ᠣᠯᠠᠨ ᠲᠦᠮᠡᠨ ᠤ ᠰᠡᠳᠬᠢᠯ ᠢ ᠠᠮᠤᠷᠵᠢᠭᠤᠯᠬᠤ ︽ᠡᠩᠬᠡ ᠠᠮᠤᠭᠤᠯᠠᠩ ᠤᠨ ᠣᠳᠣᠨ︾ — ᠬᠤᠤ ᠰᠢᠶᠤᠤ ᠯᠢᠨ
ᠨᠡᠶᠢᠲᠡᠯᠡᠭᠰᠡᠨ ᠴᠠᠭ᠄
2023/11/7
     ᠬᠤᠤ ᠰᠢᠶᠤᠤ ᠯᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠲᠤᠬᠠᠢ ᠣᠯᠤᠯᠲᠠ ᠲᠦᠷᠦᠭᠳᠡᠯ ᠢᠶᠠᠨ ᠶᠠᠷᠢᠬᠤ ᠳᠤ ᠪᠠᠨ᠄ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠬᠤ ᠪᠠᠷ ᠳᠠᠮᠵᠢᠭᠤᠯᠤᠨ᠂ ᠨᠠᠳᠠ ᠳᠤ ᠭᠦᠨ ᠰᠠᠭᠤᠭᠳᠠᠯ ᠥᠭᠭᠦᠭᠰᠡᠨ ᠬᠤᠶᠢᠰᠢᠳᠠ ᠶᠢᠨ ᠠᠵᠢᠯ ᠳᠤᠮᠳᠠ ᠪᠠᠨ ᠪᠢ ᠤᠬ ᠰᠠᠨᠠᠭ᠎ᠠ ᠪᠠᠨ ᠪᠣᠳᠠᠲᠤ ᠠᠵᠢᠯᠯᠠᠭ᠎ᠠ ᠳᠤ ᠪᠠᠨ ᠠᠭᠤᠰᠬᠠᠵᠤ᠂ ᠶᠡᠷᠦᠩᠬᠡᠢ ᠱᠦᠵᠢ ᠰᠢ ᠶᠢᠨ ᠫᠢᠩ ᠤᠨ︽ᠨᠠᠮ ᠳᠤ ᠪᠠᠨ ᠦᠨᠡᠨᠴᠢ ᠪᠠᠶᠢᠬᠤ᠂ ᠠᠷᠠᠳ ᠲᠦᠮᠡᠨ ᠳᠤ ᠦᠢᠯᠡᠴᠢᠯᠡᠬᠦ᠂ ᠲᠥᠪ ᠭᠤᠣᠯᠴᠢ ᠪᠠᠷ ᠬᠠᠤᠯᠢ ᠬᠡᠷᠡᠭᠵᠢᠭᠦᠯᠬᠦ᠂ ᠰᠠᠬᠢᠯᠭ᠎ᠠ ᠪᠠᠲᠤ ᠴᠢᠩᠭ᠎ᠠ ᠪᠠᠶᠢᠬᠤ︾ ᠶᠡᠷᠦᠩᠬᠡᠢ ᠱᠠᠭᠠᠷᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠰᠢᠨ᠎ᠡ ᠡᠭᠦᠷᠭᠡ ᠬᠠᠷᠢᠭᠤᠴᠠᠯᠭ᠎ᠠ ᠶᠢ ᠡᠪᠦᠷᠯᠡᠵᠦ᠂ ᠤᠬ ᠰᠠᠨᠠᠭ᠎ᠠ ᠪᠠᠨ ᠦᠯᠦ ᠮᠠᠷᠲᠠᠬᠤ ᠰᠥᠰᠥ ᠵᠣᠷᠢᠭ ᠪᠣᠯᠤᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠵᠣᠷᠢᠭ ᠢᠶᠠᠷ ᠳᠣᠲᠣᠭᠠᠳᠤ ᠶᠢ ᠬᠠᠮᠠᠭᠠᠯᠠᠬᠤ ᠠᠵᠢᠯ ᠳᠤ ᠣᠷᠣᠯᠴᠠᠵᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠠᠮᠤᠷ ᠠᠮᠤᠭᠤᠯᠠᠩ ᠰᠠᠶᠢᠬᠠᠨ ᠢ ᠪᠦᠳᠦᠭᠡᠨ ᠪᠠᠶᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ᠃     2022 ᠣᠨ ᠤ 1 ᠰᠠᠷ᠎ᠠ ᠳᠤ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠦᠷᠦᠯ ᠤᠨ ᠴᠠᠭᠳᠠᠭ᠎ᠠ ᠶᠢᠨ ᠶᠡᠭᠡ ᠠᠩᠬᠢ ᠪᠠᠶᠢᠭᠤᠯᠤᠭᠳᠠᠵᠤ᠂ ᠬᠤᠤ ᠰᠢᠶᠤᠤ ᠯᠢᠨ ᠶᠡᠭᠡ ᠠᠩᠬᠢ ᠶᠢᠨ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ᠃
微信图片_20230223112236.png   
     ᠬᠠᠷᠢᠶᠠᠲᠤ ᠣᠷᠣᠨ ᠤ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠬᠢᠷᠢ ᠲᠦᠪᠰᠢᠨ ᠢ ᠴᠢᠩᠭᠠᠳᠬᠠᠬᠤ᠂ ᠴᠠᠭᠳᠠᠭ᠎ᠠ ᠶᠢ ᠣᠯᠵᠤ ᠦᠵᠡᠬᠦ ᠨᠤᠷᠮ᠎ᠠ᠂ ᠬᠡᠷᠡᠭ ᠶᠠᠪᠤᠳᠠᠯ ᠢ ᠬᠠᠮᠢᠶᠠᠷᠬᠤ ᠨᠤᠷᠮ᠎ᠠ ᠶᠢ ᠦᠨᠡᠨ ᠬᠦ ᠳᠡᠭᠡᠭᠰᠢᠯᠡᠭᠦᠯᠬᠦ ᠶᠢᠨ ᠲᠦᠯᠦᠭᠡ᠂ ᠬᠤᠤ ᠰᠢᠶᠤᠤ ᠯᠢᠨ ᠨᠡᠶᠢᠭᠡᠮ ᠤᠨ ᠲᠠᠯ᠎ᠠ ᠶᠢᠨ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠠᠵᠢᠯ ᠤᠨ ᠡᠭᠦᠷᠭᠡ ᠴᠢᠳᠠᠪᠬᠢ ᠲᠠᠢ ᠤᠶᠠᠯᠳᠤᠭᠤᠯᠵᠤ᠂ ᠲᠣᠭᠤᠷᠢᠨ ᠴᠠᠭᠳᠠᠬᠤ ᠴᠠᠭᠳᠠᠭ᠎ᠠ ᠶᠢᠨ ᠬᠦᠴᠦᠨ ᠤ ᠪᠠᠶᠢᠷᠢᠯᠠᠭᠤᠯᠤᠯᠲᠠ᠂ ᠲᠣᠭᠤᠷᠢᠨ ᠴᠠᠭᠳᠠᠬᠤ ᠬᠡᠪᠴᠢᠶ᠎ᠡ ᠪᠣᠯᠤᠨ ᠲᠣᠭᠤᠷᠢᠨ ᠴᠠᠭᠳᠠᠬᠤ ᠴᠠᠭ ᠤᠨ ᠲᠠᠯ᠎ᠠ ᠪᠠᠷ ᠳᠤᠬᠢᠷᠠᠭᠤᠯᠤᠯᠳᠠ ᠬᠢᠭᠰᠡᠨ ᠪᠥᠭᠡᠳ ᠪᠡᠶ᠎ᠡ ᠪᠠᠷ ᠢᠶᠠᠨ ᠪᠦᠯᠬᠦᠮ ᠳᠠᠭᠠᠭᠤᠯᠤᠨ ᠬᠠᠷᠢᠶ᠎ᠠ ᠣᠷᠣᠨ ᠤ ᠭᠤᠣᠯᠳᠠᠯᠭ᠎ᠠ ᠲᠠᠢ ᠣᠷᠣᠨ ᠪᠦᠰᠡ᠂ ᠨᠠᠷᠢᠨ ᠪᠤᠳᠤᠯᠢᠶᠠᠨᠲᠠᠢ ᠲᠠᠯᠠᠪᠤᠷ ᠲᠤ 24 ᠴᠠᠭ ᠤᠨ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠠᠵᠢᠯᠯᠠᠭ᠎ᠠ ᠥᠷᠨᠢᠭᠦᠯᠵᠦ᠂ ᠬᠠᠷᠢᠶ᠎ᠠ ᠣᠷᠣᠨ ᠤ ᠬᠡᠷᠡᠭ ᠭᠠᠷᠬᠤ ᠨᠤᠷᠮ᠎ᠠ ᠶᠢ ᠮᠡᠳᠡᠭᠳᠡᠮ᠎ᠡ ᠪᠠᠭᠠᠰᠬᠠᠵᠤ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠪᠦᠲᠦᠮᠵᠢᠲᠡᠢ ᠬᠠᠮᠠᠭᠠᠯᠠᠪᠠ᠃     2020 ᠣᠨ ᠤ ᠡᠬᠢᠨ ᠳᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠰᠠᠶᠢᠬᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠢᠭᠠᠪᠤᠷᠢ ᠪᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠪᠠᠴᠢᠮ ᠪᠠᠶᠢᠳᠠᠯ ᠢ ᠠᠷᠭᠠᠴᠠᠬᠤ ᠬᠤᠪᠢᠶᠠᠷᠢ ᠠᠩᠬᠢ ᠶᠢ ᠵᠣᠬᠢᠶᠠᠨ ᠪᠠᠶᠢᠭᠤᠯᠪᠠ᠃ ᠭᠤᠣᠯᠯᠠᠭᠴᠢ ᠬᠦᠴᠦᠨ ᠪᠣᠯᠤᠭᠰᠠᠨ ᠤ ᠬᠤᠪᠢ ᠳᠤ᠂ ᠮᠡᠳᠡᠭᠳᠡᠯ ᠢ ᠣᠯᠤᠭᠰᠠᠨ ᠠᠴᠠ ᠡᠬᠢᠯᠡᠨ᠂ ᠬᠤᠤ ᠰᠢᠶᠤᠤ ᠯᠢᠨ ᠵᠠᠯᠭᠠᠭ᠎ᠠ ᠪᠠᠷ 80 ᠭᠠᠷᠤᠢ ᠡᠳᠦᠷ ᠪᠠᠶᠢᠯᠳᠤᠵᠤ᠂ ᠴᠠᠭ ᠢᠮᠠᠭᠲᠠ ᠪᠠᠶᠢᠯᠳᠤᠭᠠᠨ ᠤ ᠪᠠᠶᠢᠳᠠᠯ ᠢᠶᠠᠨ ᠪᠠᠲᠤᠯᠠᠪᠠ᠃ 2020 ᠣᠨ ᠤ 2 ᠳ᠋ᠤᠭᠠᠷ ᠰᠠᠷ᠎ᠠ ᠶᠢᠨ 6 ᠤ ᠡᠳᠦᠷ ᠤᠨ ᠣᠷᠣᠶ ᠶᠢᠨ 9 ᠴᠠᠭ ᠤᠨ ᠦᠶ᠎ᠡ ᠪᠠᠷ᠂ ᠬᠤᠪᠢᠶᠠᠷᠢ ᠲᠣᠪᠴᠢᠶ᠎ᠠ ᠶᠢᠨ ᠵᠢᠭᠠᠪᠤᠷᠢ ᠶᠢ ᠲᠤᠰᠴᠤ᠂ ᠬᠠᠷᠢᠶᠠᠲᠤ ᠣᠷᠣᠨ ᠤ ᠳᠣᠲᠣᠷᠠᠬᠢ ᠨᠢᠭᠡᠨ ᠲᠤᠰᠠᠭᠠᠷᠯᠠᠬᠤ ᠲᠠᠯᠠᠪᠤᠷ ᠤᠨ 110 ᠭᠠᠷᠤᠶ ᠨᠢᠭᠲᠠ ᠣᠶᠢᠷᠠᠲᠤᠭᠰᠠᠳ ᠢ ᠵᠢᠭᠠᠨ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠬᠦᠷᠭᠡᠵᠦ ᠪᠡᠶ᠎ᠡ ᠶᠢᠨ ᠪᠠᠶᠢᠴᠠᠭᠠᠯᠲᠠ ᠬᠢᠯᠭᠡᠭᠰᠡᠨ ᠤ ᠳᠠᠷᠠᠭ᠎ᠠ᠂ ᠲᠤᠰᠠᠭᠠᠷᠯᠠᠬᠤ ᠲᠣᠭᠤᠷᠢᠭ ᠲᠤ ᠠᠮᠤᠷ ᠲᠦᠪᠰᠢᠨ ᠢᠶᠠᠷ ᠬᠦᠷᠭᠡᠵᠦ ᠥᠭᠬᠦ ᠬᠡᠷᠡᠭᠲᠡᠶ ᠭᠡᠵᠡᠶ᠃ ᠬᠤᠤ ᠰᠢᠶᠤᠤ ᠯᠢᠨ ᠬᠤᠰᠢᠭᠤᠴᠢ ᠠᠩᠬᠢ ᠪᠠᠨ ᠳᠠᠭᠠᠭᠤᠯᠤᠨ ᠬᠤᠶᠠᠳᠤᠭᠠᠷ ᠡᠳᠦᠷ ᠤᠨ ᠦᠳᠡ ᠪᠣᠯᠲᠠᠯ᠎ᠠ ᠶᠠᠭᠠᠷᠠᠯᠳᠤᠵᠤ᠂ ᠪᠦᠬᠦᠯᠢ 15 ᠴᠠᠭ ᠵᠣᠭᠰᠣᠯ ᠦᠭᠡᠢ ᠠᠵᠢᠯᠯᠠᠵᠤ᠂ ᠡᠨᠡ ᠬᠦ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃
微信图片_20230223112309.jpg   
     2022 ᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ᠂ ᠲᠡᠷᠡ ᠭᠡᠰᠢᠭᠦᠳ ᠲᠠᠢ ᠪᠠᠨ ᠮᠥᠨ ᠯᠡ ᠨᠢᠭᠡᠳᠦᠭᠡᠷ ᠹᠷᠣᠨᠲ᠂ ᠰᠠᠭᠤᠭᠠᠯᠢ ᠲᠣᠭᠤᠷᠢᠭ ᠲᠤ ᠪᠢᠲᠡᠭᠦᠮᠵᠢᠯᠡᠨ ᠡᠵᠡᠮᠳᠡᠬᠦ᠂ ᠬᠥᠮᠦᠰ ᠢ ᠰᠢᠯᠵᠢᠭᠦᠯᠦᠨ ᠵᠥᠭᠡᠭᠡᠪᠦᠷᠢᠯᠡᠬᠦ᠂ ᠬᠢᠵᠢᠭ ᠤᠨ ᠪᠠᠶᠢᠳᠠᠯ ᠢ ᠦᠯᠡᠳᠡᠭᠡᠨ ᠠᠵᠢᠭᠯᠠᠬᠤ ᠪᠠᠭᠤᠳᠠᠯ ᠳᠤ ᠵᠢᠵᠢᠭᠦᠷᠯᠡᠬᠦ ᠶᠢ ᠪᠠᠲᠤ ᠰᠠᠬᠢᠵᠤ᠂ ᠬᠠᠮᠢᠭ᠎ᠠ ᠬᠦᠴᠢᠷ ᠪᠡᠷᠬᠡᠰᠢᠶᠡᠯ ᠲᠤᠯᠭᠠᠷᠠᠵᠤ᠂ ᠬᠠᠮᠢᠭ᠎ᠠ ᠠᠶᠤᠯ ᠲᠦᠭᠰᠢᠭᠦᠷᠢ ᠲᠤᠯᠭᠠᠷᠠᠪᠠᠯ ᠲᠡᠨᠳᠡ ᠲᠡᠭᠦᠨ ᠤ ᠪᠠᠷ᠎ᠠ ᠬᠠᠷᠠᠭᠳᠠᠨ᠎ᠠ᠃ ᠤᠷᠲᠤ ᠬᠤᠭᠤᠴᠠᠭ᠎ᠠ ᠪᠠᠷ ᠦᠷᠭᠦᠯᠵᠢᠯᠡᠨ ᠠᠵᠢᠯᠯᠠᠭᠰᠠᠨ ᠠᠴᠠ ᠨᠢᠳᠦᠨ ᠤ ᠢᠷᠣᠭᠠᠷ ᠲᠤ ᠬᠦᠨᠳᠦ ᠨᠣᠴᠢᠲᠠᠶ ᠴᠢᠰᠤ ᠭᠠᠷᠤᠭᠰᠠᠨ ᠳᠤ᠂ ᠬᠠᠮᠲᠤ ᠠᠵᠢᠯᠯᠠᠭᠴᠢ ᠠᠴᠠ ᠨᠢ ᠲᠡᠭᠦᠨ ᠢ ᠠᠮᠠᠷᠠᠬᠤ ᠶᠢ ᠬᠢᠴᠢᠶᠡᠭᠡᠷᠡᠶ ᠭᠡᠵᠦ ᠢᠳᠬᠠᠭᠰᠠᠨ ᠳᠤ᠂ ᠲᠡᠷᠡ ᠬᠠᠷᠢᠨ ᠡᠷᠡᠰ ᠰᠢᠭᠤᠷᠬᠠᠶ ᠪᠠᠷ᠄ ︽ᠡᠨᠡ ᠵᠢᠭᠠᠬᠠᠨ ᠰᠢᠷᠬ᠎ᠠ ᠶᠠᠭᠤ ᠴᠤ ᠪᠢᠰᠢ᠂ ᠬᠢᠵᠢᠭ ᠤᠨ ᠪᠠᠶᠢᠳᠠᠯ ᠠᠷᠢᠯᠬᠤ ᠦᠭᠡᠢ ᠪᠣᠯ ᠪᠢ ᠤᠬᠤᠷᠢᠬᠤ ᠦᠭᠡᠢ︾ ᠭᠡᠵᠦ ᠬᠡᠯᠡᠪᠡ᠃ ᠬᠤᠤ ᠰᠢᠶᠤᠤ ᠯᠢᠨ ᠤᠷᠢᠳ ᠬᠤᠵᠢᠳ ᠪᠦᠬᠦ ᠣᠷᠣᠨ ᠤ ᠰᠢᠯᠢᠳᠡᠭ ᠠᠷᠠᠳ ᠤᠨ ᠴᠠᠭᠳᠠᠭ᠎ᠠ᠂ 2022 ᠣᠨ ᠳᠤ ᠥᠪᠦᠷ ᠮᠤᠩᠭᠤᠯ ᠤᠨ ︽ᠤᠮᠠᠷᠠᠲᠤ ᠬᠢᠯᠢ ᠶᠢ ᠳᠣᠭᠳᠣᠯᠤᠭᠤᠯᠤᠭᠰᠠᠨ · ᠬᠠᠮᠤᠭ ᠠᠴᠠ ᠪᠠᠭ᠋ᠠᠷᠬᠠᠯᠲᠠᠢ ᠴᠠᠭᠳᠠᠭ᠎ᠠ︾᠂ ᠰᠢᠯᠢᠳᠡᠭ ᠴᠠᠭᠳᠠᠨ ᠲᠣᠭᠤᠷᠢᠬᠤ ᠠᠷᠠᠳ ᠤᠨ ᠴᠠᠭᠳᠠᠭ᠎ᠠ ᠶᠢᠨ ᠢᠷᠠᠭᠤ ᠠᠯᠳᠠᠷ ᠤᠨ ᠴᠣᠯᠠ ᠶᠢ ᠬᠦᠷᠳᠡᠪᠡ︔ ᠬᠤᠪᠢ ᠬᠥᠮᠦᠨ ᠤ ᠨᠢᠭᠡᠳᠦᠭᠡᠷ ᠳᠡᠰ ᠤᠨ ᠭᠠᠪᠢᠶ᠎ᠠ ᠶᠢ 1 ᠤᠳᠠᠭ᠎ᠠ᠂ ᠬᠤᠶᠠᠳᠤᠭᠠᠷ ᠳᠡᠰ ᠤᠨ ᠭᠠᠪᠢᠶ᠎ᠠ ᠶᠢ 2 ᠤᠳᠠᠭ᠎ᠠ᠂ ᠭᠤᠷᠪᠠᠳᠤᠭᠠᠷ ᠳᠡᠰ ᠤᠨ ᠭᠠᠪᠢᠶ᠎ᠠ ᠶᠢ 3 ᠤᠳᠠᠭ᠎ᠠ ᠳᠡᠮᠳᠡᠭᠯᠡᠭᠦᠯᠪᠡ᠃    
ᠢᠷᠡᠯᠲᠡ᠄ ᠬᠦᠬᠡᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ