᠢᠨ ᠪᠣᠳᠠᠲᠤ ᠬᠡᠷᠡᠭ ᠢᠶᠠᠨ ᠥᠴᠢᠭᠯᠡᠪᠡ᠃ ᠵᠠᠩ ᠶᠧ ᠰᠢᠭᠦᠨ ᠠᠰᠠᠭᠤᠬᠤ ᠠᠷᠭ᠎ᠠ ᠪᠤᠳᠤᠯᠭ᠎ᠠ ᠶᠢ ᠬᠡᠷᠡᠭᠯᠡᠵᠦ᠂ ᠰᠡᠭᠦᠯᠡᠷ ᠨᠢ ᠰᠢᠤᠢ | ᠣᠪᠣᠭᠲᠤ ᠰᠠᠨᠠᠭᠠᠴᠢᠯᠠᠭ᠎ᠠ ᠠᠴᠠ ᠪᠠᠨ ᠯᠦᠸᠧ ᠣᠪᠣᠭᠲᠤ ᠳᠤ ᠪᠠᠰᠠ ᠨᠢᠭᠡᠨ ᠬᠡᠢ ᠬᠥᠳᠡᠯᠭᠡᠭᠦᠷᠲᠦ ᠫᠤᠤ ᠵᠡᠪᠰᠡᠭ ᠲᠠᠢ ᠪᠠᠶᠢᠵᠤ᠂ ᠯᠦᠸᠧ ᠵᠢᠶᠠ ᠱᠠᠨ ᠠᠭᠤᠯᠠᠨ ᠤ | ᠭᠠᠭ᠋ᠠᠶ ᠶᠢᠨ ᠬᠠᠰᠢᠶᠠᠨ ᠳᠤ ᠨᠢᠭᠤᠵᠤ ᠪᠠᠶᠢᠨ᠎ᠠ ᠭᠡᠪᠡ᠃ ᠵᠠᠩ ᠶᠧ ᠳᠠᠬᠢᠨᠲᠠ ᠪᠤᠴᠠᠵᠤ ᠢᠷᠡᠭᠡᠳ ᠯᠦᠸᠧ ᠣᠪᠣᠭᠲᠤ ᠶᠢ ᠰᠢᠭᠦᠭᠰᠡᠨ ᠪᠥᠭᠡᠳ ᠯᠦᠸᠧ | ᠣᠪᠣᠭᠲᠤ ᠶᠢᠨ ᠭᠡᠷ ᠠᠴᠠ 5 ᠺᠢᠯᠦᠮᠧᠲᠷ ᠵᠠᠶᠢᠲᠠᠶ ᠭᠠᠭ᠋ᠠᠶ ᠶᠢᠨ ᠬᠠᠰᠢᠶᠠᠨ ᠠᠴᠠ ᠨᠢᠭᠡᠨ ᠬᠡᠢ ᠬᠥᠳᠡᠯᠭᠡᠭᠦᠷᠲᠦ ᠫᠤᠤ ᠵᠡᠪᠰᠡᠭ ᠪᠠ 50 ᠭᠠᠷᠤᠶ ᠪᠤᠯᠤᠳ ᠦᠷᠡᠯ | ᠨᠡᠩᠵᠢᠵᠦ ᠣᠯᠪᠠ᠃ ᠭᠡᠷᠡᠴᠢ ᠪᠠᠷᠢᠮᠲᠠ ᠶᠢᠨ ᠡᠮᠦᠨ᠎ᠡ᠂ ᠯᠦᠸᠧ ᠣᠪᠣᠭᠲᠤ ᠰᠢᠤᠢ ᠣᠪᠣᠭᠲᠤ ᠲᠠᠢ ᠬᠠᠮᠲᠤᠷᠠᠨ ᠰᠦᠯᠵᠢᠶᠡᠨ ᠳᠡᠭᠡᠷ᠎ᠡ ᠠᠴᠠ ᠫᠤᠤ ᠵᠡᠪᠰᠡᠭ | ᠬᠤᠳᠠᠯᠳᠤᠨ ᠠᠪᠴᠤ᠂ ᠫᠤᠤ ᠵᠡᠪᠰᠡᠭ ᠢ ᠤᠭᠰᠠᠷᠠᠭᠰᠠᠨ ᠶᠠᠯ᠎ᠠ ᠶᠢᠨ ᠪᠣᠳᠠᠲᠤ ᠬᠡᠷᠡᠭ ᠢᠶᠠᠨ ᠥᠴᠢᠭᠯᠡᠭᠰᠡᠨ ᠪᠠᠶᠢᠨ᠎ᠠ᠃ | | | | ᠲᠤᠰ ᠤᠳᠠᠭ᠎ᠠ ᠶᠢᠨ ᠶᠠᠮᠤᠨ ᠤ ᠰᠢᠪᠠᠳᠠᠨ ᠬᠢᠯᠭᠡᠭᠰᠡᠨ ︽9.29︾ ᠤ ᠲᠤᠰᠬᠠᠢ ᠬᠡᠷᠡᠭ ᠲᠤ ᠫᠤᠤ ᠵᠡᠪᠰᠡᠭ ᠲᠤ ᠬᠤᠯᠪᠣᠭᠳᠠᠭᠰᠠᠨ ᠬᠥᠮᠦᠰ ᠤᠨ ᠡᠭᠦᠷᠭᠡ ᠶᠢ | ᠬᠢᠨᠠᠨ ᠪᠠᠶᠢᠴᠠᠭᠠᠬᠤ ᠳᠤ᠂ 16 ᠡᠳᠦᠷ ᠬᠡᠷᠡᠭᠰᠡᠵᠦ᠂ ᠵᠠᠩ ᠶᠧ ᠡᠩᠨᠡᠭᠡ ᠪᠠᠨ ᠳᠠᠭᠠᠭᠤᠯᠤᠨ ᠭᠤᠸᠠᠩᠰᠢ ᠶᠢᠨ 10 ᠭᠠᠵᠠᠷ ᠤᠨ 23 ᠰᠢᠶᠠᠨ ᠲᠣᠭᠤᠷᠢᠭ ᠢᠶᠠᠷ | ᠠᠶᠠᠯᠠᠨ ᠪᠠᠶᠢᠯᠳᠤᠵᠤ᠂ 25 ᠬᠥᠮᠦᠨ ᠢ ᠬᠢᠨᠠᠨ ᠪᠠᠶᠢᠴᠠᠭᠠᠵᠤ᠂ ᠳᠠᠷᠢ ᠬᠥᠳᠡᠯᠭᠡᠭᠦᠷᠲᠦ 8 ᠫᠤᠤ ᠵᠡᠪᠰᠡᠭ᠂ ᠬᠡᠢ ᠬᠥᠳᠡᠯᠭᠡᠭᠦᠷᠲᠦ 5 ᠫᠤᠤ ᠵᠡᠪᠰᠡᠭ᠂ ᠬᠤᠯᠬᠤᠪᠴᠢ | ᠨᠤᠮᠤ 1᠂ ᠴᠢᠪᠬ᠎ᠠ 8᠂ 415 ᠬᠠᠳᠠᠭᠠᠰᠤ ᠬᠠᠷᠪᠤᠬᠤ ᠰᠤᠮᠤ᠂ 2331 ᠪᠤᠯᠤᠳ ᠦᠷᠡᠯ᠂ 16 ᠫᠤᠤ ᠵᠡᠪᠰᠡᠭ ᠤᠨ ᠰᠡᠯᠪᠢᠭ ᠲᠤᠨᠤᠭ ᠣᠯᠵᠠᠯᠠᠪᠠ᠃ | 2020 ᠣᠨ ᠤ 9 ᠳ᠋ᠦ᠋ᠭᠡᠷ ᠰᠠᠷ᠎ᠠ ᠶᠢᠨ 8 ᠤ ᠡᠳᠦᠷ᠂ ᠤᠯᠠᠭᠠᠨᠬᠤᠲᠠ ᠶᠢᠨ ᠰᠠᠭᠤᠭᠠᠯᠢ ᠠᠷᠠᠳ ᠯᠢ ᠣᠪᠣᠭᠲᠤ ᠬᠡᠷᠡᠭ ᠮᠡᠳᠡᠭᠦᠯᠬᠦ ᠳᠤ ᠪᠠᠨ᠄ ᠲᠡᠭᠦᠨ ᠤ | ᠡᠵᠡᠩᠨᠡᠵᠦ ᠪᠠᠶᠢᠭ᠎ᠠ ᠳᠡᠯᠭᠡᠭᠦᠷ ᠨᠢ ᠡᠪᠳᠡᠭᠳᠡᠵᠦ᠂ ᠳᠡᠯᠭᠡᠭᠦᠷ ᠲᠠᠬᠢ 6 ᠲᠦᠮᠡᠨ ᠲᠥᠭᠦᠷᠢᠭ ᠤᠨ ᠪᠡᠯᠡᠨ ᠵᠣᠭᠤᠰ ᠨᠢ ᠬᠤᠯᠠᠭᠠᠶᠢᠯᠠᠭᠳᠠᠪᠠ ᠭᠡᠵᠡᠶ᠃ ᠵᠠᠩ ᠶᠧ ᠬᠡᠷᠡᠭ | ᠭᠠᠷᠤᠭᠰᠠᠨ ᠲᠤᠬᠠᠶ ᠶᠢᠨ ᠲᠠᠯᠠᠪᠤᠷ ᠲᠤ ᠬᠢᠨᠠᠨ ᠡᠵᠡᠮᠳᠡᠭᠦᠷ ᠢ ᠰᠢᠯᠵᠢᠭᠦᠯᠦᠨ ᠦᠵᠡᠬᠦ ᠦᠶ᠎ᠡ ᠳᠤ᠂ ᠳᠦᠷᠰᠦ ᠰᠢᠩᠭᠡᠭᠡᠯᠲᠡ ᠨᠢ ᠪᠠᠯᠠᠷᠬᠠᠶ ᠪᠠᠶᠢᠵᠤ᠂ ᠰᠡᠵᠢᠭᠯᠡᠯᠲᠡᠶ | ᠬᠥᠮᠦᠨ ᠤ ᠪᠡᠶ᠎ᠡ ᠲᠥᠷᠬᠦ ᠶᠢᠨ ᠣᠨᠴᠠᠯᠢᠭ ᠢ ᠳᠣᠲᠣᠯᠠᠬᠤ ᠶᠢᠨ ᠠᠷᠭ᠎ᠠ ᠥᠬᠡᠶ ᠪᠠᠶᠢᠬᠤ ᠶᠢ ᠣᠯᠵᠤ ᠮᠡᠳᠡᠵᠡᠶ᠃ ᠢᠩᠭᠢᠭᠡᠳ ᠵᠠᠩ ᠶᠧ ᠲᠡᠷᠡ ᠳᠠᠷᠤᠶ ᠳᠤ ᠨᠢ ᠭᠠᠳᠠᠷ | ᠲᠠᠯ᠎ᠠ ᠶᠢᠨ ᠪᠠᠶᠢᠴᠠᠭᠠᠯᠲᠠ ᠬᠢᠭᠰᠡᠨ ᠪᠥᠭᠡᠳ ᠣᠯᠵᠤ ᠮᠡᠳᠡᠭᠰᠡᠨ ᠨᠢ᠂ ᠬᠡᠷᠡᠭ ᠭᠠᠷᠤᠭᠰᠠᠨ ᠲᠤᠬᠠᠶ ᠶᠢᠨ ᠡᠳᠦᠷ᠂ ᠬᠠᠷᠢᠶᠠᠲᠤ ᠣᠷᠣᠨ ᠤ ᠲᠣᠮᠢᠯᠠᠭᠰᠠᠨ ᠰᠠᠯᠪᠤᠷᠢ ᠨᠢ | ᠪᠠᠰᠠ 3 ᠰᠠᠭᠤᠭᠠᠯᠢ ᠠᠷᠠᠳ ᠤᠨ ᠬᠡᠷᠡᠭ ᠤᠨ ᠮᠡᠳᠡᠭᠦᠯᠦᠯᠲᠡ ᠶᠢ ᠲᠣᠰᠴᠤ᠂ ᠡᠨᠡ ᠨᠢ ᠴᠥᠮ ᠳᠡᠯᠭᠡᠭᠦᠷ ᠨᠢ ᠬᠤᠯᠠᠭᠠᠶᠢᠯᠠᠭᠳᠠᠵᠤ᠂ ᠬᠡᠷᠡᠭ ᠬᠢᠬᠦ ᠠᠷᠭ᠎ᠠ ᠪᠠᠷᠢᠯ ᠨᠢ | ᠠᠳᠠᠯᠢᠪᠲᠤᠷ ᠪᠠᠶᠢᠵᠤ᠂ ᠨᠢᠭᠡ ᠯᠡ ᠬᠥᠮᠦᠨ ᠤ ᠬᠢᠭᠰᠡᠨ ᠬᠡᠷᠡᠭ ᠪᠠᠶᠢᠵᠤ ᠮᠡᠳᠡᠨ᠎ᠡ᠃ ᠵᠠᠩ ᠶᠧ ᠬᠡᠷᠡᠭ ᠭᠠᠷᠤᠭᠰᠠᠨ ᠠᠴᠠ ᠠᠪᠤᠭᠠᠳ 11 ᠡᠳᠦᠷ ᠤᠨ ᠴᠠᠭ ᠢ | ᠬᠡᠷᠡᠭᠯᠡᠵᠦ᠂ ︽ᠰᠦᠯᠵᠢᠶᠡᠨ ᠳᠡᠭᠡᠷ᠎ᠡ + ᠰᠦᠯᠵᠢᠶᠡᠨ ᠠᠴᠠ ᠭᠠᠳᠠᠨ᠎ᠠ︾ ᠵᠡᠭᠡᠯᠢ ᠳᠠᠭᠠᠤ ᠶᠢᠨ ᠬᠢᠨᠠᠨ ᠡᠵᠡᠮᠳᠡᠭᠦᠷ ᠠᠴᠠ 100 ᠭᠠᠷᠤᠶ ᠬᠡᠰᠡᠭ ᠲᠦᠷᠰᠦ | ᠰᠢᠩᠭᠡᠭᠡᠯᠲᠡ ᠶᠢ ᠰᠢᠯᠵᠢᠭᠦᠯᠦᠨ ᠠᠪᠴᠤ᠂ ᠺᠠᠩ ᠣᠪᠣᠭᠲᠤ ᠶᠢᠨ ᠬᠡᠷᠡᠭ ᠬᠢᠭᠰᠡᠨ ᠴᠢᠬᠤᠯᠠ ᠶᠡᠭᠡ ᠰᠡᠵᠢᠭ ᠲᠠᠢ ᠪᠠᠶᠢᠬᠤ ᠶᠢ ᠡᠴᠦᠰ ᠲᠤ ᠪᠠᠨ ᠰᠤᠳᠤᠯᠤᠨ | ᠮᠠᠭᠠᠳᠯᠠᠭᠰᠠᠨ ᠪᠠᠶᠢᠨ᠎ᠠ᠃ 9 ᠳ᠋ᠦ᠋ᠭᠡᠷ ᠰᠠᠷ᠎ᠠ ᠶᠢᠨ 19 ᠤ ᠡᠳᠦᠷ ᠵᠠᠩ ᠶᠧ ᠠᠩᠬᠢ ᠳᠠᠭᠠᠭᠤᠯᠤᠨ ᠪᠠᠷᠢᠪᠴᠢᠯᠠᠬᠤ ᠪᠠᠷ ᠪᠡᠯᠡᠳᠬᠡᠵᠦ ᠪᠠᠶᠢᠬᠤ ᠳᠤ ᠺᠠᠩ ᠣᠪᠣᠭᠲᠤ | ᠨᠢᠭᠡᠨᠲᠡ ᠴᠠᠩᠴᠦ᠋ᠨ ᠳᠤ ᠳᠤᠲᠠᠭᠠᠨ ᠣᠴᠢᠭᠰᠠᠨ ᠢ ᠣᠯᠵᠤ ᠮᠡᠳᠡᠭᠡᠳ ᠪᠠᠷᠢᠪᠴᠢᠯᠠᠬᠤ ᠳᠤᠭᠤᠶᠢᠯᠠᠩ ᠰᠥᠨᠢ ᠪᠠᠷ ᠮᠠᠰᠢᠨ ᠲᠡᠷᠭᠡ ᠪᠠᠷ ᠨᠡᠬᠡᠮᠵᠢᠯᠡᠵᠦ᠂ ᠲᠤᠰ ᠣᠷᠣᠶ | ᠴᠠᠩᠴᠦ᠋ᠨ ᠬᠤᠲᠠ ᠶᠢᠨ ᠨᠢᠭᠡᠨ ᠵᠣᠴᠢᠳ ᠤᠨ ᠪᠠᠭᠤᠳᠠᠯ ᠳᠤ ᠺᠠᠩ ᠣᠪᠣᠭᠲᠤ ᠶᠢ ᠪᠠᠷᠢᠪᠴᠢᠯᠠᠵᠠᠶ᠃ ᠺᠠᠩ ᠣᠪᠣᠭᠲᠤ ᠶᠠᠯ᠎ᠠ ᠬᠢᠭᠰᠡᠨ ᠲᠡᠥᠬᠡ ᠲᠠᠢ᠂ ᠴᠠᠭᠳᠠᠭᠠᠨ ᠤ | ᠲᠠᠯ᠎ᠠ ᠶᠢᠨ ᠬᠢᠨ ᠤ ᠠᠰᠠᠭᠤᠵᠤ ᠯᠠᠪᠯᠠᠬᠤ ᠶᠢ ᠠᠷᠭᠠᠴᠠᠬᠤ ᠳᠤ ︽ᠲᠤᠷᠰᠢᠯᠭ᠎ᠠ ᠲᠠᠢ︾ ᠭᠡᠵᠦ ᠦᠵᠡᠭᠡᠳ᠂ ᠶᠠᠯ᠎ᠠ ᠬᠢᠭᠰᠡᠨ ᠪᠣᠳᠠᠲᠤ ᠬᠡᠷᠡᠭ ᠢᠶᠠᠨ ᠲᠤᠰᠢᠶᠠᠬᠤ ᠦᠭᠡᠶ᠂ | ᠵᠠᠩ ᠶᠧ ᠰᠢᠭᠦᠨ ᠠᠰᠠᠭᠤᠬᠤ ᠤᠷ᠎ᠠ ᠮᠡᠷᠭᠡᠵᠢᠯ ᠢ ᠬᠡᠳᠦ ᠤᠳᠠᠭ᠎ᠠ ᠬᠡᠷᠡᠭᠯᠡᠨ ᠺᠠᠩ ᠣᠪᠣᠭᠲᠤ ᠶᠢᠨ ᠰᠡᠳᠬᠢᠴᠡ ᠶᠢᠨ ᠰᠡᠷᠭᠡᠶᠢᠯᠡᠯᠲᠡ ᠶᠢᠨ ᠱᠤᠭᠤᠮ ᠢ | ᠰᠢᠪᠲᠤᠯᠤᠭᠰᠠᠨ ᠳᠤ ᠺᠠᠩ ᠣᠪᠣᠭᠲᠤ ᠥᠪᠡᠷ ᠤᠨ ᠶᠠᠯ᠎ᠠ ᠬᠢᠭᠰᠡᠨ ᠪᠣᠳᠠᠲᠤ ᠬᠡᠷᠡᠭ ᠢᠶᠠᠨ ᠥᠴᠢᠭᠯᠡᠬᠦ ᠦᠭᠡᠶ ᠪᠠᠶᠢᠬᠤ ᠶᠢᠨ ᠠᠷᠭ᠎ᠠ ᠦᠭᠡᠶ ᠪᠣᠯᠵᠠᠶ᠃ ᠵᠠᠩ ᠶᠧ | ᠢᠯᠠᠯᠲᠠ ᠶᠢᠨ ᠡᠷᠴᠢᠨ ᠳᠡᠭᠡᠷ᠎ᠡ ᠪᠠᠨ ᠳᠠᠬᠢᠨ ᠰᠢᠭᠦᠵᠦ᠂ ᠦᠯᠡᠳᠡᠭᠰᠡᠨ ᠶᠠᠯ᠎ᠠ ᠶᠢ ᠨᠢ ᠭᠦᠨ ᠠᠭᠤᠳᠠᠯᠵᠠᠶ᠃ ᠺᠠᠩ ᠣᠪᠣᠭᠲᠤ ᠡᠴᠦᠰ ᠲᠤ ᠪᠠᠨ ᠭᠡᠷ ᠲᠤ ᠣᠷᠣᠵᠤ 5 | ᠤᠳᠠᠭ᠎ᠠ ᠬᠤᠯᠠᠭᠠᠶᠢᠯᠠᠵᠤ᠂ 6 ᠲᠦᠮᠡ ᠭᠠᠷᠤᠶ ᠲᠥᠭᠦᠷᠢᠭ ᠤᠨ ᠪᠡᠯᠡᠨ ᠵᠣᠭᠤᠰ ᠬᠤᠯᠠᠭᠠᠶᠢᠯᠠᠵᠠᠶ ᠭᠡᠵᠦ ᠲᠤᠰᠢᠶᠠᠵᠠᠶ᠃ ᠬᠡᠷᠡᠭ ᠢ ᠴᠠᠭ ᠲᠤᠬᠠᠶ ᠳᠤ ᠨᠢ | ᠢᠯᠡᠷᠡᠭᠦᠯᠦᠭᠰᠡᠨ ᠠᠴᠠ ᠪᠣᠯᠵᠤ᠂ ᠪᠤᠵᠠᠷ ᠵᠣᠭᠤᠰ ᠢ ᠪᠦᠬᠦᠨ ᠢ ᠨᠡᠬᠡᠵᠦ ᠠᠪᠴᠢᠷᠠᠪᠠ᠃ | | | |