ᠠᠯᠬᠤᠴᠠ ᠶᠢᠨ ᠮᠥᠷᠳᠡᠯᠲᠡ ᠶᠢᠨ ᠮᠡᠷᠭᠡᠵᠢᠯ ᠤᠨ ᠤᠯᠠᠮᠵᠢᠯᠠᠭᠴᠢ — ᠴᠧᠩ ᠷᠦᠢ
ᠨᠡᠶᠢᠲᠡᠯᠡᠭᠰᠡᠨ ᠴᠠᠭ᠄
2023/11/7
      ᠴᠧᠩ ᠷᠦᠢ᠂ ᠡᠷᠡᠭᠲᠡᠶ᠂ ᠮᠣᠩᠭᠤᠯ ᠦᠨᠳᠦᠰᠦᠲᠡᠨ᠂ 1976 ᠣᠨ ᠤ 8 ᠰᠠᠷ᠎ᠠ ᠳᠤ ᠳᠦᠷᠦᠵᠡᠶ᠂ 1996 ᠣᠨ ᠳᠤ ᠳᠣᠲᠣᠭᠠᠳᠤ ᠶᠢ ᠬᠠᠮᠠᠭᠠᠯᠠᠬᠤ ᠠᠵᠢᠯ ᠳᠤ ᠭᠠᠷᠴᠤ᠂ ᠣᠲᠣ ᠬᠥᠯᠥᠨ ᠪᠤᠶᠢᠷ ᠬᠤᠲᠠ ᠶᠢᠨ ᠵᠠᠯᠠᠨ ᠠᠶᠢᠯ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠣᠲᠣᠭᠠᠳᠤ ᠶᠢ ᠬᠠᠮᠠᠭᠠᠯᠠᠬᠤ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠲᠥᠪ ᠤᠨ ᠳᠡᠳ᠋ ᠡᠷᠬᠢᠯᠡᠭᠴᠢ ᠶᠢᠨ ᠲᠤᠰᠢᠶᠠᠯ ᠲᠠᠢ᠂ ᠳᠣᠲᠣᠭᠠᠳᠤ ᠶᠢ ᠬᠠᠮᠠᠭᠠᠯᠠᠬᠤ ᠶᠠᠮᠤᠨ ︽ᠡᠭᠦᠯᠡᠨ ᠰᠡᠯᠡᠮ᠎ᠡ — 2020︾ ᠠᠮᠢᠨ ᠬᠡᠷᠡᠭ ᠳᠠᠷᠤᠭᠳᠠᠮᠠᠯ ᠬᠡᠷᠡᠭ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢᠨ ᠣᠷᠣ ᠮᠥᠷ ᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠭᠡᠰᠢᠭᠦᠨ ᠢᠶᠠᠷ ᠰᠢᠯᠢᠨ ᠰᠤᠩᠭᠤᠭᠳᠠᠪᠠ᠃ ᠲᠡᠷᠡ ᠤᠷᠢᠳ ᠬᠤᠵᠢᠳ ᠬᠤᠪᠢ ᠬᠥᠮᠦᠨ ᠤ ᠬᠤᠶᠠᠳᠤᠭᠠᠷ ᠳᠡᠰ ᠤᠨ ᠭᠠᠪᠢᠶ᠎ᠠ ᠶᠢ 2 ᠤᠳᠠᠭ᠎ᠠ᠂ ᠭᠤᠷᠪᠠᠳᠤᠭᠠᠷ ᠳᠡᠰ ᠤᠨ ᠭᠠᠪᠢᠶ᠎ᠠ ᠶᠢ 4 ᠤᠳᠠᠭ᠎ᠠ ᠪᠠᠶᠢᠭᠤᠯᠵᠤ᠂ 2020 ᠣᠨ᠂ 2021 ᠣᠨ ᠳᠤ ᠬᠤᠶᠠᠷ ᠵᠢᠯ ᠳᠠᠷᠠᠭᠠᠯᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ︽ᠡᠷᠡᠭᠦᠤ ᠶᠢᠨ ᠬᠡᠷᠡᠭ ᠢ ᠲᠤᠷᠰᠢᠨ ᠪᠠᠶᠢᠴᠠᠭᠠᠬᠤ ᠹᠷᠣᠨᠲ ᠤᠨ ᠠᠷᠪᠠᠨ ᠰᠢᠯᠢᠳᠡᠭ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ︾ ᠂ 2022 ᠣᠨ ᠳᠤ ᠦᠪᠦᠷ ᠮᠤᠩᠭᠤᠯ ᠤᠨ ︽ᠤᠮᠠᠷᠠᠲᠤ ᠬᠢᠯᠢ ᠶᠢ ᠲᠤᠭᠳᠤᠯᠤᠭᠤᠯᠤᠭᠰᠠᠨ · ᠬᠠᠮᠤᠭ  ᠠᠴᠠ ᠪᠠᠭ᠋ᠠᠷᠬᠠᠯᠲᠠᠢ ᠴᠠᠭᠳᠠᠭ᠎ᠠ︾ ᠪᠠᠷ ᠦᠨᠡᠯᠡᠭᠳᠡᠪᠡ᠃
微信图片_20230223171624.jpg  
     2004 ᠣᠨ ᠳᠤ᠂ ᠬᠥᠯᠥᠨ ᠪᠤᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠤ ᠶᠢᠨ ᠬᠡᠷᠡᠭ ᠢ ᠲᠤᠷᠰᠢᠨ ᠪᠠᠶᠢᠴᠠᠭᠠᠬᠤ ᠰᠠᠯᠪᠤᠷᠢ ᠠᠩᠭᠢ ᠪᠣᠯᠤᠨ ᠵᠠᠯᠠᠨ ᠠᠶᠢᠯ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠲᠣᠮᠢᠯᠠᠯᠲᠠ ᠪᠠᠷ᠂ ᠴᠧᠩ ᠷᠦᠢ ᠯᠢᠶᠣᠤᠨᠢᠩ ᠮᠤᠵᠢ ᠶᠢᠨ ᠳ᠋ᠠᠯᠢᠶᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠤ ᠶᠢᠨ ᠬᠡᠷᠡᠭ ᠤᠨ ᠮᠡᠷᠭᠡᠵᠢᠯ ᠤᠨ ᠭᠠᠵᠠᠷ ᠲᠤ ᠬᠦᠷᠴᠦ ᠰᠤᠷᠤᠯᠴᠠᠪᠠ᠃ ᠰᠤᠷᠤᠯᠴᠠᠵᠤ ᠪᠠᠶᠢᠬᠤ ᠬᠤᠭᠤᠴᠠᠭᠠᠨ ᠳᠤ ᠪᠠᠨ᠂ ᠲᠡᠷᠡ ᠥᠪᠥᠷ ᠮᠣᠩᠭᠤᠯ ᠤᠨ ᠠᠯᠳᠠᠷᠲᠤ ᠤᠯᠠ ᠮᠥᠷ ᠢ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ᠂ ᠮᠠ ᠢᠦᠢ ᠯᠢᠨ ᠤ ᠠᠯᠬᠤᠴᠠ ᠶᠢᠨ ᠮᠥᠷᠳᠡᠯᠲᠡ ᠶᠢᠨ ᠮᠡᠷᠭᠡᠵᠢᠯ ᠤᠨ ᠤᠯᠠᠮᠵᠢᠯᠠᠭᠴᠢ ᠭᠧ ᠶᠢᠦ ᠵᠦᠩ ᠲᠠᠢ ᠲᠠᠨᠢᠯᠴᠠᠵᠠᠢ᠃ ᠲᠡᠭᠦᠨ ᠠᠴᠠ ᠬᠤᠶᠢᠰᠢ ᠭᠧ ᠶᠢᠦ ᠵᠦᠩ ᠢ ᠳᠠᠭᠠᠵᠤ ᠭᠤᠷᠪᠠᠨ ᠵᠢᠯ ᠰᠤᠷᠤᠯᠴᠠᠪᠠ᠃ ᠭᠤᠷᠪᠠᠨ ᠵᠢᠯ ᠤᠨ ᠰᠤᠷᠤᠯᠴᠠᠯᠭ᠎ᠠ ᠨᠢ ᠴᠧᠩ ᠷᠦᠢ ᠶᠢᠨ ᠲᠤᠷᠰᠢᠨ ᠪᠠᠶᠢᠴᠠᠭᠠᠵᠤ ᠬᠡᠷᠡᠭ ᠢᠯᠡᠷᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃ ᠣᠯᠠᠨ ᠵᠢᠯ ᠤᠨ ᠲᠤᠷᠰᠢ᠂ ᠨᠢᠭᠡᠨ ᠤᠳᠠᠭᠠᠨ ᠤ ᠬᠦᠴᠢᠷ ᠲᠦᠪᠡᠭᠲᠡᠶ ᠬᠡᠷᠡᠭ ᠢ ᠳᠡᠩᠨᠡᠨ ᠢᠯᠡᠷᠡᠭᠦᠯᠬᠦ ᠠᠵᠢᠯ ᠤᠨ ᠳᠤᠮᠳᠠ᠂ ᠴᠧᠩ ᠷᠦᠢ ᠠᠭᠠᠵᠢᠮ ᠢᠶᠠᠷ ᠲᠤᠰᠬᠠᠶ ᠮᠡᠷᠭᠡᠵᠢᠯᠲᠡᠨ ᠤ ᠬᠡᠯᠪᠡᠷᠢ ᠶᠢᠨ ᠴᠢᠳᠠᠪᠤᠷᠢᠲᠠᠨ ᠪᠣᠯᠵᠣ ᠬᠥᠮᠦᠵᠢᠭᠳᠡᠭᠡᠳ᠂ ᠡᠪᠦᠭᠡ ᠪᠠᠭᠰᠢ ᠮᠠ ᠢᠦᠶ ᠯᠢᠨ᠂ ᠪᠠᠭᠰᠢ ᠭᠧ ᠶᠢᠤ ᠵᠥᠩ ᠤᠨ ᠠᠯᠬᠤᠴᠠ ᠶᠢᠨ ᠮᠥᠷᠳᠡᠯᠲᠡ ᠶᠢᠨ ᠮᠡᠷᠭᠡᠵᠢᠯ᠂ ᠬᠥᠯ ᠤᠨ ᠮᠥᠷ ᠢ ᠬᠢᠨᠠᠨ ᠲᠣᠭᠲᠠᠭᠠᠬᠤ ᠣᠨᠣᠯ ᠢ ᠤᠯᠠᠮ ᠨᠢᠭᠡ ᠠᠯᠬᠤᠮ ᠪᠠᠳᠠᠷᠠᠭᠤᠯᠤᠨ ᠳᠡᠯᠭᠡᠷᠡᠭᠦᠯᠵᠡᠶ᠃     2007 ᠣᠨ ᠤ 12 ᠰᠠᠷ᠎ᠠ ᠶᠢᠨ 26 ᠤ ᠡᠳᠦᠷ᠂ ᠬᠤᠪᠸᠢ ᠮᠤᠵᠢ ᠶᠢᠨ ᠨᠢᠭᠡᠨ ᠰᠢᠶᠠᠨ ᠤ ᠨᠢᠭᠡᠨ ᠴᠤᠬᠤᠢ ᠶᠢᠨ ᠦᠢᠯᠡᠳᠪᠦᠷᠢ ᠳᠤ ᠨᠢᠭᠡᠨ ᠣᠨᠴᠠ ᠶᠡᠭᠡ ᠬᠥᠮᠦᠨ ᠠᠯᠠᠭᠰᠠᠨ ᠬᠡᠷᠡᠭ ᠭᠠᠷᠴᠤ᠂ 6 ᠡᠷᠡᠭᠲᠡᠶ 2 ᠡᠮᠡᠭᠲᠡᠶ ᠨᠡᠶᠢᠳᠡ 8 ᠬᠥᠮᠦᠨ ᠬᠤᠣᠷᠯᠠᠭᠳᠠᠪᠠ᠃ ᠬᠡᠷᠡᠭ ᠭᠠᠷᠤᠭᠰᠠᠨ ᠤ ᠳᠠᠷᠠᠭ᠎ᠠ᠂ ᠴᠠᠭᠳᠠᠭᠠᠨ ᠤ ᠲᠠᠯ᠎ᠠ ᠶᠢᠨ ᠬᠢᠨ ᠲᠤᠬᠠᠶ ᠶᠢᠨ ᠲᠠᠯᠠᠪᠠᠶ ᠶᠢᠨ ᠬᠠᠶᠢᠨ ᠪᠠᠶᠢᠴᠠᠭᠠᠯᠲᠠ ᠪᠠ ᠨᠢᠭᠡᠨᠲᠡ ᠡᠵᠡᠮᠰᠢᠭᠰᠡᠨ ᠭᠡᠷᠡᠴᠢ ᠪᠠᠷᠢᠮᠲᠠ ᠪᠠᠷ ᠳᠠᠮᠵᠢᠭᠤᠯᠤᠨ᠂ ᠶᠠᠷᠭᠠᠴᠢᠨ ᠤ ᠣᠨᠴᠠᠯᠢᠭ ᠢ ᠲᠣᠭᠲᠠᠭᠠᠭᠰᠠᠨ ᠪᠠᠶᠢᠨ᠎ᠠ᠃ ᠡᠭᠦᠨ ᠤ ᠳᠠᠷᠠᠭ᠎ᠠ᠂ ᠲᠠᠩᠨᠠᠨ ᠢᠯᠡᠷᠡᠭᠦᠯᠦᠭᠰᠡᠨ ᠠᠷᠪᠠᠨ ᠬᠡᠳᠦᠨ ᠲᠤᠰᠬᠠᠶ ᠠᠩᠭᠢ ᠶᠢᠨ ᠠᠷᠠᠳ ᠤᠨ ᠴᠠᠭᠳᠠᠭ᠎ᠠ ᠨᠥᠬᠦᠴᠡᠯ ᠳᠤ ᠨᠡᠶᠢᠴᠡᠬᠦ 1000 ᠭᠠᠷᠤᠶ ᠡᠲᠡᠭᠡᠳ ᠢ ᠪᠠᠶᠢᠴᠠᠭᠠᠵᠤ᠂ ᠶᠠᠷᠭᠠᠴᠢᠨ ᠢ ᠲᠤᠬᠠᠶ ᠶᠢᠨ ᠭᠠᠵᠠᠷ ᠤᠨ ᠬᠥᠮᠦᠨ ᠭᠡᠵᠦ ᠦᠨᠳᠦᠰᠦᠨ ᠳᠤ ᠪᠠᠨ ᠲᠣᠭᠲᠠᠭᠠᠵᠠᠶ᠃ ᠭᠡᠪᠡᠴᠦ ᠲᠤᠬᠠᠶ ᠶᠢᠨ ᠦᠶ᠎ᠡ ᠶᠢᠨ ᠨᠥᠬᠦᠴᠡᠯ ᠤᠨ ᠬᠢᠵᠠᠭᠠᠷᠯᠠᠯ ᠠᠴᠠ ᠪᠣᠯᠵᠤ ᠳᠡᠩᠨᠡᠨ ᠢᠯᠡᠷᠡᠭᠦᠯᠬᠦ ᠠᠵᠢᠯ ᠶᠡᠷᠦᠨᠢ ᠰᠢᠪᠲᠤᠯᠤᠯᠲᠠ ᠶᠢᠨ ᠴᠢᠨᠠᠷᠲᠠᠶ ᠠᠬᠢᠴᠠ ᠲᠠᠢ ᠪᠣᠯᠵᠤ ᠴᠢᠳᠠᠭᠰᠠᠨ ᠦᠭᠡᠶ᠃ 2017 ᠣᠨ ᠤ 3 ᠰᠠᠷ᠎ᠠ ᠳᠤ᠂ ᠴᠧᠩ ᠷᠦᠢ ᠶᠢ ᠳᠣᠲᠣᠭᠠᠳᠤ ᠶᠢ ᠬᠠᠮᠠᠭᠠᠯᠠᠬᠤ ᠶᠠᠮᠤᠨ ᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠳᠤ ᠰᠢᠯᠵᠢᠭᠦᠯᠵᠦ᠂ ᠬᠤᠪᠸᠢ ᠳᠤ ᠬᠦᠷᠴᠦ ᠡᠨᠡ ᠬᠦ ᠠᠷᠪᠠᠨ ᠵᠢᠯ ᠤᠨ ᠡᠮᠦᠨ᠎ᠡ ᠡᠭᠦᠰᠦᠭᠰᠡᠨ ᠠᠮᠢᠨ ᠬᠡᠷᠡᠭ ᠤᠨ ᠪᠣᠭᠤᠮᠲᠠ ᠰᠢᠪᠲᠤᠯᠵᠤ᠂ ᠣᠨᠴᠠᠭᠠᠶᠢᠯᠠᠨ ᠲᠤᠬᠠᠢ ᠶᠢᠨ ᠲᠠᠯᠠᠪᠠᠢ ᠳᠤ ᠦᠯᠡᠳᠡᠭᠡᠭᠰᠡᠨ ᠤᠯᠠ ᠮᠥᠷ ᠢ ᠲᠠᠬᠢᠨ ᠰᠢᠨ᠎ᠡ ᠪᠠᠷ ᠰᠢᠯᠭᠠᠨ ᠪᠠᠶᠢᠴᠠᠭᠠᠯᠭᠠᠪᠠ᠃ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠢᠨ ᠲᠤᠬᠠᠶ ᠶᠢᠨ ᠵᠢᠯ ᠳᠤ ᠭᠠᠷᠭᠠᠨ ᠠᠪᠤᠭᠰᠠᠨ 338 ᠬᠤᠪᠢ ᠬᠥᠯ ᠤᠨ ᠮᠥᠷ ᠤᠨ ᠰᠢᠯᠭᠠᠨ ᠪᠠᠶᠢᠴᠠᠭᠠᠯᠲᠠ ᠶᠢᠨ ᠵᠠᠭᠪᠤᠷ ᠢ ᠨᠢᠭᠡᠳ ᠨᠢᠭᠡ ᠪᠠᠷ ᠰᠢᠭᠰᠢᠨ ᠪᠠᠶᠢᠴᠠᠭᠠᠵᠤ᠂ ᠡᠳᠦᠷ ᠪᠦᠷᠢ ᠰᠥᠨᠢ ᠳᠦᠯᠢ ᠪᠣᠯᠲᠠᠯ᠎ᠠ ᠠᠵᠢᠯᠯᠠᠵᠠᠶ᠃ ᠳᠥᠷᠪᠡᠳᠦᠭᠡᠷ ᠡᠳᠦᠷ ᠪᠣᠯᠬᠤ ᠳᠤ᠂ ᠴᠧᠩ ᠷᠦᠢ ᠲᠤᠬᠠᠶ ᠶᠢᠨ ᠵᠢᠯ ᠳᠤ ᠦᠯᠢᠭᠡᠷ ᠠᠪᠤᠭᠰᠠᠨ ᠬᠤᠸᠠᠩ ᠣᠪᠣᠭᠲᠤ ᠥᠪᠡᠷ ᠤᠨ ᠨᠠᠰᠤ ᠵᠢᠯ ᠪᠠ ᠱᠠᠬᠠᠶ ᠶᠢᠨ ᠨᠣᠮᠧᠷ ᠢᠶᠠᠨ ᠨᠢᠭᠤᠨ ᠳᠠᠯᠳᠠᠯᠠᠵᠤ᠂ ᠲᠡᠭᠦᠭᠰᠡᠨ ᠤᠯᠠ ᠮᠥᠷ ᠤᠨ ᠦᠯᠢᠭᠡᠷ ᠨᠢ ᠴᠦ ᠨᠠᠷᠢᠨ ᠬᠥᠯ ᠢᠶᠠᠷ ᠢᠶᠠᠨ ᠲᠣᠮᠣ ᠱᠠᠬᠠᠶ ᠡᠮᠦᠰᠦᠨ᠂ ᠭᠡᠪᠡᠴᠦ ᠱᠠᠬᠠᠶ ᠶᠢᠨ ᠮᠥᠷ ᠳᠣᠲᠣᠷᠠᠬᠢ ᠨᠢᠴᠦᠭᠦᠨ ᠬᠥᠯ ᠤᠨ ᠮᠥᠷ ᠤᠨ ᠪᠣᠷᠣ ᠲᠥᠯᠥᠪ ᠨᠢ ᠲᠤᠬᠠᠶ ᠶᠢᠨ ᠲᠠᠯᠠᠪᠤᠷ ᠲᠤ ᠦᠯᠡᠳᠡᠭᠡᠭᠰᠡᠨ ᠤᠯᠠ ᠮᠥᠷ ᠲᠠᠢ ᠮᠠᠰᠢ ᠠᠳᠠᠯᠢᠪᠲᠤᠷ ᠪᠠᠶᠢᠪᠠ᠃ ᠴᠧᠩ ᠷᠦᠢ ᠲᠤᠰᠬᠠᠶ ᠮᠡᠷᠭᠡᠵᠢᠯᠲᠡᠨ ᠤ ᠳᠤᠭᠤᠶᠢᠯᠠᠩ ᠳᠤ ᠬᠤᠸᠠᠩ ᠣᠪᠣᠭᠲᠤ ᠶᠢᠨ ᠡᠳᠦᠷ ᠲᠤᠲᠤᠮ ᠤᠨ ᠠᠮᠢᠳᠤᠷᠠᠯ ᠤᠨ ᠤᠯᠠ ᠮᠥᠷ ᠵᠢᠴᠢ ᠶᠠᠪᠤᠵᠤ ᠰᠠᠭᠤᠬᠤ ᠳᠦᠷᠰᠦ ᠰᠢᠩᠭᠡᠭᠡᠯᠲᠡ ᠶᠢ ᠨᠢᠭᠤᠴᠠ ᠪᠠᠷ ᠭᠠᠷᠭᠠᠨ ᠠᠪᠬᠤ ᠰᠠᠨᠠᠯ ᠲᠤᠷᠠᠳᠪᠠ᠃ ᠲᠡᠷᠡ ᠪᠤᠰᠤᠳ ᠲᠤᠰᠬᠠᠶ ᠮᠡᠷᠭᠡᠵᠢᠯᠲᠡᠨ ᠲᠠᠢ ᠣᠯᠠᠨ ᠵᠦᠢᠯ ᠤᠨ ᠲᠥᠰᠦᠪ ᠲᠥᠯᠥᠪᠯᠡᠵᠦ᠂ ᠡᠴᠦᠰ ᠲᠤ ᠪᠠᠨ ᠬᠤᠸᠠᠩ ᠣᠪᠣᠭᠲᠤ ᠶᠢᠨ ᠬᠠᠭᠤᠷᠮᠠᠭᠯᠠᠭᠰᠠᠨ ᠦᠭᠡᠶ ᠤᠯᠠ ᠮᠥᠷ ᠤᠨ ᠦᠯᠢᠭᠡᠷ ᠬᠡᠪ ᠢ ᠣᠯᠵᠤ ᠠᠪᠤᠭᠠᠳ᠂ ᠡᠨᠡ ᠬᠦ ᠣᠨᠴᠠ ᠶᠡᠭᠡ ᠬᠡᠷᠡᠭ ᠤᠨ ᠬᠡᠷᠡᠭ ᠬᠢᠭᠰᠡᠨ ᠬᠥᠮᠦᠨ ᠪᠣᠯ ᠳᠠᠷᠤᠶ ᠬᠤᠸᠠᠩ ᠣᠪᠣᠭᠲᠤ ᠮᠥᠨ ᠭᠡᠳᠡᠭ ᠢ ᠠᠮᠵᠢᠯᠲᠠ ᠲᠠᠢ ᠪᠠᠷ ᠳᠣᠲᠣᠯᠠᠵᠤ᠂ ᠬᠡᠷᠡᠭ ᠢ ᠴᠦ ᠳᠠᠭᠠᠯᠳᠤᠨ ᠢᠯᠡᠷᠡᠭᠦᠯᠪᠡ᠃
 微信图片_20230223171652.jpg 
     2022 ᠣᠨ ᠤ 5 ᠳ᠋ᠤᠭᠠᠷ ᠰᠠᠷ᠎ᠠ ᠶᠢᠨ 11 ᠤ ᠡᠳᠦᠷ᠂ ᠬᠥᠯᠥᠨ ᠪᠤᠶᠢᠷ ᠤᠨ ᠭᠡᠭᠡᠨ ᠭᠤᠣᠯ ᠬᠤᠳᠠ ᠶᠢᠨ ᠯᠦᠩ ᠹᠧᠩ ᠶᠡᠭᠡ ᠠᠰᠠᠷ ᠤᠨ ᠨᠢᠭᠡᠨ ᠠᠯᠲᠠᠨ ᠤ ᠳᠡᠯᠭᠡᠭᠦᠷ ᠤᠨ 40 ᠭᠠᠷᠤᠢ ᠲᠦᠮᠡᠨ ᠲᠥᠭᠦᠷᠢᠭ ᠤᠨ ᠦᠷᠳᠡᠭ ᠪᠦᠬᠦᠢ ᠠᠯᠲᠠ ᠮᠥᠩᠭᠦᠨ ᠵᠠᠰᠠᠯ ᠴᠢᠮᠡᠭᠯᠡᠯ ᠤᠨ ᠡᠳ᠋ ᠪᠤᠯᠢᠶᠠᠭᠳᠠᠵᠠᠢ᠃ ᠰᠡᠵᠢᠭᠳᠡᠨ ᠭᠡᠷᠡᠴᠢ ᠪᠠᠷᠢᠮᠲᠠ ᠶᠢ ᠤᠰᠠᠳᠬᠠᠬᠤ ᠶᠢᠨ ᠲᠥᠯᠥᠭᠡ᠂ ᠪᠤᠯᠢᠶᠠᠨ ᠳᠡᠭᠡᠷᠡᠮᠳᠡᠬᠦ ᠦᠶ᠎ᠡ ᠳᠤ᠂ ᠠᠷᠭ᠎ᠠ ᠪᠦᠬᠦᠨ ᠢ ᠰᠦᠪᠡᠭᠴᠢᠯᠡᠨ ᠲᠤᠬᠠᠶ ᠶᠢᠨ ᠲᠠᠯᠠᠪᠤᠷ ᠤᠨ ᠤᠯᠠ ᠮᠥᠷ ᠢ ᠪᠦᠬᠦᠨ ᠢ ᠪᠠᠯᠠᠯᠪᠠ᠃     5 ᠳ᠋ᠤᠭᠠᠷ ᠰᠠᠷ᠎ᠠ ᠶᠢᠨ 12 ᠤᠨ ᠡᠳᠦᠷ᠂ ᠬᠥᠯᠥᠨ ᠪᠤᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠴᠧᠩ ᠷᠦᠢ ᠶᠢ ᠰᠢᠯᠵᠢᠭᠦᠯᠦᠨ ᠲᠣᠮᠢᠯᠠᠵᠤ ᠬᠡᠷᠡᠭ ᠢ ᠳᠡᠩᠨᠡᠨ ᠢᠯᠡᠷᠡᠭᠦᠯᠬᠦ ᠠᠵᠢᠯ ᠳᠤ ᠮᠡᠷᠭᠡᠵᠢᠯ ᠤᠨ ᠳᠡᠮᠵᠢᠯᠭᠡ ᠦᠵᠡᠭᠦᠯᠪᠡ᠃ ᠲᠤᠬᠠᠶ ᠶᠢᠨ ᠲᠠᠯᠠᠪᠠᠶ ᠳᠤ ᠨᠠᠷᠢᠨ ᠬᠢᠨᠠᠮᠠᠭᠠᠶ ᠬᠠᠶᠢᠨ ᠪᠠᠶᠢᠴᠠᠭᠠᠯᠲᠠ ᠬᠢᠬᠦ ᠪᠠᠷ ᠳᠠᠮᠵᠢᠭᠠᠳ ᠴᠧᠩ ᠷᠦᠢ ᠡᠴᠦᠰ ᠲᠤ ᠪᠠᠨ ᠰᠡᠵᠢᠭᠳᠡᠨ ᠤ ᠤᠯᠠ ᠮᠥᠷ ᠢ ᠣᠯᠵᠤ ᠮᠡᠳᠡᠭᠰᠡᠨ ᠪᠥᠭᠡᠳ ᠰᠡᠵᠢᠭᠳᠡᠨ ᠤ ᠠᠯᠬᠤᠴᠠ ᠶᠢᠨ ᠣᠨᠴᠠᠯᠢᠭ ᠢ ᠰᠤᠳᠤᠯᠤᠨ ᠮᠠᠭᠠᠳᠯᠠᠭᠰᠠᠨ ᠪᠠᠶᠢᠨ᠎ᠠ᠃ ᠡᠭᠦᠨ ᠤ ᠳᠠᠷᠠᠭ᠎ᠠ᠂ ᠨᠢᠭᠡ ᠬᠡᠰᠡᠭ ᠳᠦᠷᠰᠦ ᠰᠢᠩᠭᠡᠭᠡᠯᠲᠡ ᠠᠴᠠ ᠠᠯᠬᠤᠴᠠ ᠶᠢᠨ ᠪᠠᠶᠢᠳᠠᠯ ᠢ ᠵᠠᠳᠠᠯᠤᠨ ᠰᠢᠨᠵᠢᠯᠡᠬᠦ ᠪᠠᠷ ᠳᠡᠮᠵᠢᠨ᠂ ᠰᠡᠵᠢᠭᠳᠡᠨ ᠢ ᠠᠮᠵᠢᠯᠲᠠ ᠲᠠᠢ ᠪᠠᠷ ᠪᠠᠶᠢᠴᠠᠭᠠᠨ ᠲᠣᠳᠤᠯᠠᠪᠠ᠃ ᠰᠡᠵᠢᠭᠳᠡᠨ ᠬᠤᠪᠴᠠᠰᠤ ᠬᠤᠨᠠᠷ ᠢᠶᠠᠨ ᠳᠥᠷᠪᠡ ᠤᠳᠠᠭ᠎ᠠ ᠰᠣᠯᠢᠭᠰᠠᠨ ᠪᠣᠯᠪᠠᠴᠤ ᠲᠡᠭᠦᠨ ᠤ ᠠᠯᠬᠤᠴᠠ ᠨᠢ ᠴᠧᠩ ᠷᠦᠢ ᠶᠢᠨ ᠬᠤᠷᠴᠠ ᠨᠢᠳᠦᠨ ᠠᠴᠠ ᠪᠠᠨ ᠳᠤᠲᠠᠭᠠᠵᠤ ᠴᠢᠳᠠᠭᠰᠠᠨ ᠦᠭᠡᠶ᠂ ᠲᠡᠷᠡ ᠰᠡᠵᠢᠭᠳᠡᠨ ᠢ ᠳᠤᠯᠢ ᠭᠤᠣᠯ ᠤᠨ ᠵᠦᠭ ᠳᠤᠲᠠᠭᠠᠨ ᠶᠠᠪᠤᠭᠰᠠᠨ ᠢᠶᠠᠷ ᠳᠣᠲᠣᠯᠠᠵᠤ᠂ ᠴᠠᠭᠳᠠᠭᠠᠨ ᠤ ᠲᠠᠯ᠎ᠠ ᠶᠢᠨ ᠬᠢᠨ ᠵᠠᠮ ᠮᠥᠷ ᠢᠶᠠᠷ ᠮᠥᠷᠳᠡᠨ ᠨᠡᠬᠡᠮᠵᠢᠯᠡᠵᠦ᠂ ᠶᠠᠯ᠎ᠠ ᠬᠢᠭᠰᠡᠨ ᠰᠡᠵᠢᠭᠳᠡᠨ ᠱᠢ ᠣᠪᠣᠭᠲᠤ ᠶᠢ ᠠᠮᠵᠢᠯᠲᠠ ᠲᠠᠢ ᠪᠠᠷ ᠪᠠᠷᠢᠪᠴᠢᠯᠠᠵᠠᠶ᠃     ᠣᠶᠢᠷ᠎ᠠ ᠶᠢᠨ 3 ᠵᠢᠯ ᠳᠤ᠂ ᠴᠧᠩ ᠷᠦᠢ ᠬᠥᠯ ᠤᠨ ᠮᠥᠷ ᠤᠨ ᠬᠢᠨᠠᠨ ᠲᠣᠭᠲᠠᠭᠠᠯᠲᠠ ᠶᠢ ᠠᠰᠢᠭᠯᠠᠨ 80 ᠭᠠᠷᠤᠶ ᠬᠡᠷᠡᠭ ᠢ ᠢᠯᠡᠷᠡᠭᠦᠯᠵᠦ᠂ ᠡᠭᠦᠨ ᠤ ᠳᠣᠲᠣᠷ᠎ᠠ ᠶᠠᠮᠤᠨ ᠤ ᠰᠢᠪᠠᠳᠠᠨ ᠰᠢᠢᠳᠪᠦᠷᠢᠯᠡᠭᠦᠯᠦᠭᠰᠡᠨ ᠬᠡᠷᠡᠭ 6᠂ ᠮᠤᠵᠢ ᠶᠢᠨ ᠱᠠᠲᠤᠨ ᠤ ᠬᠡᠷᠡᠭ 8 ᠪᠣᠶ︔ ᠡᠯ᠎ᠡ ᠲᠦᠷᠦᠯ ᠤᠨ ᠬᠢᠨᠠᠨ ᠲᠣᠭᠲᠠᠭᠠᠯᠲᠠ ᠶᠢᠨ ᠪᠢᠴᠢᠭ ᠢ 100 ᠭᠠᠷᠤᠶ ᠬᠤᠪᠢ ᠭᠠᠷᠭᠠᠵᠤ᠂ ᠬᠡᠷᠡᠭ ᠢ ᠬᠢᠨᠠᠨ ᠲᠣᠭᠲᠠᠭᠠᠵᠤ ᠲᠠᠬᠢᠨ ᠬᠢᠨᠠᠬᠤ ᠳᠤ 10 ᠭᠠᠷᠤᠶ ᠤᠳᠠᠭ᠎ᠠ ᠣᠷᠣᠯᠴᠠᠪᠠ᠃     2022 ᠣᠨ ᠳᠤ᠂ ᠴᠧᠩ ᠷᠦᠢ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠡᠷᠡᠭᠦᠤ ᠶᠢᠨ ᠬᠡᠷᠡᠭ ᠢ ᠲᠤᠷᠰᠢᠨ ᠪᠠᠶᠢᠴᠠᠭᠠᠬᠤ ᠶᠡᠷᠦᠩᠬᠡᠶ ᠠᠩᠭᠢ ᠶᠢᠨ ᠭᠤᠤᠯᠳᠠᠯᠭ᠎ᠠ ᠲᠠᠢ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ︽ᠭᠦᠨᠵᠡᠭᠡᠶ ᠰᠤᠷᠤᠯᠴᠠᠯᠭ᠎ᠠ ᠳᠤ ᠰᠠᠭᠤᠷᠢᠯᠠᠭᠰᠠᠨ ᠭᠤᠷᠪᠠᠨ ᠬᠡᠮᠵᠢᠯᠳᠦ ᠠᠯᠬᠤᠴᠠ ᠶᠢᠨ ᠣᠨᠴᠠᠯᠢᠭ ᠤᠨ ᠵᠠᠳᠠᠯᠤᠯᠲᠠ ᠶᠢᠨ ᠰᠢᠰᠲ᠋ᠧᠮ︾ ᠳᠤ ᠣᠷᠣᠯᠴᠠᠵᠤ᠂ ᠲᠣᠰ ᠲᠥᠷᠥᠯ ᠵᠦᠢᠯ ᠨᠢ ᠳᠣᠲᠣᠭᠠᠳᠤ ᠶᠢ ᠬᠠᠮᠠᠭᠠᠯᠠᠬᠤ ᠶᠠᠮᠤᠨ ᠤ ᠵᠣᠬᠢᠶᠠᠨ ᠪᠠᠶᠢᠭᠤᠯᠤᠭᠰᠠᠨ ᠬᠤᠶᠠᠳᠤᠭᠠᠷ ᠬᠤᠭᠤᠴᠠᠭᠠᠨ ᠤ ᠡᠷᠡᠭᠦᠤ ᠶᠢᠨ ᠬᠡᠷᠡᠭ ᠤᠨ ᠮᠡᠷᠭᠡᠵᠢᠯ ᠤᠨ ︽ᠬᠤᠤᠰ ᠠᠷᠪᠠ ᠶᠢᠨ ᠲᠥᠯᠥᠪᠯᠡᠭᠡ︾ ᠶᠢᠨ ᠪᠡᠷᠬᠡ ᠰᠡᠳᠦᠪ ᠢ ᠰᠢᠢᠳᠪᠦᠷᠢᠯᠡᠵᠦ ᠰᠢᠨ᠎ᠡ ᠶᠢ ᠡᠭᠦᠳᠬᠦ ᠤᠷᠤᠯᠳᠤᠭᠠᠨ ᠳᠤ ᠮᠥᠩᠭᠦᠨ ᠱᠠᠩᠨᠠᠯ ᠭᠥᠷᠳᠡᠪᠡ᠃       
ᠢᠷᠡᠯᠲᠡ᠄ ᠬᠦᠯᠦᠨ ᠪᠤᠶᠢᠷ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ