ᠵᠤᠤ ᠰᠢᠶᠤᠤ ᠭᠠᠩ᠂ ᠡᠷᠡᠭᠲᠡᠶ᠂ ᠬᠢᠲᠠᠳ ᠦᠨᠳᠦᠰᠦᠲᠡᠨ᠂ 1986 ᠣᠨ ᠤ 10 ᠰᠠᠷ᠎ᠠ ᠳᠤ ᠲᠦᠷᠦᠵᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠭᠡᠰᠢᠭᠦᠨ᠃ 2010 ᠣᠨ ᠤ 12 ᠰᠠᠷ᠎ᠠ ᠳᠤ ᠠᠯᠪᠠᠨ ᠳᠤ ᠭᠠᠷᠴᠤ᠂ ᠣᠲᠣ ᠪᠤᠭᠤᠲᠤ ᠬᠤᠲᠠ ᠶᠢᠨ ᠬᠥᠨᠳᠡᠯᠡᠨ ᠲᠤᠭᠤᠷᠢᠭ ᠤᠨ ᠲᠣᠳᠤᠭᠠᠳᠤ ᠶᠢ ᠬᠠᠮᠠᠭᠠᠯᠠᠬᠤ | ᠬᠤᠪᠢᠶᠠᠷᠢ ᠲᠣᠪᠴᠢᠶ᠎ᠠ ᠶᠢᠨ ᠠᠷᠠᠳ ᠵᠡᠭᠡᠯᠢ ᠭᠤᠳᠤᠮᠵᠢ ᠶᠢᠨ ᠲᠣᠮᠢᠯᠠᠭᠰᠠᠨ ᠰᠠᠯᠪᠤᠷᠢ ᠶᠢᠨ ᠳᠡᠳ᠋ ᠳᠠᠷᠤᠭ᠎ᠠ ᠶᠢᠨ ᠲᠤᠰᠢᠶᠠᠯ ᠲᠠᠢ᠃ ᠴᠠᠭᠳᠠᠭᠠᠨ ᠤ ᠠᠯᠪᠠᠨ ᠳᠤ | ᠭᠠᠷᠤᠭᠰᠠᠨ 12 ᠵᠢᠯ ᠤᠨ ᠲᠤᠷᠰᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠢ ᠪᠠᠲᠤ ᠰᠠᠬᠢᠵᠤ᠂ ᠬᠤᠪᠢ ᠬᠥᠮᠦᠨ ᠤ ᠬᠤᠶᠠᠳᠤᠭᠠᠷ ᠳᠡᠰ ᠤᠨ ᠭᠠᠪᠢᠶ᠎ᠠ ᠶᠢ ᠨᠢᠭᠡ | ᠤᠳᠠᠭ᠎ᠠ ᠳᠡᠮᠳᠡᠭᠯᠡᠭᠦᠯᠵᠦ᠂ 2022 ᠣᠨ ᠳᠤ ᠥᠪᠦᠷ ᠮᠤᠩᠭᠤᠯ ᠤᠨ ︽ᠤᠮᠠᠷᠠᠲᠤ ᠬᠢᠯᠢ ᠶᠢ ᠳᠣᠭᠳᠣᠯᠤᠭᠤᠯᠤᠭᠰᠠᠨ · ᠬᠠᠮᠤᠭ ᠠᠴᠠ ᠪᠠᠭ᠋ᠠᠷᠬᠠᠯᠲᠠᠢ ᠴᠠᠭᠳᠠᠭ᠎ᠠ︾ | ᠶᠢᠨ ᠢᠷᠠᠭᠤ ᠠᠯᠳᠠᠷ ᠢ ᠬᠦᠷᠳᠡᠪᠡ᠃ | 2022 ᠣᠨ ᠤ 7 ᠰᠠᠷ᠎ᠠ ᠶᠢᠨ 14 ᠤ ᠤᠷᠤᠢ᠂ ᠬᠦᠨᠳᠡᠯᠡᠨ ᠭᠤᠤᠯ ᠪᠠᠯᠭᠠᠰᠤ ᠶᠢᠨ ᠲᠣᠮᠢᠯᠠᠭᠰᠠᠨ ᠰᠠᠯᠪᠤᠷᠢ ᠪᠣᠰᠤᠳ ᠤᠨ ᠮᠡᠳᠡᠭᠦᠯᠦᠯᠲᠡ ᠶᠢ ᠲᠣᠰᠬᠤ ᠳᠤ᠂ | ᠵᠡᠷᠭᠡᠯᠡᠳᠡᠭᠡ ᠠᠶᠢᠯ ᠤᠨ ᠬᠢᠨ ᠠᠮᠤᠷᠵᠢᠭᠤᠯᠬᠤ ᠦᠭᠡᠢ ᠪᠠᠶᠢᠨ᠎ᠠ ᠭᠡᠵᠦ ᠮᠡᠳᠡᠭᠦᠯᠦᠭᠰᠡᠨ ᠳᠤ᠂ ᠵᠤᠤ ᠰᠢᠶᠤᠤ ᠭᠠᠩ ᠬᠠᠮᠲᠤ ᠠᠵᠢᠯᠯᠠᠭᠰᠠᠳ ᠲᠠᠢ ᠪᠠᠨ ᠲᠡᠷᠡ ᠳᠠᠷᠤᠢ ᠳᠤ | ᠨᠢ ᠬᠦᠷᠴᠦ ᠰᠢᠢᠳᠪᠦᠷᠢᠯᠡᠪᠡ᠃ ᠦᠵᠡᠬᠦ ᠳᠤ ᠡᠩ ᠤᠨ ᠨᠢᠭᠡ ᠤᠴᠢᠷ ᠶᠠᠪᠤᠳᠠᠯ ᠰᠢᠭ᠋ ᠪᠣᠯᠪᠠᠴᠤ ᠠᠷᠤ ᠲᠠᠯ᠎ᠠ ᠳᠤ ᠨᠢ ᠠᠶᠤᠯ ᠲᠦᠭᠰᠢᠭᠦᠷᠢ ᠨᠢᠭᠤᠭᠳᠠᠵᠤ ᠪᠠᠶᠢᠭᠰᠠᠨ︕ | ᠰᠡᠵᠢᠭᠯᠡᠯᠲᠡᠶ ᠡᠲᠡᠭᠡᠳ ᠭᠡᠨᠡᠳᠲᠡ ᠪᠣᠣᠳᠤᠤ ᠡᠷᠭᠢᠭᠦᠯᠦᠨ ᠡᠷᠦᠶ ᠬᠤᠷᠤᠶ ᠥᠬᠡᠶ ᠴᠠᠪᠴᠢᠪᠠ᠃ ᠡᠷᠬᠢᠨ ᠲᠣᠭᠤᠷᠢᠨ ᠤ ᠣᠯᠠᠨ ᠲᠦᠮᠡᠨ ᠢᠶᠠᠨ ᠬᠠᠮᠠᠭᠠᠯᠠᠬᠤ ᠶᠢᠨ | ᠲᠥᠯᠥᠭᠡ᠂ ᠵᠣᠣ ᠰᠢᠶᠤᠤ ᠭᠠᠩ ᠳᠠᠭᠠᠷᠢᠨ ᠣᠷᠣᠵᠤ᠂ ᠮᠠᠭᠤ ᠡᠲᠡᠭᠡᠳ ᠲᠠᠢ ᠲᠡᠮᠡᠴᠡᠯᠳᠦᠵᠦ ᠪᠠᠶᠢᠭᠠᠳ ᠭᠠᠷ ᠢᠶᠠᠨ ᠴᠠᠪᠴᠢᠭᠳᠠᠨ ᠰᠢᠷᠬᠠᠲᠤᠭᠤᠯᠤᠭᠰᠠᠨ ᠪᠣᠯᠪᠠᠴᠤ | ᠲᠡᠷᠡ ᠡᠪᠡᠳᠬᠦ ᠪᠠᠨ ᠲᠡᠰᠪᠦᠷᠢᠯᠡᠨ ᠰᠡᠵᠢᠭᠯᠡᠯᠲᠡᠶ ᠡᠲᠡᠭᠡᠳ ᠢ ᠨᠣᠮᠣᠬᠠᠳᠬᠠᠪᠠ᠃ | | | | ᠵᠣᠣ ᠰᠢᠶᠤᠤ ᠭᠠᠩ ᠴᠠᠭᠳᠠᠭᠠᠨ ᠤ ᠡᠩᠨᠡᠭᠡ ᠳᠤ ᠠᠩᠬ᠎ᠠ ᠣᠷᠣᠬᠤ ᠦᠶ᠎ᠡ ᠳᠤ ᠠᠳᠠᠯᠢᠬᠠᠨ ᠲᠦᠭᠰᠢᠭᠦᠷᠢᠲᠦ ᠪᠠᠶᠢᠳᠠᠯ ᠴᠤ ᠭᠠᠷᠴᠤ ᠥᠩᠭᠡᠷᠡᠭᠰᠡᠨ ᠶᠤᠮ᠃ | 2012 ᠣᠨ ᠳᠤ ᠲᠣᠮᠢᠯᠠᠭᠰᠠᠨ ᠰᠠᠯᠪᠤᠷᠢ ᠶᠢᠨ ᠬᠢᠨ ᠨᠢᠭᠡᠨ ᠣᠷᠭᠤᠳᠠᠭᠤᠯ ᠶᠠᠯᠠᠲᠠᠨ ᠬᠠᠷᠢᠶ᠎ᠠ ᠣᠷᠣᠨ ᠳᠤ ᠨᠢ ᠨᠢᠭᠤᠨ ᠳᠠᠯᠳᠠᠯᠠᠵᠤ ᠪᠠᠶᠢᠬᠤ ᠰᠦᠪᠡᠭᠴᠢ ᠣᠯᠪᠠ᠃ | ᠵᠣᠣ ᠰᠢᠶᠤᠤ ᠭᠠᠩ ᠬᠠᠮᠲᠤ ᠠᠵᠢᠯᠯᠠᠭᠰᠠᠳ ᠲᠠᠢ ᠪᠠᠨ ᠪᠠᠷᠢᠪᠴᠢᠯᠠᠬᠤ ᠪᠠᠷ ᠣᠴᠢᠭᠰᠠᠨ ᠳᠤ᠂ ᠣᠷᠭᠤᠳᠠᠭᠤᠯ ᠶᠠᠯᠠᠲᠠᠨ ᠬᠢᠲᠤᠭ᠎ᠠ ᠪᠠᠷᠢᠨ ᠪᠠᠷᠢᠪᠴᠢᠯᠠᠬᠤ ᠶᠢ | ᠡᠰᠡᠷᠭᠦᠴᠡᠪᠡ᠃ ᠵᠣᠣ ᠰᠢᠶᠤᠤ ᠭᠠᠩ ᠭᠡᠨᠡᠳᠲᠡ ᠳᠠᠭᠠᠷᠢᠭᠰᠠᠨ ᠳᠤ ᠭᠡᠳᠡᠰᠦᠨ ᠤ ᠬᠡᠰᠡᠭ ᠨᠢ ᠬᠢᠲᠤᠭᠠᠯᠠᠭᠳᠠᠵᠤ᠂ ᠨᠥᠭᠦᠭᠡ ᠨᠢᠭᠡ ᠬᠠᠮᠲᠤ ᠠᠵᠢᠯᠯᠠᠭᠰᠠᠳ ᠤᠨ | ᠴᠡᠭᠡᠵᠢᠨ ᠬᠡᠰᠡᠭ ᠨᠢ ᠬᠢᠲᠤᠭᠠᠯᠠᠭᠳᠠᠵᠤ ᠰᠢᠷᠬᠠᠲᠤᠪᠠ᠃ ᠲᠠᠳᠠ ᠡᠪᠡᠳᠬᠦ ᠪᠠᠨ ᠳᠡᠰᠪᠦᠷᠢᠯᠡᠨ ᠣᠷᠭᠤᠳᠠᠭᠤᠯ ᠶᠠᠯᠠᠲᠠᠨ ᠢ ᠨᠣᠮᠣᠬᠠᠳᠬᠠᠪᠠ᠃ ᠪᠠᠷᠢᠪᠴᠢᠯᠠᠬᠤ ᠳᠤ | ᠲᠤᠰᠠᠯᠠᠬᠤ ᠪᠠᠷ ᠢᠷᠡᠭᠰᠡᠨ ᠬᠠᠮᠲᠤ ᠠᠵᠢᠯᠯᠠᠭᠴᠢ ᠳᠤ ᠪᠠᠨ ᠣᠷᠭᠤᠳᠠᠭᠤᠯ ᠶᠠᠯᠠᠲᠠᠨ ᠢ ᠲᠤᠰᠢᠶᠠᠭᠰᠠᠨ ᠤ ᠳᠠᠷᠠᠭ᠎ᠠ᠂ ᠵᠣᠣ ᠰᠢᠶᠤᠤ ᠭᠠᠩ ᠬᠠᠷᠢᠨ ᠴᠢᠰᠤ ᠶᠡᠭᠡ | ᠭᠠᠷᠤᠭᠰᠠᠨ ᠠᠴᠠ ᠪᠣᠯᠵᠣ ᠮᠠᠨᠠᠷᠠᠨ ᠤᠨᠠᠪᠠ᠃ ᠰᠡᠭᠦᠯᠡᠷ ᠨᠢ ᠡᠮᠨᠡᠯᠭᠡ ᠶᠢᠨ ᠬᠤᠷᠢᠶᠠᠨ ᠤ ᠪᠥᠬᠦ ᠬᠦᠴᠦᠨ ᠤ ᠠᠪᠤᠷᠠᠯᠲᠠ ᠪᠠᠷ ᠳᠡᠮᠵᠢᠨ ᠰᠠᠶ᠋ᠢ ᠠᠮᠢ ᠨᠠᠰᠤᠨ ᠤ | ᠠᠶᠤᠯ ᠠᠴᠠ ᠮᠤᠯᠲᠤᠷᠠᠵᠠᠶ᠃ ᠵᠣᠣ ᠰᠢᠶᠤᠤ ᠭᠠᠩ ᠤᠨ ᠪᠡᠶ᠎ᠡ ᠳᠡᠭᠡᠷᠡᠬᠢ ᠰᠣᠷᠪᠢ ᠨᠤᠭᠤᠳ ᠨᠢ ᠶᠠᠭ ᠯᠠ ᠨᠢᠭᠡᠨ ᠣᠨᠴᠠᠭᠠᠶ ︽ᠭᠠᠪᠢᠶᠠᠨ ᠲᠡᠮᠳᠡᠭ︾ ᠰᠢᠭ ᠪᠠᠶᠢᠵᠤ᠂ | ᠵᠣᠣ ᠰᠢᠶᠤᠤ ᠭᠠᠩ ᠤᠨ ᠣᠯᠠᠨ ᠲᠦᠮᠡᠨ ᠤ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ ᠤᠳᠠᠭ᠎ᠠ ᠳᠠᠷᠠᠭᠠᠯᠠᠨ ᠡᠷᠡᠯᠬᠡᠭᠯᠡᠨ ᠲᠡᠮᠡᠴᠡᠭᠰᠡᠨ ᠢ ᠲᠡᠮᠳᠡᠭᠯᠡᠵᠦ | ᠪᠠᠶᠢᠳᠠᠭ᠃ | ᠬᠦᠨᠳᠡᠯᠡᠨ ᠭᠤᠤᠯ ᠪᠠᠯᠭᠠᠰᠤᠨ ᠤ ᠲᠣᠮᠢᠯᠠᠭᠰᠠᠨ ᠰᠠᠯᠪᠤᠷᠢ ᠶᠢᠨ ᠬᠠᠷᠢᠶ᠎ᠠ ᠣᠷᠣᠨ ᠨᠢ ᠶᠡᠭᠡ᠂ ᠡᠯ᠎ᠡ ᠵᠦᠢᠯ ᠤᠨ ᠲᠦᠭᠰᠢᠭᠦᠷᠢᠲᠦ ᠪᠠᠶᠢᠳᠠᠯ ᠣᠯᠠᠨ᠂ ᠠᠵᠢᠯ ᠤᠨ | ᠡᠭᠦᠷᠭᠡ ᠬᠦᠨᠳᠦ ᠪᠠᠶᠢᠭ᠎ᠠ ᠪᠣᠯᠪᠠᠴᠤ ᠪᠦᠬᠦ ᠠᠷᠠᠳ ᠤᠨ ᠴᠠᠭᠳᠠᠭ᠎ᠠ ᠨᠠᠷ᠄ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠵᠦ᠂ | ᠦᠢᠯᠡᠴᠢᠯᠡᠭᠡ ᠶᠢ ᠣᠯᠠᠨ ᠲᠦᠮᠡᠨ ᠤ ᠳᠡᠷᠭᠡᠳᠡ ᠬᠦᠷᠭᠡᠵᠦ᠂ ᠣᠯᠠᠨ ᠲᠦᠮᠡᠨ ᠤ ᠲᠠᠶᠢᠪᠤᠩᠲᠤ ᠲᠥᠷᠦᠭᠳᠡᠯ ᠢ ᠳᠠᠰᠤᠷᠠᠯᠲᠠ ᠦᠭᠡᠢ ᠳᠡᠭᠡᠭᠰᠢᠯᠡᠭᠦᠯᠦᠨ᠎ᠡ ᠭᠡᠰᠡᠨ | ᠬᠠᠮᠲᠤ ᠶᠢᠨ ᠲᠠᠨᠢᠯᠲᠠ ᠲᠠᠢ ᠪᠣᠯᠪᠠ᠃ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠳᠤ ᠬᠦᠷᠦᠭᠰᠡᠨ ᠲᠡᠷᠡ ᠡᠳᠦᠷ ᠠᠴᠠ ᠡᠬᠢᠯᠡᠨ᠂ ᠵᠣᠣ ᠰᠢᠶᠤᠤ ᠭᠠᠩ | ᠨᠡᠶᠢᠭᠡᠮ ᠲᠣᠭᠤᠷᠢᠭ ᠲᠤ ︽ᠰᠡᠳᠭᠢᠯ ᠢᠶᠠᠨ ᠬᠤᠯᠪᠤᠵᠤ︾᠂ ᠨᠢᠭᠡ ᠰᠡᠳᠬᠢᠯ ᠨᠢᠭᠡ ᠵᠣᠷᠢᠭ ᠢᠶᠠᠷ ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ ᠪᠣᠯᠤᠭᠰᠠᠨ | ᠪᠠᠶᠢᠨ᠎ᠠ᠃ ︽ᠰᠢᠨ᠎ᠡ ᠭᠠᠷ︾ ᠪᠣᠯᠤᠭᠰᠠᠨ ᠤ ᠬᠤᠪᠢ ᠳᠤ ᠰᠢᠨ᠎ᠡ ᠪᠠᠶᠢᠳᠠᠯ ᠢ ᠬᠡᠷᠬᠢᠨ ᠪᠤᠶ ᠪᠣᠯᠭᠠᠬᠤ ᠪᠤᠶ︖ ᠵᠣᠤ ᠰᠢᠶᠣᠤ ᠭᠠᠩ ᠪᠣᠳᠣᠯᠬᠢᠯᠠᠨ | ᠡᠷᠢᠯᠬᠢᠯᠡᠬᠦ ᠳᠤ ᠪᠠᠨ ᠪᠦᠬᠦᠯᠢ ᠨᠢᠭᠡ ᠰᠠᠷ᠎ᠠ ᠶᠢᠨ ᠴᠠᠭ ᠢ ᠬᠡᠷᠡᠭᠯᠡᠵᠦ ᠪᠠᠢᠭᠠᠳ ᠬᠠᠷᠢᠶ᠎ᠠ ᠣᠷᠣᠨ ᠤ ᠪᠠᠨ ᠠᠯᠢ ᠵᠠᠮ ᠨᠢ ᠬᠠᠮᠢᠭ᠎ᠠ ᠪᠠᠶᠢᠬᠤ᠂ ᠠᠯᠢ ᠭᠤᠳᠤᠮᠵᠢᠨ ᠳᠤ | ᠬᠡᠳᠦᠨ ᠮᠤᠷᠦ᠋ᠢᠯᠲᠠ ᠪᠠᠶᠢᠬᠤ᠂ ᠴᠢᠨᠠᠭᠰᠢᠯᠠᠪᠠᠯ ᠪᠠᠶᠢᠰᠢᠩ ᠤᠨ ᠬᠠᠨᠳᠤᠯᠭ᠎ᠠ ᠶᠢ ᠬᠦᠷᠲᠡᠯ᠎ᠡ ᠨᠡᠪᠳᠡᠷᠡᠳᠡᠯ᠎ᠡ ᠴᠡᠭᠡᠵᠢᠯᠡᠪᠡ᠃ ᠵᠠᠭᠤᠷᠠᠯᠳᠤᠭᠠᠨ ᠢ ᠡᠶᠡᠳᠡᠭᠦᠯᠬᠦ ᠪᠣᠯ | ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ ᠶᠢᠨ ᠬᠠᠮᠤᠭ ᠤᠨ ᠤᠯᠠᠨ ᠬᠢᠬᠦ ᠨᠢᠭᠡ ᠵᠦᠢᠯ ᠤᠨ ᠠᠵᠢᠯ ᠪᠣᠯᠬᠤ ᠲᠤᠯᠠ᠂ ᠵᠤᠤ ᠰᠢᠶᠤᠤ ᠭᠠᠩ ᠵᠠᠭᠤᠷᠠᠯᠳᠤᠭᠠᠨ ᠢ | ᠡᠶᠡᠳᠡᠭᠦᠯᠬᠦ ᠳᠤ ᠪᠠᠨ ᠬᠦᠯᠢᠴᠡᠩᠭᠦᠶ᠂ ᠠᠷᠭ᠎ᠠ ᠤᠬᠠᠭᠠᠨ᠂ ᠰᠥᠰᠥ ᠵᠣᠷᠢᠭ ᠲᠠᠢ ᠪᠠᠶᠢᠬᠤ ᠨᠢ ᠨᠡᠷ᠎ᠡ ᠭᠠᠷᠤᠭᠰᠠᠨ ᠠᠴᠠ᠂ ᠨᠡᠶᠢᠭᠡᠮ ᠲᠣᠭᠤᠷᠢᠭ ᠤᠨ ᠰᠠᠭᠤᠭᠠᠯᠢ | ᠠᠷᠠᠳ ᠵᠠᠭᠤᠷᠠᠯᠳᠤᠭᠠᠨ ᠭᠠᠷᠤᠭᠰᠠᠭᠠᠷ ᠲᠡᠭᠦᠨ ᠢᠶᠠᠷ ᠬᠠᠪᠰᠤᠷᠤᠭᠤᠯᠤᠨ ᠡᠶᠡᠳᠡᠭᠦᠯᠬᠦ ᠪᠠᠷ ᠭᠤᠶᠤᠴᠢᠯᠠᠳᠠᠭ᠃ ᠶᠡᠭᠡ ᠠᠴᠠ ᠠᠵᠤ ᠠᠬᠤᠶ ᠶᠢᠨ ᠵᠢᠭᠤᠷᠠᠯᠳᠤᠭᠠᠨ᠂ | ᠪᠠᠭ᠎ᠠ ᠠᠴᠠ ᠬᠠᠳᠠᠮ ᠡᠬᠡ ᠪᠡᠷᠢ ᠶᠢᠨ ᠵᠥᠷᠢᠴᠡᠯ ᠬᠦᠷᠲᠡᠯ᠎ᠡ᠂ ᠵᠣᠣ ᠰᠢᠶᠤᠤ ᠭᠠᠩ ᠶᠠᠭ ᠯᠠ ︽ᠰᠡᠳᠬᠢᠯ ᠢ ᠮᠡᠳᠡᠭᠴᠢ ᠵᠠᠯᠠᠭᠤ︾ ᠰᠢᠭ᠋ ᠪᠠᠶᠢᠵᠤ᠂ ᠵᠢᠯ ᠪᠦᠷᠢ ᠡᠯ᠎ᠡ | ᠵᠦᠢᠯ ᠤᠨ ᠵᠥᠷᠢᠴᠡᠯ ᠵᠠᠭᠤᠷᠠᠯᠳᠤᠭᠠᠨ ᠢ ᠵᠠᠭᠤ ᠰᠢᠬᠠᠮ ᠡᠶᠡᠳᠡᠭᠦᠯᠳᠡᠭ᠃ | | | | ᠵᠣᠣ ᠰᠢᠶᠤᠤ ᠭᠠᠩ ᠵᠥᠷᠢᠴᠡᠯ ᠵᠠᠭᠤᠷᠠᠯᠳᠤᠭᠠᠨ ᠢ ᠬᠡᠷᠬᠢᠨ ᠰᠢᠢᠳᠪᠦᠷᠢᠯᠡᠬᠦ ᠶᠢ ︽ᠪᠣᠰᠤᠳ ᠠᠴᠠ ᠨᠢᠭᠡ ᠠᠯᠬᠤᠮ ᠲᠦᠷᠭᠡᠳᠬᠡᠬᠦ︾ ᠲᠤᠬᠠᠶ | ᠰᠦᠪᠡᠭᠴᠢᠯᠡᠭᠰᠡᠭᠡᠷ ᠢᠷᠡᠪᠡ᠃ ᠲᠡᠷᠡ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢᠨ ᠲᠣᠭᠤᠷᠢᠨ ᠳᠤ᠂ ᠤᠬᠠᠮᠰᠠᠷ ᠢᠶᠠᠷ ᠥᠨᠳᠥᠷ᠂ ᠨᠡᠶᠢᠭᠡᠮ | ᠲᠣᠭᠤᠷᠢᠭ ᠤᠨ ᠠᠵᠢᠯ ᠳᠤ ᠬᠠᠯᠠᠭᠤᠨ ᠰᠡᠳᠬᠢᠯ ᠲᠠᠢ ᠰᠠᠭᠤᠭᠠᠯᠢ ᠠᠷᠠᠳ ᠢ ᠳᠠᠶᠢᠴᠢᠯᠠᠨ ᠠᠮᠤᠷ ᠠᠮᠤᠭᠤᠯᠠᠩ ᠨᠡᠶᠢᠭᠡᠮ ᠲᠣᠭᠤᠷᠢᠭ ᠢ ᠬᠠᠮᠲᠤ ᠪᠠᠷ ᠪᠥᠲᠥᠭᠡᠨ | ᠪᠠᠶᠢᠭᠤᠯᠬᠤ ᠠᠵᠢᠯ ᠳᠤ ᠣᠷᠣᠯᠴᠠᠭᠤᠯᠵᠤ᠂ ᠵᠥᠷᠢᠴᠡᠯ ᠢ ᠴᠠᠭ ᠲᠤᠬᠠᠶ ᠳᠤ ᠨᠢ ᠢᠯᠡᠷᠡᠭᠦᠯᠦᠨ᠂ ᠡᠶᠡᠳᠡᠭᠦᠯᠭᠡ ᠳᠤ ᠣᠷᠣᠯᠴᠠᠭᠤᠯᠵᠤ᠂ ᠵᠥᠷᠢᠴᠡᠯ ᠵᠠᠭᠤᠷᠠᠯᠳᠤᠭᠠᠨ ᠢ | ᠴᠤᠬᠤᠶᠢᠵᠤ ᠪᠠᠶᠢᠭ᠎ᠠ ᠪᠠᠶᠢᠳᠠᠯ ᠳᠤ ᠨᠢ ᠰᠢᠢᠳᠪᠦᠷᠢᠯᠡᠪᠡ᠃ ᠡᠭᠦᠨ ᠤ ᠬᠠᠮᠲᠤ ᠲᠣᠣᠷᠵᠢᠯ ᠤᠨ ᠬᠤᠪᠢᠶᠠᠷᠢᠯᠠᠯ ᠢᠶᠠᠷ ᠬᠠᠷᠢᠶ᠎ᠠ ᠣᠷᠣᠨ ᠤ ᠭᠤᠣᠯᠳᠠᠯᠭ᠎ᠠ ᠲᠠᠢ | ᠨᠢᠭᠡᠴᠢ ᠶᠢ ᠵᠣᠬᠢᠶᠠᠨ ᠪᠠᠶᠢᠭᠤᠯᠵᠤ ᠲᠣᠣᠷᠵᠢᠯ ᠤᠨ ᠬᠠᠮᠲᠤᠷᠠᠭᠰᠠᠨ ᠰᠡᠷᠭᠡᠶᠢᠯᠡᠯᠲᠡ ᠶᠢᠨ ᠲᠣᠭᠤᠷᠢᠨ ᠴᠠᠭᠳᠠᠬᠤ ᠠᠩᠬᠢ ᠶᠢ ᠵᠣᠬᠢᠶᠠᠨ ᠪᠠᠶᠢᠭᠤᠯᠵᠤ᠂ ᠨᠡᠶᠢᠭᠡᠮ | ᠲᠣᠭᠤᠷᠢᠭ ᠤᠨ ᠬᠠᠮᠲᠤᠷᠠᠭᠰᠠᠨ ᠰᠡᠷᠭᠡᠶᠢᠯᠡᠯᠲᠡ ᠳᠤ ᠣᠷᠤᠯᠴᠠᠭᠤᠯᠪᠠ᠃ ᠴᠠᠭᠳᠠᠭ᠎ᠠ ᠠᠷᠠᠳ ᠬᠠᠮᠲᠤ ᠪᠠᠷ ᠪᠠᠶᠢᠭᠤᠯᠤᠭᠰᠠᠨ ᠲᠣᠭᠤᠷᠢᠨ ᠴᠠᠭᠳᠠᠵᠤ ᠰᠡᠷᠭᠡᠶᠢᠯᠡᠨ | ᠡᠵᠡᠮᠳᠡᠬᠦ ᠲᠣᠭᠲᠠᠴᠠ ᠶᠢᠨ ᠦᠷ᠎ᠡ ᠪᠦᠲᠦᠮᠵᠢ ᠲᠤᠪᠤᠶᠢᠮ᠎ᠠ ᠪᠤᠯᠵᠤ᠂ ︽ᠬᠤᠶᠠᠷ ᠢ ᠪᠤᠯᠢᠶᠠᠬᠤ ᠨᠢᠭᠡ ᠶᠢ ᠬᠤᠯᠠᠭᠠᠶᠢᠯᠠᠬᠤ︾ ᠬᠡᠷᠡᠭ ᠶᠡᠭᠡ ᠪᠠᠷ ᠪᠠᠭᠠᠰᠴᠤ᠂ ᠤᠯᠠᠨ | ᠲᠦᠮᠡᠨ ᠤ ᠠᠮᠤᠷ ᠲᠦᠪᠰᠢᠨ ᠤ ᠲᠦᠷᠦᠭᠳᠡᠯ ᠶᠡᠭᠡ ᠪᠠᠷ ᠨᠡᠮᠡᠭᠳᠡᠪᠡ᠃ ᠵᠣᠣ ᠰᠢᠶᠤᠤ ᠭᠠᠩ ᠤᠨ ᠬᠠᠮᠢᠶᠠᠷᠴᠤ ᠪᠠᠶᠢᠭ᠎ᠠ ᠨᠡᠶᠢᠭᠡᠮ ᠲᠣᠭᠤᠷᠢᠭ ᠲᠤ᠂ ᠡᠷᠡᠭᠦᠤ ᠶᠢᠨ | ᠬᠡᠷᠡᠭ ᠤᠨ ᠬᠡᠷᠡᠭ ᠭᠠᠷᠤᠭᠰᠠᠨ ᠲᠤᠭ᠎ᠠ ᠣᠯᠠᠨ ᠵᠢᠯ ᠳᠠᠷᠠᠭᠠᠯᠠᠨ ᠪᠠᠭᠤᠷᠠᠪᠠ᠃ ᠲᠡᠷᠡ᠄ ︽ᠣᠯᠠᠨ ᠲᠦᠮᠡᠨ ᠤ ᠠᠵᠢᠯ ᠢ ᠰᠠᠶᠢᠲᠤᠷ ᠬᠢᠬᠦ ᠳᠤ ︿ᠰᠡᠳᠬᠢᠯ ᠲᠠᠯᠪᠢᠬᠤ﹀ | ᠪᠣᠯ ᠬᠠᠮᠤᠭ ᠤᠨ ᠴᠢᠬᠤᠯᠠ ᠶᠤᠮ᠂ ᠣᠯᠠᠨ ᠲᠦᠮᠡᠨ ᠤ ᠠᠰᠢᠭ ᠲᠤᠰᠠ ᠳᠤ ᠬᠤᠯᠪᠣᠭᠳᠠᠬᠤ ᠤᠴᠢᠷ ᠶᠠᠪᠤᠳᠠᠯ ᠢ ᠴᠠᠭ ᠢᠮᠠᠭᠲᠠ ᠰᠠᠨᠠᠭ᠎ᠠ ᠠᠮᠤᠷ ᠪᠠᠶᠢᠯᠭᠠᠵᠤ᠂ | ᠭᠠᠷᠳᠠᠴᠠ ᠶᠢ ᠨᠢ ᠠᠳᠬᠤᠵᠤ᠂ ᠡᠭᠦᠷᠭᠡ ᠶᠢ ᠨᠢ ᠡᠭᠦᠷᠭᠡᠯᠡᠬᠦ ᠬᠡᠷᠡᠭᠲᠡᠶ︾ ᠭᠡᠵᠦ ᠬᠡᠯᠡᠪᠡ᠃ 2022 ᠣᠨ ᠳᠤ᠂ ᠲᠣᠮᠢᠯᠠᠭᠰᠠᠨ ᠰᠠᠯᠪᠤᠷᠢ ︽ᠬᠤᠶᠠᠷ ᠠᠩᠭᠢ ᠨᠢᠭᠡ | ᠳᠠᠰᠤᠭ︾ ᠤᠨ ᠴᠠᠭᠳᠠᠭᠠᠨ ᠤ ᠶᠠᠪᠤᠳᠠᠯ ᠤᠨ ᠲᠣᠭᠲᠠᠴᠠ ᠶᠢᠨ ᠥᠭᠡᠷᠡᠴᠢᠯᠡᠯᠲᠡ ᠬᠢᠵᠦ᠂ ᠵᠣᠣ ᠰᠢᠶᠤᠤ ᠭᠠᠩ ᠬᠡᠷᠡᠭ ᠰᠢᠢᠳᠪᠦᠷᠢᠯᠡᠬᠦ ᠠᠩᠭᠢ ᠳᠤ ᠣᠷᠣᠵᠤ᠂ ᠡᠨᠡ | ᠬᠦ ᠬᠦᠨᠳᠦ ᠡᠭᠦᠷᠭᠡ ᠶᠢ ᠡᠭᠦᠷᠭᠡᠯᠡᠭᠰᠡᠨ ᠪᠠᠶᠢᠨ᠎ᠠ᠃ ᠲᠡᠷᠡ ᠠᠷᠠᠳ ᠤᠨ ᠠᠮᠢᠳᠤᠷᠠᠯ ᠤᠨ ᠪᠠᠭ᠎ᠠ ᠬᠡᠷᠡᠭ ᠢ ᠴᠢᠩᠭ᠎ᠠ ᠠᠩᠬᠠᠷᠴᠤ᠂ ᠴᠠᠬᠢᠯᠭᠠᠨ ᠬᠥᠳᠡᠯᠭᠡᠭᠦᠷᠲᠦ ᠲᠡᠷᠭᠡ | ᠬᠤᠯᠠᠭᠠᠶᠢᠯᠠᠭᠰᠠᠨ ᠬᠡᠷᠡᠭ ᠢ ᠵᠠᠯᠭᠠᠭ᠎ᠠ ᠪᠠᠷ ᠣᠯᠠᠨ ᠢᠯᠡᠷᠡᠭᠦᠯᠵᠦ᠂ ᠬᠠᠷᠢᠶ᠎ᠠ ᠣᠷᠣᠨ ᠤ ᠣᠯᠠᠨ ᠲᠦᠮᠡᠨ ᠳᠤ ︽ᠨᠡᠶᠢᠭᠡᠮ ᠲᠣᠭᠤᠷᠢᠭ ᠤᠨ ᠳᠣᠷᠰᠢᠭᠤᠯᠴᠢ︾ ᠭᠡᠵᠦ | ᠦᠨᠡᠯᠡᠭᠳᠡᠪᠡ᠃ | |