︽ᠬᠡᠭᠦᠷ ᠤᠨ ᠬᠡᠯᠡᠲᠡᠨ︾ — ᠸᠠᠩ ᠬᠠᠶ ᠯᠦᠩ
ᠨᠡᠶᠢᠲᠡᠯᠡᠭᠰᠡᠨ ᠴᠠᠭ᠄
2023/11/7
       ᠸᠠᠩ ᠬᠠᠶ ᠯᠦᠩ᠂ ᠡᠷᠡᠭᠲᠡᠶ᠂ ᠡᠪ ᠬᠠᠮᠲᠤ ᠨᠠᠮ ᠤᠨ ᠭᠡᠰᠢᠭᠦᠨ᠂ ᠣᠲᠣ ᠰᠢᠯᠢ ᠶᠢᠨ ᠭᠤᠤᠯ ᠠᠶᠢᠮᠠᠭ ᠤᠨ ᠵᠡᠭᠦᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠤᠯᠢ ᠪᠠᠷᠢᠯᠲᠠ ᠶᠢᠨ ᠰᠢᠯᠭᠠᠨ ᠲᠣᠭᠲᠠᠭᠠᠯᠲᠠ ᠶᠢᠨ ᠲᠥᠪ ᠤᠨ ᠡᠷᠬᠢᠯᠡᠭᠴᠢ᠂ ᠰᠢᠯᠢ ᠶᠢᠨ ᠭᠤᠤᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠣᠯᠪᠠᠰᠤᠷᠠᠯ ᠤᠨ ᠰᠠᠯᠪᠤᠷᠢ ᠠᠩᠭᠢ ᠶᠢᠨ ᠲᠤᠰᠢᠶᠠᠯ ᠬᠠᠪᠰᠤᠷᠭᠠᠭᠰᠠᠨ ᠰᠤᠷᠭᠠᠭᠴᠢ ᠶᠢᠨ ᠲᠤᠰᠢᠶᠠᠯ ᠲᠠᠢ᠃ 1997 ᠣᠨ ᠤ 7 ᠳ᠋ᠤᠭᠠᠷ ᠰᠠᠷ᠎ᠠ ᠳᠤ᠂ ᠲᠡᠷᠡ ᠡᠮᠨᠡᠯᠭᠡ ᠶᠢᠨ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠤ ᠲᠠᠷᠠᠭ᠎ᠠ ᠳᠣᠲᠣᠭᠠᠳᠤ ᠶᠢ ᠬᠠᠮᠠᠭᠠᠯᠠᠬᠤ ᠬᠠᠤᠯᠢ ᠶᠢᠨ ᠡᠮᠴᠢ ᠶᠢᠨ ᠦᠢᠯᠡᠰ ᠲᠤ ᠦᠢᠯᠡᠴᠢᠯᠡᠵᠦ᠂ 20 ᠭᠠᠷᠤᠶ ᠵᠢᠯ ᠤᠨ ᠲᠤᠷᠰᠢ ᠮᠢᠩᠭ᠎ᠠ ᠰᠢᠬᠠᠮ ᠬᠤᠪᠢ ᠰᠢᠯᠭᠠᠨ ᠲᠣᠭᠲᠠᠭᠠᠯᠲᠠ ᠶᠢᠨ ᠮᠡᠳᠡᠭᠦᠯᠦᠯᠲᠡ ᠭᠠᠷᠭᠠᠵᠤ᠂ ᠡᠯ᠎ᠡ ᠲᠦᠷᠦᠯ ᠤᠨ ᠬᠡᠷᠡᠭ ᠤᠨ ᠲᠤᠬᠠᠶ ᠶᠢᠨ ᠲᠠᠯᠠᠪᠤᠷ ᠢ ᠬᠠᠶᠢᠨ ᠪᠠᠶᠢᠴᠠᠭᠠᠬᠤ ᠳᠤ ᠵᠠᠭᠤ ᠭᠠᠷᠤᠶ ᠤᠳᠠᠭ᠎ᠠ ᠣᠷᠣᠯᠴᠠᠵᠤ᠂ ᠠᠵᠢᠯ ᠳᠤ ᠪᠠᠨ ᠥᠴᠦᠬᠡᠨ ᠴᠦ ᠠᠯᠳᠠᠭ᠎ᠠ ᠪᠤᠷᠤᠭᠤ ᠭᠠᠷᠭᠠᠭᠰᠠᠨ ᠦᠭᠡᠢ᠂ ᠤᠷᠢᠳ ᠬᠤᠵᠢᠳ ᠬᠠᠮᠲᠤ ᠶᠢᠨ ᠭᠤᠷᠪᠠᠳᠤᠭᠠᠷ ᠳᠡᠰ ᠤᠨ ᠭᠠᠪᠢᠶ᠎ᠠ ᠪᠠ ᠬᠤᠪᠢ ᠬᠥᠮᠦᠨ ᠤ ᠭᠤᠷᠪᠠᠳᠤᠭᠠᠷ ᠳᠡᠰ ᠤᠨ ᠭᠠᠪᠢᠶ᠎ᠠ ᠶᠢ 4 ᠤᠳᠠᠭ᠎ᠠ ᠲᠡᠮᠳᠡᠭᠯᠡᠭᠦᠯᠪᠡ᠃      ᠬᠠᠤᠯᠢ ᠶᠢᠨ ᠡᠮᠴᠢ ᠪᠣᠯ ᠨᠢᠭᠡᠨ ᠨᠢᠭᠤᠴᠠᠯᠢᠭ ᠮᠥᠷᠲᠡᠭᠡᠨ ᠬᠥᠮᠦᠰ ᠢ ᠪᠢᠰᠢᠷᠡᠭᠦᠯᠦᠮ᠎ᠡ ᠠᠵᠢᠯ ᠮᠥᠨ᠂ ᠲᠡᠳᠡᠨ ᠢ ︽ᠬᠡᠭᠦᠷ ᠤᠨ ᠬᠡᠯᠡᠲᠡᠨ︾ ᠭᠡᠳᠡᠭ᠃ ᠰᠢᠯᠢ ᠶᠢᠨ ᠭᠤᠤᠯ ᠠᠶᠢᠮᠠᠭ ᠤᠨ ᠵᠡᠭᠦᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠤᠯᠢ ᠪᠠᠷᠢᠯᠲᠠ ᠶᠢᠨ ᠰᠢᠯᠭᠠᠨ ᠲᠣᠭᠲᠠᠭᠠᠯᠲᠠ ᠶᠢᠨ ᠲᠥᠪ ᠤᠨ ᠡᠷᠬᠢᠯᠡᠭᠴᠢ ᠸᠠᠩ ᠬᠠᠶ ᠯᠦᠩ ᠪᠣᠯ ᠳᠠᠷᠤᠶ ᠲᠡᠭᠦᠨ ᠤ ᠳᠣᠲᠣᠷᠠᠬᠢ ᠨᠢᠭᠡ ᠨᠢ ᠪᠣᠯᠤᠨ᠎ᠠ᠃
023cb6e2745d89d341e48df7c66ecfb.jpg    
     2018 ᠣᠨ ᠤ ᠪᠢᠲᠡᠭᠦᠨ ᠤ ᠰᠥᠨᠢ᠂ ᠪᠦᠬᠦ ᠤᠯᠤᠰ ᠢᠶᠠᠷ ᠢᠶᠠᠨ ᠰᠢᠨᠡᠯᠡᠨ ᠪᠠᠶᠠᠷ ᠬᠦᠷ ᠲᠠᠢ ᠪᠠᠷ ᠴᠤᠭᠯᠠᠷᠠᠬᠤ ᠴᠠᠭ ᠮᠥᠴᠡ ᠳᠤ᠂ ᠬᠢᠯᠢ ᠶᠢᠨ ᠱᠤᠭᠤᠮ ᠤᠨ ᠣᠶᠢᠷᠠᠯᠴᠠᠭ᠎ᠠ ᠰᠠᠭᠤᠷᠢᠰᠢᠵᠤ ᠪᠠᠶᠢᠭ᠎ᠠ ᠨᠢᠭᠡ ᠮᠠᠯᠴᠢᠨ ᠡᠴᠢᠭᠡ ᠬᠦᠦ ᠬᠤᠶᠠᠭᠤᠯᠠ ᠥᠪᠡᠷ ᠤᠨ ᠬᠤᠳᠳᠤᠭ ᠲᠤ ᠪᠠᠨ ᠦᠬᠦᠪᠡ ᠭᠡᠰᠡᠨ ᠲᠦᠭᠰᠢᠭᠦᠷᠢ ᠮᠡᠳᠡᠭᠦᠯᠦᠯᠳᠡ ᠶᠢ ᠲᠤᠰᠪᠠ᠃ ᠬᠡᠷᠡᠭ ᠤᠨ ᠮᠡᠳᠡᠭᠦᠯᠦᠯᠲᠡ ᠶᠢ ᠣᠯᠤᠭᠰᠠᠨ ᠤ ᠲᠠᠷᠠᠭ᠎ᠠ᠂ ᠸᠠᠩ ᠬᠠᠢ ᠯᠦᠩ ᠬᠠᠮᠲᠤ ᠠᠵᠢᠯᠯᠠᠭᠰᠠᠳ ᠲᠠᠢ ᠪᠠᠨ ᠮᠠᠰᠢᠨ ᠲᠡᠷᠭᠡ ᠪᠠᠷ 200 ᠭᠠᠷᠤᠢ ᠺᠢᠯᠦᠮᠧᠲᠷ ᠤᠨ ᠬᠤᠯᠠ ᠪᠠᠶᠢᠭ᠎ᠠ ᠬᠡᠷᠡᠭ ᠤᠨ ᠲᠤᠬᠠᠢ ᠶᠢᠨ ᠲᠠᠯᠠᠪᠠᠢ ᠵᠦᠭ ᠮᠣᠷᠳᠠᠪᠠ᠃ ᠲᠤᠬᠠᠢ ᠶᠢᠨ ᠡᠳᠦᠷ ᠵᠠᠮ ᠳᠡᠭᠡᠷ᠎ᠡ ᠴᠠᠰᠤ ᠬᠤᠷᠠᠵᠤ᠂ ᠴᠠᠭᠠᠨ ᠵᠤᠳ ᠪᠣᠯᠵᠤ᠂ ᠮᠠᠰᠢᠨ ᠲᠡᠷᠭᠡ ᠴᠠᠭ ᠢᠮᠠᠭᠲᠠ ᠴᠠᠰᠤᠨ ᠳᠤ ᠭᠤᠳᠤᠷᠠᠬᠤ ᠲᠦᠭᠰᠢᠭᠦᠷᠢ ᠳᠤ ᠲᠤᠯᠭᠠᠷᠠᠵᠤ᠂ 6 ᠴᠠᠭ ᠭᠠᠷᠤᠢ ᠬᠦᠴᠢᠷ ᠪᠡᠷᠬᠡᠰᠢᠶᠡᠯ ᠲᠠᠢ ᠪᠠᠷ ᠠᠶᠠᠯᠠᠵᠤ᠂ ᠲᠩᠷᠢ ᠭᠡᠭᠡᠷᠡᠬᠦ ᠠᠴᠠ ᠡᠮᠦᠨ᠎ᠡ ᠲᠤᠬᠠᠢ ᠶᠢᠨ ᠲᠠᠯᠠᠪᠠᠢ ᠳᠤ ᠬᠦᠷᠴᠡᠢ᠃ ᠲᠡᠭ ᠠᠴᠠ ᠳᠣᠷᠣᠭᠰᠢ 40 ᠭᠷᠠᠳᠦ᠋ᠰ ᠤᠨ ᠳᠣᠣᠷ᠎ᠠ᠂ ᠳᠡᠳᠡ 4 ᠴᠠᠭ ᠭᠠᠷᠤᠢ ᠶᠢᠨ ᠬᠤᠭᠤᠴᠠᠭᠠᠨ ᠳᠤ ᠰᠢᠯᠭᠠᠨ ᠬᠠᠶᠢᠨ ᠪᠠᠶᠢᠴᠠᠭᠠᠬᠤ ᠠᠵᠢᠯ ᠢ ᠪᠡᠶᠡᠯᠡᠭᠦᠯᠵᠦ᠂ ᠡᠴᠦᠰ ᠲᠤ ᠪᠠᠨ ᠡᠴᠢᠭᠡ ᠬᠦᠦ ᠬᠤᠶᠠᠭᠤᠯᠠ ᠬᠤᠳᠳᠤᠭ ᠠᠴᠠ ᠤᠰᠤ ᠳᠠᠲᠠᠬᠤ ᠳᠤ ᠭᠤᠯᠭᠤᠨ ᠣᠷᠣᠭᠠᠳ ᠰᠠᠨᠠᠭᠠᠨ ᠳᠤ ᠦᠭᠡᠢ ᠦᠬᠦᠭᠰᠡᠨ ᠢ ᠨᠤᠲᠠᠯᠠᠪᠠ᠃     ᠥᠩᠭᠡᠷᠡᠭᠰᠡᠨ ᠳᠤ᠂ ᠬᠠᠤᠯᠢ ᠶᠢᠨ ᠡᠮᠴᠢ ᠶᠢᠨ ᠠᠵᠢᠯ ᠨᠢ ᠨᠢᠭᠡ ᠦᠶ᠎ᠡ ᠵᠡᠭᠦᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠷᠡᠭᠦᠤ ᠶᠢᠨ ᠬᠡᠷᠡᠭ ᠤᠨ ᠮᠡᠷᠭᠡᠵᠢᠯ ᠤᠨ ᠳᠤᠲᠠᠭᠤᠳᠠᠯ ᠪᠣᠯᠵᠣ᠂ ᠬᠥᠮᠦᠨ᠂ ᠡᠳ᠋ ᠪᠣᠳᠠᠰ ᠪᠠ ᠪᠠᠭᠠᠵᠢ ᠬᠡᠷᠡᠭᠰᠡᠯ ᠳᠤᠲᠠᠭᠳᠠᠵᠤ ᠪᠠᠶᠢᠪᠠ᠃ ᠬᠠᠤᠯᠢ ᠶᠢᠨ ᠡᠮᠴᠢ ᠶᠢᠨ ᠠᠵᠢᠯ ᠳᠤ ᠣᠷᠣᠯᠴᠠᠭᠰᠠᠨ ᠡᠬᠢᠨ ᠤ ᠦᠶ᠎ᠡ ᠳᠤ ᠬᠡᠳᠦᠬᠡᠨ ᠮᠡᠰᠡ ᠵᠠᠰᠠᠯ ᠤᠨ ᠬᠢᠲᠤᠭ᠎ᠠ᠂ ᠬᠠᠷᠢᠴᠠᠭᠠᠲᠤ ᠱᠤᠭᠤᠮ ᠠᠴᠠ ᠳᠦᠷᠢᠮᠵᠢᠭᠰᠡᠨ ᠬᠠᠤᠯᠢ ᠪᠠᠷᠢᠯᠲᠠ ᠶᠢᠨ ᠰᠢᠯᠭᠠᠨ ᠲᠣᠭᠲᠠᠭᠠᠯᠲᠠ ᠶᠢᠨ ᠲᠥᠪ ᠬᠦᠷᠲᠡᠯ᠎ᠡ᠂ ᠠᠨᠠᠲ᠋ᠣᠮᠢ ᠶᠢᠨ ᠲᠠᠰᠤᠭ ᠢ ᠪᠠᠶᠢᠭᠤᠯᠵᠤ ᠳᠠᠭᠤᠰᠬᠠᠭᠰᠠᠨ ᠨᠢ ᠴᠥᠮ ᠸᠠᠩ ᠬᠠᠢ ᠯᠦᠩ ᠤᠨ ᠤᠶᠤᠨ ᠤᠬᠠᠭᠠᠨ ᠪᠠ ᠬᠦᠳᠡᠯᠮᠦᠷᠢ ᠠᠴᠠ ᠰᠠᠯᠵᠤ ᠴᠢᠳᠠᠰᠢ ᠦᠭᠡᠢ᠃     ᠡᠮᠴᠢᠯᠡᠭᠡᠨ ᠤ ᠠᠨᠠᠭᠠᠬᠤ ᠤᠬᠠᠭᠠᠨ ᠤ ᠲᠤᠰᠬᠠᠶ ᠮᠡᠷᠭᠡᠵᠢᠯ ᠤᠨ ᠶᠡᠭᠡ ᠰᠤᠷᠭᠠᠭᠤᠯᠢ ᠲᠡᠭᠦᠰᠦᠭᠰᠡᠨ ᠣᠶᠤᠲᠠᠨ ᠪᠣᠯᠤᠭᠰᠠᠨ ᠤ ᠬᠤᠪᠢ ᠳᠤ᠂ ᠸᠠᠩ ᠬᠠᠶ ᠯᠦᠩ ᠥᠪᠡᠷᠲᠡᠭᠡᠨ ᠰᠤᠷᠤᠯᠴᠠᠬᠤ ᠡᠮᠴᠢᠯᠡᠭᠡᠨ ᠤ ᠠᠨᠠᠭᠠᠬᠤ ᠤᠬᠠᠭᠠᠨ ᠵᠡᠷᠭᠡ ᠬᠤᠰᠢᠭᠤᠷᠠᠯ ᠰᠢᠨᠵᠢᠯᠡᠭᠡᠨ ᠤ ᠰᠠᠯᠠᠭ᠎ᠠ ᠶᠢ ᠬᠥᠭᠡᠭᠡᠴᠡᠯᠳᠦᠵᠦ᠂ ᠭᠢᠷᠢᠨ ᠶᠡᠭᠡ ᠰᠤᠷᠭᠠᠭᠤᠯᠢ ᠶᠢᠨ ᠡᠪᠡᠳᠴᠢᠨ ᠤ ᠵᠦᠶ ᠶᠢᠨ ᠤᠬᠠᠭᠠᠨ ᠤ ᠪᠦᠬᠦᠯᠢ ᠡᠳᠦᠷ ᠤᠨ ᠳᠦᠷᠢᠮᠲᠦ ᠠᠰᠫᠢᠷᠠᠨᠲ ᠢᠶᠠᠷ ᠬᠠᠤᠯᠢ ᠴᠠᠭᠠᠵᠠ ᠶᠢᠨ ᠬᠢᠷᠢ ᠬᠡᠮ ᠤᠨ ᠰᠢᠯᠭᠠᠯᠲᠠ ᠳᠤ ᠢᠳᠡᠪᠬᠢᠲᠡᠶ ᠣᠷᠣᠯᠴᠠᠵᠤ᠂ ᠬᠠᠤᠯᠢ ᠴᠠᠭᠠᠵᠠ᠂ ᠬᠠᠤᠯᠢ ᠶᠢᠨ ᠠᠨᠠᠭᠠᠬᠤ ᠤᠬᠠᠭᠠᠨ᠂ ᠬᠠᠤᠯᠢ ᠶᠢᠨ ᠠᠨᠠᠭᠠᠬᠤ ᠤᠬᠠᠭᠠᠨ ᠤ ᠡᠪᠡᠳᠴᠢᠨ ᠤ ᠵᠦᠢ ᠶᠢᠨ ᠤᠬᠠᠭᠠᠨ᠂ ᠠᠨᠠᠲ᠋ᠣᠮᠢ ᠶᠢᠨ ᠤᠬᠠᠭᠠᠨ᠂ ᠬᠠᠤᠯᠢ ᠶᠢᠨ ᠠᠨᠠᠭᠠᠬᠤ ᠤᠬᠠᠭᠠᠨ ᠤ ᠡᠮᠴᠢᠯᠡᠭᠡᠨ ᠤ ᠤᠬᠠᠭᠠᠨ ᠵᠡᠷᠭᠡ ᠲᠤᠬᠠᠶᠢᠯᠠᠭᠰᠠᠨ ᠠᠵᠢᠯ ᠤᠨ ᠮᠡᠳᠡᠯᠭᠡ ᠶᠢ ᠰᠢᠷᠭᠠᠭᠤ ᠰᠤᠳᠤᠯᠵᠤ᠂ ᠳᠡᠭᠡᠳᠦ ᠱᠠᠲᠤ ᠵᠢᠴᠢ ᠠᠬ᠎ᠠ ᠳᠡᠭᠦᠦ ᠪᠠᠶᠢᠭᠤᠯᠭ᠎ᠠ ᠶᠢᠨ ᠬᠠᠤᠯᠢ ᠶᠢᠨ ᠡᠮᠴᠢ ᠠᠴᠠ ᠳᠠᠷᠤᠤ ᠬᠢᠴᠢᠶᠡᠩᠭᠦᠶ ᠪᠠᠷ ᠰᠤᠷᠤᠯᠴᠠᠵᠤ᠂ ᠪᠤᠰᠤᠳ ᠬᠠᠤᠯᠢ ᠶᠢᠨ ᠠᠨᠠᠭᠠᠬᠤ ᠤᠬᠠᠭᠠᠨ ᠤ ᠮᠡᠷᠭᠡᠵᠢᠯ ᠤᠨ ᠠᠵᠢᠯᠲᠠᠳ ᠲᠠᠢ ᠤᠢᠢᠷ᠎ᠠ ᠶᠢᠨ ᠵᠢᠯ ᠤᠨ ᠲᠤᠷᠰᠢᠬᠢ ᠬᠠᠷᠢᠶ᠎ᠠ ᠣᠷᠣᠨ ᠤ ᠪᠠᠨ ᠭᠡᠮᠲᠦᠭᠡᠵᠦ ᠬᠥᠮᠦᠨ ᠠᠯᠠᠭᠰᠠᠨ ᠬᠡᠷᠡᠭ ᠤᠨ ᠣᠨᠴᠠᠯᠢᠭ ᠪᠠ ᠵᠢᠮ᠎ᠡ ᠶᠣᠰᠣ ᠶᠢ ᠨᠠᠷᠢᠨ ᠬᠢᠨᠠᠮᠠᠭᠠᠢ ᠰᠤᠳᠤᠯᠪᠠ᠃ 20 ᠭᠠᠷᠤᠢ ᠵᠢᠯ ᠤᠨ ᠲᠤᠷᠰᠢ᠂ ᠬᠤᠪᠢ ᠪᠡᠶ᠎ᠡ ᠪᠠᠷ ᠢᠶᠠᠨ ᠪᠤᠶᠤ ᠪᠤᠰᠤᠳ ᠬᠠᠤᠯᠢ ᠶᠢᠨ ᠠᠨᠠᠭᠠᠬᠤ ᠤᠬᠠᠭᠠᠨ ᠤ ᠲᠤᠰᠬᠠᠢ ᠮᠡᠷᠭᠡᠵᠢᠯ ᠤᠨ ᠠᠵᠢᠯᠲᠠᠳ ᠲᠠᠢ ᠬᠠᠮᠲᠤᠷᠠᠨ ᠡᠷᠳᠡᠮ ᠰᠢᠨᠵᠢᠯᠡᠭᠡᠨ ᠤ ᠥᠭᠦᠯᠡᠯ ᠣᠯᠠᠨ ᠪᠢᠴᠢᠵᠦ᠂ ᠵᠠᠯᠭᠠᠭ᠎ᠠ ᠪᠠᠷ ᠭᠤᠷᠪᠠᠨ ᠬᠤᠭᠤᠴᠠᠭ᠎ᠠ ᠤᠷᠢᠯᠭ᠎ᠠ ᠪᠠᠷ ᠳᠤᠮᠳᠠᠳᠤ ᠤᠯᠤᠰ ᠤᠨ ᠬᠠᠤᠯᠢ ᠶᠢᠨ ᠠᠨᠠᠭᠠᠬᠤ ᠤᠬᠠᠭᠠᠨ ᠤ ᠨᠡᠶᠢᠭᠡᠮᠯᠢᠭ ᠤᠨ ᠲᠦᠷᠦᠭᠦᠴᠦᠳ ᠤᠨ ᠶᠠᠷᠢᠶᠠᠨ ᠤ ᠲᠠᠪᠴᠠᠩ ᠳᠤ ᠣᠷᠣᠯᠴᠠᠵᠤ᠂ ᠬᠠᠤᠯᠢ ᠶᠢᠨ ᠠᠨᠠᠭᠠᠬᠤ ᠤᠬᠠᠭᠠᠨ ᠤ ᠬᠢᠨᠠᠨ ᠲᠣᠭᠲᠠᠭᠠᠯᠲᠠ ᠶᠢᠨ ᠠᠵᠢᠯ ᠲᠦᠷᠦᠯ ᠤᠨ ᠣᠷᠦ᠋ᠢᠯᠠᠭᠴᠢ ᠪᠣᠯᠵᠠᠢ᠃      2017 ᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨᠠᠨ ᠲᠣᠭᠲᠠᠭᠠᠬᠤ ᠪᠠᠶᠢᠭᠤᠯᠤᠮᠵᠢ ᠶᠢ ᠭᠡᠷᠡᠴᠢᠯᠡᠬᠦ ᠠᠵᠢᠯ ᠤᠨ ᠳᠤᠮᠳᠠ᠂ ᠸᠠᠩ ᠬᠠᠶ ᠯᠦᠩ ᠬᠢᠨᠠᠨ ᠲᠣᠭᠲᠠᠭᠠᠬᠤ ᠣᠯᠠᠨ ᠲᠥᠷᠥᠯ ᠵᠦᠢᠯ ᠤᠨ ᠰᠢᠰᠲ᠋ᠧᠮᠵᠢ ᠶᠢᠨ ᠪᠢᠴᠢᠭ ᠮᠠᠲ᠋ᠧᠷᠢᠶᠠᠯ ᠢ ᠪᠠᠶᠢᠭᠤᠯᠤᠨ ᠲᠡᠭᠦᠯᠳᠡᠷᠵᠢᠭᠦᠯᠬᠦ ᠪᠠ ᠵᠠᠰᠠᠪᠤᠷᠢ ᠣᠷᠣᠭᠤᠯᠬᠤ ᠠᠵᠢᠯ ᠢ ᠭᠠᠭᠴᠠᠭᠠᠷ ᠪᠡᠶᠡᠯᠡᠭᠦᠯᠵᠦ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠡᠷᠬᠡ ᠣᠯᠭᠤᠨ ᠳᠠᠩᠰᠠᠯᠠᠬᠤ ᠪᠠ ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠶᠢᠨ ᠬᠢᠷᠢ ᠬᠡᠮ ᠤᠨ ᠮᠠᠭᠠᠳᠯᠠᠨ ᠲᠣᠭᠲᠠᠭᠠᠯᠲᠠ ᠶᠢ ᠰᠢᠯᠢ ᠶᠢᠨ ᠭᠤᠤᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠤᠷᠢᠳᠠᠪᠠᠷ ᠥᠩᠭᠡᠷᠡᠭᠡᠭᠰᠡᠨ ᠪᠠᠶᠢᠨ᠎ᠠ᠃ ᠲᠡᠭᠦᠨ ᠤ ᠲᠤᠬᠠᠶᠢᠯᠠᠭᠰᠠᠨ ᠠᠵᠢᠯ ᠳᠤ ᠪᠠᠨ ᠴᠠᠭᠠᠷᠠᠭᠰᠠᠨ ᠴᠢᠳᠠᠪᠤᠷᠢ ᠨᠢ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨᠠᠨ ᠲᠣᠭᠲᠠᠭᠠᠬᠤ ᠪᠠᠶᠢᠭᠤᠯᠤᠮᠵᠢ ᠶᠢᠨ ᠠᠵᠢᠯ ᠨᠢᠭᠡᠲᠡᠨ ᠤ ᠰᠠᠶᠢᠨ ᠦᠨᠡᠯᠡᠯᠲᠡ ᠶᠢ ᠣᠯᠵᠤ᠂ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠲᠣᠮᠢᠯᠠᠯᠲᠠ ᠪᠠᠷ ᠪᠤᠰᠤᠳ ᠬᠤᠰᠢᠭᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠨᠠᠨ ᠲᠣᠭᠲᠠᠭᠠᠬᠤ ᠪᠠᠶᠢᠭᠤᠯᠤᠮᠵᠢ ᠶᠢᠨ ᠭᠡᠷᠡᠴᠢᠯᠡᠯ ᠤᠨ ᠠᠵᠢᠯ ᠤᠨ ᠵᠢᠯᠣᠭᠤᠳᠬᠤ ᠪᠠᠭᠰᠢ ᠶᠢᠨ ᠲᠤᠰᠢᠶᠠᠯ ᠢ ᠡᠭᠦᠷᠭᠡᠯᠡᠵᠡᠶ᠃
d038301fb38018b29cf8794128f636d.jpg   
     ᠣᠯᠠᠨ ᠵᠢᠯ ᠤᠨ ᠲᠤᠷᠰᠢ᠂ ᠸᠠᠩ ᠬᠠᠶ ᠯᠦᠩ ᠣᠳᠣ ᠶᠢᠨ ᠪᠠᠶᠢᠭ᠎ᠠ ᠨᠥᠬᠦᠴᠡᠯ ᠢᠶᠠᠨ ᠭᠦᠢᠴᠡᠳ ᠠᠰᠢᠭᠯᠠᠨ ᠶᠡᠭᠡ ᠳᠡᠭᠡᠳᠦ ᠰᠤᠷᠭᠠᠭᠤᠯᠢ ᠪᠤᠶᠤ ᠪᠤᠰᠤᠳ ᠨᠢᠭᠡᠴᠢ ᠲᠠᠢ ᠬᠠᠮᠲᠤᠷᠠᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠥᠷᠨᠢᠭᠦᠯᠵᠦ᠂ ᠣᠯᠠᠨ ᠵᠢᠯ ᠤᠨ ᠲᠤᠷᠰᠢᠬᠢ ᠬᠠᠤᠯᠢ ᠶᠢᠨ ᠠᠨᠠᠭᠠᠬᠤ ᠤᠬᠠᠭᠠᠨ ᠤ ᠠᠵᠢᠯ ᠤᠨ ᠦᠢᠯᠡᠳᠦᠯᠭᠡ ᠶᠢᠨ ᠲᠤᠷᠰᠢᠯᠭ᠎ᠠ ᠪᠠ ᠡᠪᠡᠳᠴᠢᠨ ᠤ ᠵᠦᠢ ᠶᠢᠨ ᠤᠬᠠᠭᠠᠨ ᠤ ᠮᠠᠰᠲ᠋ᠧᠷ ᠤᠨ ᠰᠤᠳᠤᠯᠭᠠᠨ ᠤ ᠦᠷ᠎ᠡ ᠪᠦᠳᠦᠮᠵᠢ ᠳᠤ ᠪᠠᠨ ᠲᠦᠰᠢᠭᠯᠡᠨ᠂ ᠡᠪᠡᠳᠴᠢᠨ ᠤ ᠵᠦᠢ ᠶᠢ ᠰᠢᠯᠭᠠᠨ ᠪᠠᠶᠢᠴᠠᠭᠠᠵᠤ ᠬᠢᠨᠠᠨ ᠲᠤᠭᠳᠠᠭᠠᠬᠤ ᠰᠤᠳᠤᠯᠭᠠᠨ ᠤ ᠠᠵᠢᠯ ᠢ ᠢᠳᠡᠪᠬᠢᠲᠡᠢ ᠥᠷᠨᠢᠭᠦᠯᠬᠦ ᠶᠢᠨ ᠬᠠᠮᠳᠤ ᠭᠢᠷᠢᠨ ᠶᠡᠭᠡ ᠰᠤᠷᠭᠠᠭᠤᠯᠢ ᠶᠢᠨ ᠬᠠᠤᠯᠢ ᠪᠠᠷᠢᠯᠲᠠ ᠶᠢᠨ ᠰᠢᠯᠭᠠᠨ ᠲᠣᠭᠲᠠᠭᠠᠯᠲᠠ ᠶᠢᠨ ᠲᠥᠪ ᠵᠢᠴᠢ ᠭᠢᠷᠢᠨ ᠤ ᠢ ᠨᠥᠸᠧ ᠬᠠᠤᠯᠢ ᠪᠠᠷᠢᠯᠲᠠ ᠶᠢᠨ ᠰᠢᠯᠭᠠᠨ ᠲᠣᠭᠲᠠᠭᠠᠯᠲᠠ ᠶᠢᠨ ᠲᠥᠪ ᠲᠠᠢ ᠲᠤᠬᠠᠶᠢᠯᠠᠭᠰᠠᠨ ᠠᠵᠢᠯ ᠤᠨ ᠰᠠᠶᠢᠨ ᠬᠠᠷᠢᠯᠴᠠᠭ᠎ᠠ ᠪᠠᠶᠢᠭᠤᠯᠵᠤ᠂ ᠬᠠᠤᠯᠢ ᠶᠢᠨ ᠡᠮᠴᠢ ᠶᠢᠨ ᠠᠵᠢᠯ ᠤᠨ ᠲᠤᠷᠰᠢᠨ ᠪᠠᠶᠢᠴᠠᠭᠠᠬᠤ ᠰᠠᠯᠠᠭ᠎ᠠ ᠮᠥᠴᠢᠷ ᠤᠨ ᠰᠡᠵᠢᠭ ᠢ ᠲᠠᠶᠢᠯᠬᠤ ᠰᠢᠪᠲᠤᠯᠤᠯᠲᠠ ᠶᠢᠨ ᠴᠡᠭ ᠢ ᠲᠠᠰᠤᠷᠠᠯᠲᠠ ᠥᠬᠡᠶ ᠬᠠᠶᠢᠨ ᠰᠦᠪᠡᠭᠴᠢᠯᠡᠵᠦ᠂ ᠬᠦᠴᠢᠷ ᠲᠦᠪᠡᠭᠲᠡᠶ ᠬᠡᠷᠡᠭ ᠢ ᠵᠠᠳᠠᠯᠤᠨ ᠰᠢᠨᠵᠢᠯᠡᠵᠦ ᠬᠠᠮᠲᠤᠷᠠᠨ ᠣᠨᠣᠰᠢᠯᠠᠬᠤ ᠠᠵᠢᠯ ᠳᠤ ᠣᠯᠠᠨ ᠤᠳᠠᠭ᠎ᠠ ᠣᠷᠣᠯᠴᠠᠵᠤ᠂ ᠠᠯᠢ ᠣᠯᠠᠨ ᠬᠠᠤᠯᠢ ᠶᠢᠨ ᠠᠨᠠᠭᠠᠬᠤ ᠤᠬᠠᠭᠠᠨ ᠤ ᠰᠠᠨᠠᠭᠤᠯᠭ᠎ᠠ ᠳᠤᠷᠠᠳᠴᠤ᠂ ᠥᠭᠦᠭᠰᠡᠳ ᠢ ︽ᠠᠮᠠ ᠨᠡᠭᠡᠭᠡᠨ ᠦᠭᠡ ᠶᠠᠷᠢᠭᠤᠯᠬᠤ︾᠂ ᠥᠭᠦᠭᠰᠡᠳ ᠲᠠᠢ ︽ᠶᠠᠷᠢᠯᠴᠠᠭᠤᠯᠬᠤ︾᠂ ᠥᠭᠦᠭᠰᠡᠳ ᠤᠨ ᠨᠢᠭᠤᠴᠠ ᠨᠣᠮᠧᠷ ᠢ ᠣᠷᠴᠢᠭᠤᠯᠵᠤ ᠴᠢᠳᠠᠬᠤ ᠪᠣᠯᠭᠠᠵᠠᠶ᠃    2013 ᠣᠨ ᠤ 5 ᠳ᠋ᠤᠭᠠᠷ ᠰᠠᠷ᠎ᠠ ᠳᠤ᠂ ᠸᠠᠩ ᠬᠠᠶ ᠯᠦᠩ ᠨᠢᠭᠡᠨ ᠶᠠᠰᠤᠵᠢᠭᠰᠠᠨ ᠬᠡᠭᠦᠷ ᠢ ᠰᠢᠯᠭᠠᠨ ᠪᠠᠶᠢᠴᠠᠭᠠᠬᠤ ᠡᠭᠦᠷᠭᠡ ᠳᠤ ᠰᠢᠭᠤᠳ ᠣᠷᠣᠯᠴᠠᠵᠤ᠂ ᠭᠤᠣᠯ ᠪᠠᠶᠢᠴᠠᠭᠠᠬᠤ ᠬᠠᠤᠯᠢ ᠶᠢᠨ ᠡᠮᠴᠢ ᠪᠣᠯᠤᠭᠰᠠᠨ ᠤ ᠬᠤᠪᠢ ᠳᠤ᠂ ᠬᠡᠭᠦᠷ ᠢ ᠰᠢᠯᠭᠠᠨ ᠪᠠᠶᠢᠴᠠᠭᠠᠬᠤ ᠪᠠᠷ ᠳᠠᠮᠵᠢᠨ᠂ ᠬᠡᠭᠦᠷ ᠤᠨ ᠶᠠᠰᠤ ᠨᠢ ᠪᠦᠷᠢᠨ ᠪᠦᠲᠦᠨ᠂ ᠬᠡᠯᠡᠨ ᠤ ᠶᠠᠰᠤ ᠨᠢ ᠪᠦᠷᠢᠨ ᠪᠤᠰᠤ᠂ ᠳᠣᠣᠷ᠎ᠠ ᠮᠥᠴᠢ ᠳᠤ ᠪᠠᠭ᠎ᠠ ᠰᠠᠭ᠎ᠠ ᠵᠥᠭᠡᠯᠡᠨ ᠨᠡᠬᠡᠳᠡᠰᠦ ᠪᠠᠶᠢᠬᠤ ᠶᠢ ᠭᠠᠷᠭᠠᠪᠠᠯ᠂ ᠪᠤᠰᠤᠳ ᠬᠡᠰᠡᠭ ᠤᠨ ᠵᠥᠭᠡᠯᠡᠨ ᠨᠡᠬᠡᠳᠡᠰᠦ ᠨᠢ ᠴᠥᠮ ᠢᠯᠵᠢᠷᠡᠭᠰᠡᠨ ᠵᠡᠷᠭᠡ ᠣᠨᠴᠠᠯᠢᠭ ᠨᠢ ᠶᠠᠯ᠎ᠠ ᠬᠢᠭᠰᠡᠨ ᠰᠡᠵᠢᠭᠳᠡᠨ ᠤ ᠲᠤᠰᠢᠶᠠᠭᠰᠠᠨ ᠬᠡᠷᠡᠭ ᠦᠢᠯᠡᠳᠦᠭᠰᠡᠨ ᠶᠠᠪᠤᠴᠠ ᠲᠠᠢ ᠨᠡᠶᠢᠴᠡᠵᠦ᠂ ᠰᠢᠯᠭᠠᠨ ᠪᠠᠶᠢᠴᠠᠭᠠᠭᠰᠠᠨ ᠦᠷ᠎ᠡ ᠳ᠋ᠦᠩ ᠨᠢ ᠣᠨᠣᠪᠴᠢᠲᠠᠢ ᠪᠥᠭᠡᠳ ᠰᠢᠭᠦᠬᠦ ᠲᠢᠩᠬᠢᠮ ᠳᠤ ᠬᠦᠯᠢᠶᠡᠨ ᠠᠪᠤᠭᠳᠠᠵᠤ᠂ 3 ᠵᠢᠯ ᠬᠢᠯᠢᠰᠳᠡᠭᠰᠡᠨ ᠬᠥᠮᠦᠨ ᠠᠯᠠᠭᠰᠠᠨ ᠬᠡᠷᠡᠭ ᠢ ᠠᠮᠵᠢᠯᠲᠠ ᠲᠠᠢ ᠢᠯᠡᠷᠡᠭᠦᠯᠬᠦ ᠳᠤ ᠴᠢᠬᠤᠯᠠ ᠬᠠᠤᠯᠢ ᠶᠢᠨ ᠡᠮᠴᠢ ᠶᠢᠨ ᠮᠡᠷᠭᠡᠵᠢᠯ ᠤᠨ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃    ᠸᠠᠩ ᠬᠠᠢ ᠯᠦᠩ ᠦᠨᠳᠦᠰᠦᠨ ᠱᠠᠲᠤᠨ ᠳᠤ 22 ᠵᠢᠯ ᠰᠠᠭᠤᠷᠢᠰᠢᠵᠤ᠂ ᠤᠶᠤᠨ ᠤᠬᠠᠭᠠᠨ ᠤᠷ᠎ᠠ ᠴᠢᠳᠠᠪᠤᠷᠢ ᠪᠠᠷ ᠢᠶᠠᠨ ᠰᠡᠵᠢᠭ ᠲᠠᠢ ᠬᠡᠷᠡᠭ ᠤᠨ ᠳᠤᠲᠠᠭᠤᠳᠠᠯ ᠢ ᠨᠡᠭᠡᠭᠡᠭᠰᠡᠨ ᠬᠠᠤᠯᠢ ᠶᠢᠨ ᠡᠮᠴᠢ ᠶᠢᠨ ᠠᠵᠢᠯᠲᠠᠨ ᠪᠣᠯᠵᠠᠢ᠃ ᠣᠯᠠᠨ ᠵᠢᠯ ᠤᠨ ᠲᠤᠷᠰᠢ᠂ ᠡᠳᠦᠷ ᠰᠥᠨᠢ ᠪᠤᠶᠤ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠭᠡᠰᠡᠨ ᠦᠭᠡᠶ᠂ ᠠᠮᠢᠨ ᠬᠡᠷᠡᠭ ᠭᠠᠷᠳᠠᠭ ᠯᠠ ᠶᠤᠮ ᠪᠣᠯ᠂ ᠲᠡᠷᠡ ᠶᠡᠷᠦ ᠨᠢ ᠬᠡᠷᠡᠭ ᠭᠠᠷᠤᠭᠰᠠᠨ ᠭᠠᠵᠠᠷ ᠲᠤ ᠬᠠᠮᠤᠭ ᠲᠡᠷᠢᠭᠦᠨ ᠳᠤ ᠬᠦᠷᠴᠦ᠂ ᠢᠳᠡᠬᠦ ᠣᠤᠭᠤᠬᠤ ᠶᠠᠪᠤᠵᠤ ᠰᠠᠭᠤᠬᠤ ᠨᠢ ᠶᠡᠷᠦ ᠨᠢ ᠲᠣᠭᠲᠠᠭᠰᠠᠨ ᠴᠠᠭ ᠭᠡᠵᠦ ᠪᠠᠶᠢᠳᠠᠭ ᠦᠭᠡᠢ᠃    ᠠᠵᠢᠯ ᠳᠤ ᠣᠷᠤᠯᠴᠠᠭᠰᠠᠨ ᠡᠬᠢᠨ ᠤ ᠦᠶ᠎ᠡ ᠳᠤ᠂ ᠬᠠᠷᠢᠶ᠎ᠠ ᠣᠷᠣᠨ ᠳᠤ ᠳᠡᠭᠡᠳᠦ ᠬᠡᠮᠵᠢᠶ᠎ᠡ ᠪᠠᠷ ᠢᠯᠵᠠᠷᠠᠭᠰᠠᠨ 3 ᠬᠡᠭᠦᠷ ᠢᠯᠡᠷᠡᠵᠦ᠂ ᠸᠠᠩ ᠬᠠᠶ ᠯᠦᠩ ᠪᠣᠯᠤᠨ ᠲᠤᠷᠰᠢᠨ ᠪᠠᠶᠢᠴᠠᠭᠠᠬᠤ ᠠᠵᠢᠯᠲᠠᠨ ᠬᠠᠮᠲᠤ ᠪᠠᠷ ᠲᠤᠬᠠᠶ ᠶᠢᠨ ᠲᠠᠯᠠᠪᠠᠶ ᠳᠤ ᠬᠦᠷᠬᠦ ᠳᠤ᠂ ᠬᠠᠮᠠᠷ ᠭᠠᠳᠠᠮ᠎ᠠ ᠦᠮᠡᠬᠡᠶ ᠪᠠᠶᠢᠪᠠ᠃ ᠲᠡᠷᠡ 5 ᠴᠠᠭ ᠭᠠᠷᠤᠶ ᠨᠠᠷᠢᠨ ᠨᠢᠮᠪᠠᠶ ᠰᠢᠯᠭᠠᠨ ᠪᠠᠶᠢᠴᠠᠭᠠᠵᠤ᠂ ᠡᠴᠦᠰ ᠲᠤ ᠪᠠᠨ ᠲᠡᠭᠦᠨ ᠢ ᠬᠤᠣᠷᠯᠠᠨ ᠠᠯᠠᠭᠰᠠᠨ ᠬᠡᠷᠡᠭ ᠮᠥᠨ ᠭᠡᠵᠦ ᠳᠣᠲᠣᠯᠠᠵᠠᠶ᠂ ᠡᠷᠡᠭᠦᠦ ᠶᠢᠨ ᠴᠠᠭᠳᠠᠭ᠎ᠠ ᠨᠠᠷ ᠬᠢᠨᠠᠨ ᠲᠣᠭᠲᠠᠭᠠᠭᠰᠠᠨ ᠳ᠋ᠦᠩ ᠢ ᠦᠨᠳᠦᠰᠦᠯᠡᠨ᠂ ᠶᠠᠯ᠎ᠠ ᠬᠢᠭᠰᠡᠨ ᠰᠡᠵᠢᠭᠳᠡᠨ ᠢ ᠦᠳᠲᠡᠷ ᠲᠦᠷᠭᠡᠨ ᠢᠶᠠᠷ ᠪᠠᠶᠢᠴᠠᠭᠠᠨ ᠳᠣᠲᠣᠯᠠᠭᠰᠠᠨ ᠪᠥᠭᠡᠳ ᠲᠡᠭᠦᠨ ᠢ ᠠᠮᠵᠢᠯᠲᠠ ᠲᠠᠢ ᠪᠠᠷ ᠪᠠᠷᠢᠪᠴᠢᠯᠠᠪᠠ᠃     2011 ᠣᠨ ᠤ 10 ᠳ᠋ᠤᠭᠠᠷ ᠰᠠᠷ᠎ᠠ ᠶᠢᠨ 30 ᠤ ᠡᠳᠦᠷ ᠤᠨ 23 ᠴᠠᠭ ᠲᠤ᠂ ᠵᠡᠭᠦᠨ ᠦᠵᠦᠮᠦᠴᠢᠨ ᠬᠤᠰᠢᠭᠤᠨ ᠤ ᠤᠯᠢᠶᠠᠰᠤᠲᠠᠶ ᠪᠠᠯᠭᠠᠰᠤᠨ ᠤ ᠲᠤᠯᠠᠭᠠᠨ ᠵᠡᠭᠡᠯᠢ ᠶᠢᠨ ᠨᠢᠭᠡᠨ ᠬᠤᠭ ᠨᠣᠪᠰᠢ ᠳᠠᠮᠵᠢᠭᠤᠯᠬᠤ ᠥᠷᠲᠡᠭᠡᠨ ᠳᠤ ᠨᠢᠭᠡ ᠨᠠᠰᠤᠲᠠᠨ ᠤ ᠬᠡᠭᠦᠷ ᠢᠯᠡᠷᠡᠵᠦ᠂ ᠸᠠᠩ ᠬᠠᠶ ᠯᠦᠩ ᠥᠭᠦᠭᠰᠡᠳ ᠤᠨ ᠪᠡᠶ᠎ᠡ ᠳᠡᠭᠡᠷᠡᠬᠢ ᠵᠦᠯᠭᠦᠭᠦᠷ ᠢᠶᠠᠷ ᠳᠡᠮᠵᠢᠨ ᠰᠡᠵᠢᠭᠳᠡᠨ ᠤ DNA ᠶᠢ ᠢᠯᠡᠷᠡᠭᠦᠯᠵᠦ᠂ ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠬᠤ ᠳᠤ ᠠᠰᠢᠭᠲᠠᠶ ᠭᠡᠷᠡᠴᠢ ᠪᠠᠷᠢᠮᠲᠠ ᠬᠠᠩᠭᠠᠪᠠ᠃     ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠳᠤᠮᠳᠠ᠂ ᠴᠠᠭᠳᠠᠭᠠᠨ ᠤ ᠬᠦᠴᠦᠨ ᠬᠠᠷ᠎ᠠ ᠪᠦᠯᠦᠭᠲᠡᠨ ᠬᠠᠷᠭᠢᠰ ᠬᠦᠴᠦᠨ ᠤ ᠬᠡᠷᠡᠭ ᠢ ᠪᠦᠬᠦ ᠬᠦᠴᠦᠨ ᠢᠶᠠᠷ ᠢᠶᠠᠨ ᠰᠢᠪᠲᠤᠯᠵᠤ᠂ ᠬᠥᠮᠦᠨ ᠬᠠᠷ᠎ᠠ ᠬᠦᠨᠳᠦ ᠨᠣᠴᠢᠲᠠᠢ ᠬᠦᠷᠦᠯᠴᠡᠬᠦ ᠦᠭᠡᠢ ᠪᠠᠶᠢᠳᠠᠯ ᠳᠣᠣᠷ᠎ᠠ᠂ ᠸᠠᠩ ᠬᠠᠢ ᠯᠦᠩ ᠤᠯᠠᠨ ᠵᠢᠯ ᠤᠨ ᠲᠤᠷᠰᠢ ᠬᠤᠷᠠᠮᠳᠤᠭᠤᠯᠤᠭᠰᠠᠨ ᠲᠠᠩᠨᠠᠨ ᠪᠠᠶᠢᠴᠠᠭᠠᠬᠤ ᠠᠵᠢᠯ ᠤᠨ ᠲᠤᠷᠰᠢᠯᠭ᠎ᠠ ᠪᠠᠨ ᠠᠰᠢᠭᠯᠠᠵᠤ᠂ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠰᠠᠯᠠᠭ᠎ᠠ ᠮᠥᠴᠢᠷ ᠢ ᠪᠦᠬᠦ ᠬᠦᠴᠦᠨ ᠢᠶᠠᠷ ᠢᠶᠠᠨ ᠬᠠᠮᠵᠢᠨ ᠬᠠᠷᠢᠶ᠎ᠠ ᠣᠷᠣᠨ ᠤ ᠳᠠᠷᠤᠭᠳᠠᠮᠠᠯ ᠬᠡᠷᠡᠭ ᠢ ᠲᠠᠩᠨᠠᠨ ᠰᠢᠢᠳᠪᠦᠷᠢᠯᠡᠪᠡ᠃ 2019 ᠣᠨ ᠤ ᠬᠠᠪᠤᠷ ᠤᠨ ᠡᠬᠢ ᠪᠠᠷ᠂ ᠬᠠᠷᠢᠶ᠎ᠠ ᠣᠷᠣᠨ ᠳᠤ ᠨᠢᠭᠡᠨ ᠠᠮᠢᠨ ᠬᠡᠷᠡᠭ ᠭᠠᠷᠤᠭᠰᠠᠨ ᠳᠤ᠂ ᠬᠡᠷᠡᠴᠢ ᠪᠠᠷᠢᠮᠲᠠ ᠶᠢᠨ ᠬᠡᠯᠬᠢᠶ᠎ᠡ ᠶᠢ ᠲᠡᠭᠦᠯᠳᠡᠷᠵᠢᠭᠦᠯᠬᠦ ᠶᠢᠨ ᠲᠥᠯᠥᠭᠡ᠂ ᠲᠤᠬᠠᠢ ᠶᠢᠨ ᠲᠠᠯᠠᠪᠠᠢ ᠶᠢᠨ ᠪᠣᠳᠠᠰ ᠤᠨ ᠭᠡᠷᠡᠴᠢ ᠶᠢᠨ DNA ᠶᠢᠨ ᠬᠢᠨᠠᠨ ᠲᠣᠭᠲᠠᠭᠠᠯᠲᠠ ᠳᠤᠮᠳᠠ᠂ ᠸᠠᠩ ᠬᠠᠢ ᠯᠦᠩ ᠤᠷᠢᠳ ᠬᠤᠵᠢᠳ 3 ᠤᠳᠠᠭ᠎ᠠ ᠬᠥᠬᠡᠬᠤᠲᠠ᠂ ᠪᠡᠭᠡᠵᠢᠩ ᠬᠤᠳᠠ ᠵᠡᠷᠭᠡ ᠭᠠᠵᠠᠷ ᠲᠤ ᠬᠦᠷᠴᠦ ᠰᠢᠯᠭᠠᠨ ᠪᠠᠶᠢᠴᠠᠭᠠᠯᠭᠠᠬᠤ ᠮᠠᠲ᠋ᠧᠷᠢᠶᠠᠯ ᠬᠦᠷᠭᠡᠵᠦ᠂ ᠰᠡᠵᠢᠭᠳᠡᠨ ᠢ ᠣᠨᠣᠪᠴᠢᠲᠠᠢ ᠲᠣᠭᠲᠠᠭᠠᠵᠤ᠂ ᠵᠠᠷᠭᠤ ᠶᠢᠨ ᠠᠵᠢᠯᠯᠠᠭ᠎ᠠ ᠶᠢᠨ ᠬᠡᠪ ᠢᠶᠠᠷ ᠶᠠᠪᠤᠭᠳᠠᠬᠤ ᠶᠢ ᠪᠠᠲᠤᠯᠠᠵᠠᠢ᠃ ᠰᠦᠪᠡᠭᠴᠢ ᠶᠢ ᠪᠠᠶᠢᠴᠠᠭᠠᠨ ᠵᠢᠭᠰᠠᠭᠠᠬᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠲᠡᠷᠡ ᠥᠩᠭᠡᠷᠡᠭᠰᠡᠨ ᠵᠢᠯ ᠤᠳ ᠤᠨ ᠬᠠᠤᠯᠢ ᠶᠢᠨ ᠡᠮᠴᠢ ᠶᠢᠨ ᠰᠢᠯᠭᠠᠨ ᠪᠠᠶᠢᠴᠠᠭᠠᠵᠤ ᠬᠢᠨᠠᠨ ᠲᠣᠭᠲᠠᠭᠠᠭᠰᠠᠨ ᠡᠭᠡ ᠲᠠᠩᠰᠠ ᠶᠢ ᠨᠠᠷᠢᠨ ᠬᠢᠨᠠᠮᠠᠭᠠᠢ ᠡᠮᠬᠢᠯᠡᠵᠦ᠂ ᠬᠡᠷᠡᠭ ᠢ ᠲᠤᠷᠰᠢᠨ ᠪᠠᠶᠢᠴᠠᠭᠠᠬᠤ ᠠᠵᠢᠯ ᠳᠤ ᠠᠩᠬᠠᠨ ᠤ ᠮᠠᠲ᠋ᠧᠷᠢᠶᠠᠯ ᠢ ᠬᠠᠩᠭᠠᠪᠠ᠃    
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠤᠳᠤᠭᠠᠳᠤ ᠶᠢ ᠬᠠᠮᠠᠭᠠᠯᠠᠬᠤ ᠲᠣᠪᠴᠢᠶ᠎ᠠ