ᠬᠤᠷᠤᠭᠤᠨ ᠤ ᠣᠷᠣᠮ ᠢ ︽ᠦᠭᠡ ᠬᠡᠯᠡᠭᠦᠯᠬᠦ︾ ᠴᠠᠭᠳᠠᠭᠠᠨ ᠤ ᠲᠠᠯ᠎ᠠ ᠶᠢᠨ ᠳᠠᠷᠬᠠᠨ — ᠴᠢ ᠰᠢᠤᠸᠠᠢ ᠴᠢᠶᠠᠨ
ᠨᠡᠶᠢᠲᠡᠯᠡᠭᠰᠡᠨ ᠴᠠᠭ᠄
2023/11/7
     ᠭᠠᠯᠠᠭᠤ ᠥᠩᠭᠡᠷᠡᠬᠦ ᠳᠤ ᠴᠢᠮᠡᠭᠡ ᠠᠨᠢᠷ ᠦᠭᠡᠶ ᠪᠣᠯᠪᠠᠴᠤ ᠴᠠᠰᠤᠨ ᠳᠡᠭᠡᠭᠦᠷ ᠭᠠᠷᠬᠤ ᠳᠤ ᠣᠷᠣ ᠮᠥᠷ ᠦᠭᠡᠶ ᠪᠠᠶᠢᠵᠤ ᠬᠡᠷᠬᠢᠨ ᠴᠢᠳᠠᠬᠤ ᠠᠵᠢ᠃ ᠭᠡᠷᠡᠴᠢ ᠪᠠᠷᠢᠮᠲᠠ ᠪᠠᠷ ᠦᠭᠡ ᠬᠡᠯᠡᠭᠦᠯᠵᠦ᠂ ᠦᠨᠡᠨ ᠪᠠᠶᠢᠳᠠᠯ ᠳᠤ ᠬᠠᠷᠢᠭᠤᠴᠠᠬᠤ ᠪᠣᠯ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠤ ᠶᠢᠨ ᠬᠡᠷᠡᠭ ᠤᠨ ᠲᠤᠷᠰᠢᠨ ᠪᠠᠶᠢᠴᠠᠭᠠᠬᠤ ᠶᠡᠭᠡ ᠠᠩᠭᠢ ᠶᠢᠨ ᠳᠡᠳ᠋ ᠳᠠᠷᠤᠭ᠎ᠠ ᠴᠢ ᠰᠢᠤᠸᠠᠢ ᠴᠢᠶᠠᠨ ᠤ ᠠᠵᠢᠯ ᠤᠨ ᠵᠢᠷᠤᠮᠯᠠᠯ ᠪᠣᠯᠤᠨ᠎ᠠ᠃ ᠴᠠᠭᠳᠠᠭ᠎ᠠ ᠶᠢᠨ ᠠᠯᠪᠠᠨ ᠳᠠᠬᠢ 27 ᠵᠢᠯ ᠤᠨ ᠬᠤᠭᠤᠷᠣᠨᠳᠣ᠂ ᠲᠡᠷᠡ ᠡᠯ᠎ᠡ ᠲᠥᠷᠥᠯ ᠤᠨ ᠡᠷᠡᠭᠦᠦ ᠶᠢᠨ ᠬᠡᠷᠡᠭ ᠤᠨ ᠲᠠᠯᠠᠪᠠᠶ ᠶᠢ 6000 ᠰᠢᠬᠠᠮ ᠬᠠᠶᠢᠨ ᠪᠠᠶᠢᠴᠠᠭᠠᠵᠤ᠂ ᠬᠤᠷᠤᠭᠤᠨ ᠣᠷᠣᠮ᠂ ᠬᠥᠯ ᠤᠨ ᠮᠥᠷ᠂ ᠬᠡᠷᠡᠭ ᠦᠢᠯᠡᠳᠬᠦ ᠪᠠᠭᠠᠵᠢ ᠬᠡᠷᠡᠭᠰᠡᠯ ᠵᠡᠷᠭᠡ ᠡᠯ᠎ᠡ ᠵᠦᠢᠯ ᠤᠨ ᠣᠷᠣ ᠮᠥᠷ ᠢ ᠭᠠᠷᠭᠠᠨ ᠠᠪᠴᠤ ᠰᠢᠯᠭᠠᠨ ᠪᠠᠶᠢᠴᠠᠭᠠᠬᠤ ᠳᠤ ᠪᠣᠳᠠᠰ ᠤᠨ ᠭᠡᠷᠡᠴᠢ ᠶᠢ 10000 ᠭᠠᠷᠤᠶ ᠭᠠᠷᠭᠠᠨ ᠠᠪᠴᠤ᠂ ᠲᠤᠬᠠᠶ ᠶᠢᠨ ᠲᠠᠯᠠᠪᠠᠶ ᠶᠢᠨ ᠭᠡᠷᠡᠯ ᠵᠢᠷᠤᠭ ᠢ 7 ᠲᠦᠮᠡ ᠰᠡᠭᠦᠳᠡᠷᠯᠡᠵᠦ᠂ ᠲᠤᠬᠠᠶ ᠶᠢᠨ ᠲᠠᠯᠠᠪᠠᠶ ᠶᠢᠨ ᠬᠠᠶᠢᠨ ᠪᠠᠶᠢᠴᠠᠭᠠᠯᠲᠠ ᠶᠢᠨ ᠲᠡᠮᠳᠡᠭᠯᠡᠯ ᠬᠢᠵᠦ᠂ ᠲᠤᠬᠠᠶ ᠶᠢᠨ ᠲᠠᠯᠠᠪᠠᠶ ᠶᠢᠨ ᠲᠠᠶᠢᠯᠪᠤᠷᠢ ᠵᠢᠷᠤᠭ ᠵᠡᠷᠭᠡ ᠡᠯ᠎ᠡ ᠲᠥᠷᠥᠯ ᠤᠨ ᠲᠤᠬᠠᠶ ᠶᠢᠨ ᠲᠠᠯᠠᠪᠠᠶ ᠶᠢᠨ ᠮᠠᠲ᠋ᠧᠷᠢᠶᠠᠯ ᠢ 10000 ᠭᠠᠷᠤᠶ ᠬᠤᠪᠢ ᠵᠢᠷᠤᠵᠤ᠂ ᠬᠤᠷᠤᠭᠤᠨ ᠤᠷᠤᠮ᠂ ᠮᠠᠰᠢᠨ ᠲᠡᠷᠭᠡ ᠶᠢ ᠰᠢᠯᠭᠠᠨ ᠪᠠᠶᠢᠴᠠᠭᠠᠬᠤ ᠵᠡᠷᠭᠡ ᠰᠢᠯᠭᠠᠨ ᠪᠠᠶᠢᠴᠠᠭᠠᠭᠰᠠᠨ ᠬᠢᠨᠠᠨ ᠲᠣᠭᠲᠠᠭᠠᠯᠲᠠ ᠶᠢᠨ ᠪᠢᠴᠢᠭ᠂ ᠮᠡᠳᠡᠭᠦᠯᠦᠯᠲᠡ ᠶᠢᠨ ᠪᠢᠴᠢᠭ ᠢ 1000 ᠭᠠᠷᠤᠢ ᠬᠤᠪᠢ ᠦᠢᠯᠡᠳᠴᠦ᠂ ᠰᠢᠯᠭᠠᠨ ᠲᠣᠭᠲᠠᠭᠠᠭᠰᠠᠨ ᠦᠷ᠎ᠡ ᠳ᠋ᠦᠩ ᠨᠢ ᠪᠤᠰᠤᠳᠴᠢ᠂ ᠲᠥᠪ ᠭᠤᠣᠯᠴᠢ᠂ ᠠᠯᠳᠠᠭ᠎ᠠ ᠪᠤᠷᠤᠭᠤ ᠦᠭᠡᠢ ᠪᠠᠶᠢᠵᠤ᠂ ᠦᠨᠳᠦᠰᠦᠨ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠣᠯᠤᠨ ᠰᠢᠭᠦᠬᠦ ᠲᠢᠩᠬᠢᠮ ᠤᠨ ᠬᠠᠤᠯᠢ ᠶᠣᠰᠣᠭᠠᠷ ᠲᠥᠪ ᠭᠤᠣᠯᠴᠢ ᠪᠠᠷ ᠬᠡᠷᠡᠭ ᠢ ᠲᠠᠰᠤᠯᠬᠤ ᠳᠤ ᠶᠡᠭᠡ ᠬᠡᠮᠵᠢᠶᠡᠨ ᠤ ᠵᠠᠩᠭᠢᠯᠠᠭ᠎ᠠ ᠶᠢᠨ ᠴᠢᠨᠠᠷᠲᠠᠢ ᠰᠢᠨᠵᠢᠯᠡᠬᠦ ᠤᠬᠠᠭᠠᠨ ᠤ ᠬᠡᠷᠡᠴᠢ ᠪᠠᠷᠢᠮᠲᠠ ᠬᠠᠩᠭᠠᠭᠰᠠᠨ ᠁ ᠡᠨᠡ ᠬᠦ ᠲᠤᠭ᠎ᠠ ᠪᠠᠷᠢᠮᠲᠠ ᠶᠢᠨ ᠠᠷᠤ ᠳᠤ᠂ ᠡᠨᠡ ᠬᠦ ᠠᠬᠠᠮᠠᠳ ᠴᠠᠭᠳᠠᠭ᠎ᠠ ᠶᠢᠨ ᠬᠠᠶᠢᠷ᠎ᠠ ᠰᠡᠳᠭᠢᠯᠭᠡ ᠬᠦᠴᠦ ᠬᠦᠯᠦᠰᠦ ᠠᠭᠤᠯᠤᠭᠳᠠᠵᠤ ᠪᠠᠶᠢᠭ᠎ᠠ ᠶᠤᠮ᠃ 2022 ᠣᠨ ᠳᠤ ᠥᠪᠦᠷ ᠮᠤᠩᠭᠤᠯ ᠤᠨ ︽ᠤᠮᠠᠷᠠᠲᠤ ᠬᠢᠯᠢ ᠶᠢ ᠳᠣᠭᠳᠣᠯᠤᠭᠤᠯᠤᠭᠰᠠᠨ · ᠬᠠᠮᠤᠭ ᠠᠴᠠ ᠪᠠᠭ᠋ᠠᠷᠬᠠᠯᠲᠠᠢ ᠴᠠᠭᠳᠠᠭ᠎ᠠ︾ ᠶᠢᠨ ᠢᠷᠠᠭᠤ ᠠᠯᠳᠠᠷ ᠢ ᠬᠦᠷᠳᠡᠪᠡ᠃
微信图片_20230602162906.jpg    
    2022 ᠣᠨ ᠳᠤ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠠᠵᠢᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠶᠡᠷᠦᠩᠬᠡᠢ ᠠᠩᠬᠢ ᠶᠢᠨ ᠬᠢᠨ ᠪᠦᠬᠦ ᠣᠷᠣᠨ ᠤ ᠬᠤᠷᠤᠭᠤᠨ ᠤᠷᠤᠮ ᠢᠶᠠᠷ ᠬᠡᠷᠡᠭ ᠢᠯᠡᠷᠡᠭᠦᠯᠬᠦ ᠲᠤᠰᠬᠠᠢ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠵᠦ᠂ ᠳᠠᠪᠠᠭᠤᠯᠢᠭ ᠴᠠᠭᠳᠠᠭᠠᠨ ᠤ ᠬᠦᠴᠦᠨ ᠤ ᠡᠬᠢ ᠪᠠᠶᠠᠯᠢᠭ᠂ ᠤᠯᠠᠨ ᠲᠦᠷᠦᠯ ᠤᠨ ᠴᠠᠭᠳᠠᠭᠠᠨ ᠤ ᠬᠦᠴᠦᠨ ᠢ ᠲᠥᠪᠯᠡᠷᠡᠭᠦᠯᠦᠨ ᠨᠢᠭᠲᠠ ᠬᠥᠳᠡᠯᠦᠯᠴᠡᠵᠦ᠂ ᠠᠮᠢᠨ ᠬᠡᠷᠡᠭ ᠳᠠᠷᠤᠭᠳᠠᠮᠠᠯ ᠬᠡᠷᠡᠭ ᠲᠤ ᠲᠠᠰᠤᠷᠠᠯᠲᠠ ᠦᠭᠡᠢ ᠰᠢᠷᠦᠭᠦᠨ ᠲᠠᠭᠠᠷᠢᠯᠳᠡ ᠶᠠᠪᠤᠭᠤᠯᠪᠠ᠃ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠢᠨ ᠴᠠᠭᠳᠠᠭ᠎ᠠ ᠶᠢᠨ ᠬᠦᠴᠦᠨ ᠢ ᠰᠣᠩᠭᠤᠨ ︽ᠬᠤᠷᠤᠭᠤᠨ ᠣᠷᠤᠮ ᠤᠨ ᠲᠤᠰᠬᠠᠢ ᠮᠡᠷᠭᠡᠵᠢᠯᠲᠡᠨ ᠤ ᠳᠤᠭᠤᠶᠢᠯᠠᠩ︾ ᠢ ᠪᠠᠶᠢᠭᠤᠯᠵᠤ᠂︽2021 ᠣᠨ ᠤ ᠪᠦᠬᠦ ᠣᠷᠣᠨ ᠤ ᠠᠷᠪᠠᠨ ᠶᠡᠭᠡ ᠡᠷᠡᠭᠦᠦ ᠶᠢᠨ ᠬᠡᠷᠡᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ︾ ᠭᠡᠬᠦ ᠴᠣᠯᠠ ᠣᠯᠤᠭᠰᠠᠨ ᠴᠢ ᠰᠢᠤᠸᠠᠢ ᠴᠢᠶᠠᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠪᠦᠷᠢᠯᠳᠦᠬᠦᠨ ᠤ ᠬᠤᠪᠢ ᠪᠠᠷ ᠪᠦᠬᠦ ᠣᠷᠣᠨ ᠤ 82 ᠢᠯᠡᠷᠡᠭᠦᠯᠦᠭᠡᠳᠦᠢ ᠠᠮᠢᠨ ᠬᠡᠷᠡᠭ ᠢ ᠲᠠᠬᠢᠨ ᠡᠮᠬᠢᠯᠡᠵᠦ᠂ ᠬᠡᠷᠡᠭ ᠢ ᠲᠠᠩᠨᠠᠨ ᠢᠯᠡᠷᠡᠭᠦᠯᠬᠦ ᠠᠵᠢᠯ ᠢ ᠪᠦᠬᠦ ᠬᠦᠴᠦᠨ ᠢᠶᠠᠷ ᠢᠶᠠᠨ ᠥᠷᠨᠢᠭᠦᠯᠵᠡᠢ᠃ ᠠᠮᠢᠨ ᠬᠡᠷᠡᠭ ᠤᠨ ᠲᠤᠬᠠᠶ ᠶᠢᠨ ᠲᠠᠯᠠᠪᠠᠶ ᠶᠢᠨ ᠬᠤᠷᠤᠭᠤᠨ ᠣᠷᠣᠮ ᠤᠨ ᠲᠤᠭ᠎ᠠ ᠬᠡᠮᠵᠢᠶ᠎ᠡ ᠨᠢ ᠠᠳᠠᠯᠢ ᠥᠬᠡᠶ᠂ ᠬᠠᠮᠤᠭ ᠤᠨ ᠠᠷᠪᠢᠨ ᠳᠤ ᠪᠠᠨ 18 ᠪᠠᠶᠢᠵᠤ᠂ ᠬᠤᠷᠤᠭᠤᠨ ᠣᠷᠣᠮ ᠨᠢᠭᠡᠪᠦᠷᠢ ᠶᠢ ᠴᠥᠮ ᠥᠪᠡᠷᠲᠡᠭᠡᠨ ᠵᠠᠰᠠᠬᠤ ᠣᠷᠣᠨ ᠤ ᠬᠤᠷᠤᠭᠤᠨ ᠣᠷᠣᠮ ᠤᠨ ᠬᠥᠮᠥᠷᠭᠡ ᠳᠤ ᠬᠦᠷᠭᠡᠵᠦ᠂ ᠤᠯᠤᠰ ᠤᠨ ᠬᠤᠷᠤᠭᠤᠨ ᠣᠷᠣᠮ ᠤᠨ ᠬᠥᠮᠥᠷᠭᠡ ᠠᠴᠠ ᠪᠠᠶᠢᠴᠠᠭᠠᠨ ᠯᠠᠪᠯᠠᠵᠤ ᠬᠠᠷᠢᠴᠠᠭᠤᠯᠳᠠᠭ ᠪᠣᠯᠬᠤᠷ᠂ ᠲᠤᠬᠠᠶ ᠶᠢᠨ ᠲᠠᠯᠠᠪᠠᠶ ᠶᠢᠨ ᠬᠤᠷᠤᠭᠤᠨ ᠣᠷᠣᠮ ᠢ 500 ᠭᠠᠷᠤᠶ ᠤᠳᠠᠭ᠎ᠠ ᠳᠠᠬᠢᠨ ᠳᠠᠪᠲᠠᠨ ᠪᠠᠶᠢᠴᠠᠭᠠᠨ ᠦᠵᠡᠬᠦ ᠴᠢᠬᠤᠯᠠᠲᠠᠶ ᠪᠠᠶᠢᠵᠤ᠂ ᠠᠵᠢᠯ ᠲᠦᠢᠯ ᠤᠨ ᠶᠡᠭᠡ᠃ ᠴᠢ ᠰᠢᠤᠸᠠᠢ ᠴᠢᠶᠠᠨ ᠡᠯ᠎ᠡ ᠵᠦᠢᠯ ᠤᠨ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠡᠷᠲᠡ ᠠᠴᠠ ᠤᠷᠤᠢ ᠪᠣᠯᠲᠠᠯ᠎ᠠ᠂ ᠳᠠᠷᠤᠭᠳᠠᠮᠠᠯ ᠬᠡᠷᠡᠭ ᠢ ᠲᠠᠬᠢᠨ ᠬᠢᠨᠠᠵᠤ ᠲᠠᠬᠢᠨ ᠪᠠᠶᠢᠴᠠᠭᠠᠬᠤ ᠪᠠ ᠮᠡᠷᠭᠡᠵᠢᠯ ᠢ ᠬᠠᠷᠢᠴᠠᠭᠤᠯᠤᠨ ᠰᠤᠳᠤᠯᠤᠨ ᠮᠠᠭᠠᠳᠯᠠᠬᠤ ᠠᠵᠢᠯ ᠢ ᠪᠠᠴᠢᠮ ᠶᠠᠭᠠᠷᠠᠯᠲᠠᠢ ᠡᠮᠬᠢ ᠵᠢᠷᠤᠮ ᠲᠠᠢ ᠪᠠᠷ ᠪᠡᠶᠡᠯᠡᠭᠦᠯᠵᠦ᠂ ᠵᠠᠯᠭᠠᠭᠠᠳ ᠪᠠᠰᠠ ᠲᠤᠷᠰᠢᠯᠲᠠ ᠶᠢᠨ ᠲᠠᠰᠤᠭ ᠲᠤ ᠪᠠᠨ ᠢᠷᠡᠵᠦ᠂ ᠬᠡᠷᠡᠭ ᠲᠤ ᠬᠤᠯᠪᠣᠭᠳᠠᠭᠰᠠᠨ ᠪᠣᠳᠠᠰ ᠤᠨ ᠭᠡᠷᠡᠴᠢ ᠶᠢ ᠲᠦᠢᠯᠪᠤᠷᠢᠲᠠᠢ ᠲᠠᠬᠢᠨ ᠬᠢᠨᠠᠵᠤ ᠲᠠᠬᠢᠨ ᠪᠠᠶᠢᠴᠠᠭᠠᠵᠤ᠂ ᠬᠠᠮᠤᠭ ᠤᠨ ᠲᠦᠷᠭᠡᠨ ᠬᠤᠷᠳᠤᠴᠠ ᠪᠠᠷ ᠶᠠᠯ᠎ᠠ ᠬᠢᠭᠰᠡᠨ ᠰᠡᠵᠢᠭᠳᠡᠨ ᠢ ᠲᠣᠭᠲᠠᠭᠠᠵᠤ᠂ ᠬᠡᠷᠡᠭ ᠢ ᠲᠠᠩᠨᠠᠨ ᠰᠢᠢᠳᠪᠦᠷᠢᠯᠡᠬᠦ ᠳᠤ ᠵᠠᠩᠭᠢᠯᠠᠭ᠎ᠠ ᠶᠢᠨ ᠰᠢᠪᠲᠤᠯᠤᠯᠲᠠ ᠶᠢᠨ ᠴᠡᠭ ᠢ ᠨᠡᠭᠡᠭᠡᠵᠦ ᠥᠭᠴᠡᠢ᠃ 2 ᠰᠠᠷ᠎ᠠ ᠳᠠᠷᠠᠭᠠᠯᠠᠨ ᠲᠡᠷᠡ ᠡᠳᠦᠷ ᠪᠦᠷᠢ 20 ᠴᠠᠭ ᠠᠵᠢᠯᠯᠠᠵᠤ᠂ ᠪᠦᠬᠦ ᠬᠦᠴᠦᠨ ᠢᠶᠠᠷ ᠢᠶᠠᠨ ᠪᠣᠭᠤᠮᠲᠠ ᠰᠢᠪᠲᠤᠯᠬᠤ ᠪᠠᠷ ᠳᠠᠮᠵᠢᠨ᠂ ᠤᠯᠠᠨ ᠤᠳᠠᠭᠠᠨ ᠤ ᠳᠠᠷᠤᠭᠳᠠᠮᠠᠯ ᠬᠡᠷᠡᠭ ᠢ ᠡᠪᠳᠡᠬᠦ ᠳᠤ ᠴᠢᠬᠤᠯᠠ ᠰᠦᠪᠡᠭᠴᠢ ᠬᠠᠩᠭᠠᠪᠠ᠃     1995 ᠣᠨ ᠤ 11 ᠰᠠᠷ᠎ᠠ ᠶᠢᠨ 14 ᠤ ᠡᠳᠦᠷ᠂ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠨᠢᠭᠡᠨ ᠨᠢᠭᠡᠴᠢ ᠶᠢᠨ ᠪᠠᠶᠢᠷᠢ ᠳᠤ ᠬᠥᠮᠦᠨ ᠠᠯᠠᠭᠰᠠᠨ ᠬᠡᠷᠡᠭ ᠭᠠᠷᠴᠠᠶ᠃ ᠲᠦᠭᠰᠢᠭᠦᠷᠢ ᠮᠡᠳᠡᠭᠦᠯᠦᠯᠳᠡ ᠶᠢ ᠣᠯᠤᠭᠰᠠᠨ ᠤ ᠳᠠᠷᠠᠭ᠎ᠠ ᠠᠷᠠᠳ ᠤᠨ ᠴᠠᠭᠳᠠᠭ᠎ᠠ ᠲᠤᠬᠠᠶ ᠶᠢᠨ ᠲᠠᠯᠠᠪᠠᠶ ᠳᠤ ᠬᠦᠷᠴᠦ ᠬᠠᠶᠢᠨ ᠪᠠᠶᠢᠴᠠᠭᠠᠯᠲᠠ ᠬᠢᠭᠰᠡᠨ ᠳᠤ ᠪᠠᠶᠢᠷᠢ ᠶᠢᠨ ᠡᠭᠦᠳᠡᠨ ᠣᠨᠢᠰᠤ ᠨᠢ ᠪᠦᠷᠢᠨ ᠪᠦᠲᠦᠨ᠂ ᠥᠭᠦᠭᠰᠡᠳ ᠤᠨ ᠪᠥᠬᠦ ᠪᠡᠶ᠎ᠡ ᠨᠢ ᠣᠯᠠᠨ ᠭᠠᠵᠠᠷ ᠰᠢᠷᠬᠠᠲᠤᠭᠰᠠᠨ ᠪᠠᠶᠢᠪᠠ᠃ ᠬᠡᠷᠡᠭ ᠰᠢᠢᠳᠪᠦᠷᠢᠯᠡᠬᠦ ᠠᠷᠠᠳ ᠤᠨ ᠴᠠᠭᠳᠠᠭ᠎ᠠ ᠬᠡᠷᠡᠭ ᠭᠠᠷᠤᠭᠰᠠᠨ ᠲᠤᠬᠠᠶ ᠶᠢᠨ ᠲᠠᠯᠠᠪᠤᠷ ᠲᠤ ᠶᠡᠭᠡ ᠬᠡᠮᠵᠢᠶᠡᠨ ᠤ ᠵᠠᠩᠭᠢᠯᠠᠭ᠎ᠠ ᠶᠢᠨ ᠪᠣᠳᠠᠰ ᠤᠨ ᠭᠡᠷᠡᠴᠢ ᠶᠢ ᠭᠠᠷᠭᠠᠨ ᠠᠪᠴᠤ ᠦᠯᠡᠳᠡᠭᠡᠭᠰᠡᠨ ᠪᠣᠯᠪᠠᠴᠤ ᠲᠣᠰ ᠬᠡᠷᠡᠭ ᠨᠢ ᠶᠡᠷᠦ ᠠᠴᠠ ᠰᠢᠪᠲᠤᠯᠤᠯᠲᠠ ᠶᠢᠨ ᠴᠢᠨᠠᠷᠲᠠᠶ ᠠᠬᠢᠴᠠ ᠣᠯᠤᠭᠰᠠᠨ ᠥᠬᠡᠶ᠃ 2022 ᠣᠨ ᠤ 6 ᠰᠠᠷ᠎ᠠ ᠳᠤ᠂ ᠲᠤᠰᠬᠠᠶ ᠬᠡᠷᠡᠭ ᠤᠨ ᠳᠤᠭᠤᠶᠢᠯᠠᠩ ᠤᠨ ᠠᠷᠠᠳ ᠤᠨ ᠴᠠᠭᠳᠠᠭ᠎ᠠ ᠰᠦᠪᠡᠭᠴᠢ ᠶᠢ ᠣᠯᠵᠤ᠂ ᠲᠣᠰ ᠬᠡᠷᠡᠭ ᠤᠨ ᠶᠠᠯ᠎ᠠ ᠬᠢᠭᠰᠡᠨ ᠰᠡᠵᠢᠭᠯᠡᠯᠲᠡᠶ ᠬᠥᠮᠦᠨ ᠭᠠᠷᠴᠤ ᠢᠷᠡᠪᠡ᠃ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ︽ᠬᠤᠷᠤᠭᠤᠨ ᠣᠷᠣᠮ ᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ︾ ᠤᠨ ᠪᠦᠷᠢᠯᠳᠦᠬᠦᠨ ᠪᠣᠯᠤᠭᠰᠠᠨ ᠴᠢ ᠰᠢᠤᠸᠠᠢ ᠴᠢᠶᠠᠨ ᠦᠯᠡᠳᠡᠭᠡᠭᠰᠡᠨ ᠣᠷᠣᠮ ᠤᠨ ᠪᠣᠳᠠᠰ ᠤᠨ ᠭᠡᠷᠡᠴᠢ ᠶᠢ ᠳᠠᠬᠢᠨ ᠳᠠᠪᠲᠠᠨ ᠰᠤᠳᠤᠯᠵᠤ᠂ ᠪᠣᠰᠤᠳ ᠨᠢᠭᠡ ᠬᠥᠮᠦᠨ ᠤ ᠦᠯᠡᠳᠡᠭᠡᠭᠰᠡᠨ ᠣᠷᠣᠮ ᠢ ᠣᠯᠵᠤ ᠮᠡᠳᠡᠭᠡᠳ᠂ ᠲᠤᠰ ᠬᠡᠷᠡᠭ ᠢ ᠲᠤᠰᠠᠭᠠᠷ ᠬᠡᠷᠡᠭ ᠬᠢᠭᠰᠡᠨ ᠪᠢᠰᠢ ᠭᠡᠵᠦ ᠲᠣᠭᠲᠠᠭᠠᠵᠠᠶ᠃ ᠴᠢ ᠰᠢᠤᠸᠠᠢ ᠴᠢᠶᠠᠨ ᠰᠥᠨᠢ ᠳᠤ ᠪᠠᠨ ᠠᠵᠢᠯᠯᠠᠭᠠᠳ ᠠᠪᠤᠭᠰᠠᠨ ᠬᠤᠷᠤᠭᠤᠨ ᠤ ᠣᠷᠣᠮ ᠢᠶᠠᠨ ᠬᠥᠮᠥᠷᠭᠡ ᠳᠤ ᠣᠷᠣᠭᠤᠯᠤᠨ ᠡᠷᠢᠵᠦ ᠰᠤᠷᠠᠭᠯᠠᠪᠠ᠃ ᠳᠠᠬᠢᠨ ᠳᠠᠪᠲᠠᠨ ᠬᠠᠷᠢᠴᠠᠭᠤᠯᠵᠤ᠂ ᠬᠠᠶᠢᠨ ᠪᠠᠶᠢᠴᠠᠭᠠᠭᠰᠠᠨ ᠢᠶᠠᠷ ᠡᠴᠦᠰ ᠲᠤ ᠪᠠᠨ ᠬᠡᠷᠡᠭ ᠤᠨ ᠰᠢᠪᠲᠤᠯᠤᠯᠲᠠ ᠶᠢᠨ ᠴᠡᠭ ᠢ ᠨᠡᠭᠡᠭᠡᠭᠰᠡᠨ ᠪᠠᠶᠢᠨ᠎ᠠ᠃ ᠰᠤᠷᠪᠤᠯᠵᠢᠯᠠᠵᠤ ᠵᠢᠭᠰᠠᠭᠠᠨ ᠪᠠᠶᠢᠴᠠᠭᠠᠬᠤ ᠪᠠᠷ ᠳᠡᠮᠵᠢᠨ᠂ ᠰᠡᠵᠢᠭᠯᠡᠯᠲᠡᠶ ᠭᠦᠸᠧ ᠣᠪᠣᠭᠲᠤ ᠪᠣᠯᠤᠨ ᠨᠠᠶᠢᠵᠠ ᠯᠢᠦ ᠣᠪᠣᠭᠲᠤ ᠶᠢᠨ ᠬᠠᠷᠢᠴᠠᠭ᠎ᠠ ᠲᠦᠢᠯ ᠤᠨ ᠨᠢᠭᠲᠠ ᠪᠠᠶᠢᠬᠤ ᠶᠢ ᠣᠯᠵᠤ ᠮᠡᠳᠡᠭᠰᠡᠨ ᠪᠥᠭᠡᠳ ᠯᠢᠦ ᠣᠪᠣᠭᠲᠤ ᠪᠣᠯᠤᠨ ᠬᠡᠷᠡᠭ ᠤᠨ ᠲᠤᠬᠠᠶ ᠶᠢᠨ ᠲᠠᠯᠠᠪᠤᠷ ᠲᠤ ᠦᠯᠡᠳᠡᠭᠡᠭᠰᠡᠨ ᠣᠷᠣ ᠮᠥᠷ ᠤᠨ ᠪᠣᠳᠠᠰ ᠤᠨ ᠭᠡᠷᠡᠴᠢ ᠶᠢᠨ ᠬᠠᠷᠢᠴᠠᠭᠤᠯᠤᠯ ᠨᠢ ᠨᠡᠶᠢᠴᠡᠵᠦ ᠪᠠᠶᠢᠬᠤ ᠶᠢ ᠳᠣᠲᠣᠯᠠᠵᠠᠶ᠃ ᠡᠮᠦᠨᠡᠬᠢ ᠬᠤᠭᠤᠴᠠᠭᠠᠨ ᠤ ᠶᠡᠭᠡ ᠬᠡᠮᠵᠢᠶᠡᠨ ᠤ ᠠᠵᠢᠯ ᠤᠨ ᠰᠠᠭᠤᠷᠢᠨ ᠳᠡᠭᠡᠷ᠎ᠡ᠂ 2022 ᠣᠨ ᠤ 9 ᠰᠠᠷ᠎ᠠ ᠶᠢᠨ 21 ᠤ ᠡᠳᠦᠷ᠂ ᠲᠤᠰᠬᠠᠶ ᠬᠡᠷᠡᠭ ᠤᠨ ᠳᠤᠭᠤᠶᠢᠯᠠᠩ ᠤᠨ ᠬᠢᠨ ᠶᠠᠯ᠎ᠠ ᠬᠢᠭᠰᠡᠨ ᠰᠡᠵᠢᠭᠳᠡᠨ ᠭᠦᠸᠧ ᠣᠪᠣᠭᠲᠤ ᠪᠣᠯᠤᠨ ᠯᠢᠦ ᠣᠪᠣᠭᠲᠤ ᠶᠢ ᠠᠮᠵᠢᠯᠲᠠ ᠲᠠᠢ ᠪᠠᠷ ᠪᠠᠷᠢᠪᠴᠢᠯᠠᠵᠤ᠂ ᠢᠩᠭᠢᠭᠡᠳ 27 ᠵᠢᠯ ᠤᠨ ᠡᠮᠦᠨ᠎ᠡ ᠡᠭᠦᠰᠦᠭᠰᠡᠨ ᠠᠮᠢᠨ ᠬᠡᠷᠡᠭ ᠢ ᠢᠯᠡᠷᠡᠭᠦᠯᠪᠡ᠃
微信图片_20230602162927.jpg  
     ᠡᠭᠦᠨ ᠠᠴᠠ ᠰᠡᠭᠦᠯᠡᠷ᠂ ᠴᠢ ᠰᠢᠤᠸᠠᠢ ᠴᠢᠶᠠᠨ ᠡᠳᠦᠷ ᠰᠥᠨᠢ ᠥᠬᠡᠶ ᠵᠠᠭᠤ ᠭᠠᠷᠤᠶ ᠬᠤᠷᠤᠭᠤᠨ ᠣᠷᠣᠮ ᠢ ᠬᠠᠷᠢᠴᠠᠭᠤᠯᠤᠨ᠂ ᠠᠯᠢ ᠣᠯᠠᠨ ᠲᠤᠭ᠎ᠠ ᠪᠠᠷᠢᠮᠲᠠ ᠠᠴᠠ ᠰᠡᠵᠢᠭᠳᠡᠨ ᠤ ᠪᠡᠶ᠎ᠡ ᠶᠢᠨ ᠭᠠᠷᠤᠯ ᠢ ᠪᠠᠶᠢᠴᠠᠭᠠᠨ ᠳᠣᠲᠣᠯᠠᠵᠤ᠂ ᠵᠠᠯᠭᠠᠭᠠᠳ 18 ᠵᠢᠯ ᠳᠠᠷᠤᠭᠳᠠᠭᠰᠠᠨ ︽1 · 12︾ ᠤᠨ ᠠᠷᠪᠠᠨ ᠵᠢᠷᠭᠤᠭᠠᠨ ᠨᠠᠰᠤᠲᠠᠢ ᠥᠬᠢᠨ ᠤ ᠬᠤᠤᠷᠯᠠᠭᠳᠠᠭᠰᠠᠨ ᠬᠡᠷᠡᠭ ᠢ ᠢᠯᠡᠷᠡᠭᠦᠯᠵᠦ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠬᠠᠮᠵᠢᠨ ᠨᠢᠭᠡ ᠰᠠᠷ᠎ᠠ ᠳᠤ 4 ᠤᠳᠠᠭ᠎ᠠ ᠠᠮᠢᠨ ᠬᠡᠷᠡᠭ ᠤᠨ ᠳᠠᠷᠤᠭᠳᠠᠮᠠᠯ ᠬᠡᠷᠡᠭ ᠢ ᠢᠯᠡᠷᠡᠭᠦᠯᠵᠦ᠂ 4 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠠᠶ᠃    2022 ᠣᠨ ᠤ 8 ᠰᠠᠷ᠎ᠠ ᠶᠢᠨ 23 ᠤ ᠡᠳᠦᠷ ᠤᠨ 7 ᠴᠠᠭ ᠤᠨ ᠦᠶ᠎ᠡ ᠪᠠᠷ᠂ ᠵᠠᠯᠠᠶᠢᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠶᠢᠨ ᠬᠤᠯᠪᠤᠭ᠎ᠠ ᠲᠣᠮᠢᠯᠠᠭᠰᠠᠨ ᠰᠠᠯᠪᠤᠷᠢ ᠶᠢᠨ ᠬᠢᠨ ᠬᠡᠷᠡᠭ ᠮᠡᠳᠡᠭᠦᠯᠦᠭᠰᠡᠨ ᠢᠶᠠᠷ᠂ ᠬᠤᠯᠪᠤᠭ᠎ᠠ ᠪᠠᠯᠭᠠᠰᠤᠨ ᠤ ᠰᠢᠶᠠᠨ ᠹᠧᠩ ᠲᠣᠰᠬᠤᠨ ᠤ ᠵᠢᠢ ᠯᠢ ᠳᠦᠨ ᠤ ᠡᠷᠳᠡᠨᠢ ᠰᠢᠰᠢ ᠶᠢᠨ ᠲᠠᠷᠢᠶᠠᠨ ᠠᠴᠠ ᠨᠢᠭᠡ ᠬᠡᠭᠦᠷ ᠢ ᠢᠯᠡᠷᠡᠭᠦᠯᠵᠡᠢ ᠭᠡᠪᠡ᠃ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠬᠢ ᠤᠯᠠᠨ ᠤᠳᠠᠭ᠎ᠠ ᠬᠡᠷᠡᠭ ᠢ ᠵᠠᠳᠠᠯᠬᠤ ᠬᠤᠷᠠᠯ ᠬᠤᠷᠠᠯᠳᠤᠭᠤᠯᠵᠤ᠂ ᠲᠤᠬᠠᠢ ᠶᠢᠨ ᠲᠠᠯᠠᠪᠠᠢ ᠶᠢᠨ ᠬᠠᠶᠢᠨ ᠪᠠᠶᠢᠴᠠᠭᠠᠯᠲᠠ ᠶᠢᠨ ᠪᠠᠶᠢᠳᠠᠯ ᠢ ᠦᠨᠳᠦᠰᠦᠯᠡᠨ᠂ ᠴᠢ ᠰᠢᠤᠸᠠᠢ ᠴᠢᠶᠠᠨ ᠲᠤᠷᠰᠢᠨ ᠪᠠᠶᠢᠴᠠᠭᠠᠭᠴᠢ ᠶᠢᠨ ᠡᠩᠨᠡᠭᠡ ᠪᠠᠨ ᠳᠠᠭᠠᠭᠤᠯᠤᠨ ᠤᠯᠠᠨ ᠵᠠᠮ ᠬᠤᠪᠢᠶᠠᠵᠤ᠂ ᠵᠠᠮ ᠳᠠᠭᠠᠤ ᠶᠢᠨ ᠬᠢᠨᠠᠨ ᠡᠵᠡᠮᠳᠡᠬᠦ ᠮᠠᠲ᠋ᠧᠷᠢᠶᠠᠯ ᠢ ᠲᠥᠪᠯᠡᠷᠡᠭᠦᠯᠦᠨ ᠰᠢᠯᠵᠢᠭᠦᠯᠦᠨ ᠠᠪᠴᠤ ᠰᠤᠳᠤᠯᠤᠨ ᠮᠠᠭᠠᠳᠯᠠᠪᠠ᠃ ᠶᠡᠭᠡ ᠬᠡᠮᠵᠢᠶᠡᠨ ᠤ ᠠᠵᠢᠯ ᠢᠶᠠᠷ ᠳᠡᠮᠵᠢᠨ᠂ ᠬᠠᠷ᠎ᠠ ᠬᠤᠪᠴᠠᠰᠤ ᠲᠠᠢ ᠨᠢᠭᠡᠨ ᠡᠷᠡᠭᠲᠡᠶ ᠬᠡᠷᠡᠭ ᠤᠨ ᠲᠠᠯᠠᠪᠠᠶ ᠶᠢᠨ ᠣᠶᠢᠷᠠᠯᠴᠠᠭ᠎ᠠ ᠣᠯᠠᠨ ᠤᠳᠠᠭ᠎ᠠ ᠢᠯᠡᠷᠡᠵᠦ᠂ ᠨᠠᠷᠢᠨ ᠨᠢᠮᠪᠠᠶ ᠬᠠᠷᠢᠴᠠᠭᠤᠯᠬᠤ ᠪᠠ ᠲᠤᠷᠰᠢᠨ ᠪᠠᠶᠢᠴᠠᠭᠠᠬᠤ ᠪᠠᠷ ᠳᠡᠮᠵᠢᠨ᠂ ᠶᠠᠯ᠎ᠠ ᠬᠢᠭᠰᠡᠨ ᠰᠡᠵᠢᠭᠳᠡᠨ ᠯᠢᠦ ᠣᠪᠣᠭᠲᠤ ᠶᠢ ᠳᠣᠲᠣᠯᠠᠵᠠᠶ᠃ 8 ᠰᠠᠷ᠎ᠠ ᠶᠢᠨ 23 ᠤ ᠡᠳᠦᠷ᠂ ᠶᠠᠯ᠎ᠠ ᠬᠢᠭᠰᠡᠨ ᠰᠡᠵᠢᠭᠳᠡᠨ ᠯᠢᠦ ᠣᠪᠣᠭᠲᠤ ᠶᠢ ᠪᠠᠷᠢᠪᠴᠢᠯᠠᠪᠠ᠃ ᠡᠬᠢᠨ ᠳᠤ ᠪᠠᠨ ᠯᠢᠦ ᠣᠪᠣᠭᠲᠤ ᠶᠠᠯ᠎ᠠ ᠬᠢᠭᠰᠡᠨ ᠪᠣᠳᠠᠲᠤ ᠶᠠᠪᠤᠳᠠᠯ ᠢᠶᠠᠨ ᠮᠡᠳᠡᠷᠡᠬᠦ ᠦᠭᠡᠶ ᠪᠠᠶᠢᠪᠠ᠃ ᠴᠢ ᠰᠢᠤᠸᠠᠢ ᠴᠢᠶᠠᠨ ᠲᠤᠷᠰᠢᠨ ᠪᠠᠶᠢᠴᠠᠭᠠᠭᠴᠢ ᠶᠢ ᠵᠣᠬᠢᠶᠠᠨ ᠪᠠᠶᠢᠭᠤᠯᠤᠨ ᠵᠠᠭᠤ ᠭᠠᠷᠤᠶ ᠴᠠᠭ ᠤᠨ ᠬᠢᠨᠠᠨ ᠡᠵᠡᠮᠳᠡᠬᠦ ᠬᠠᠷᠠᠭᠠᠨ ᠳᠠᠪᠲᠠᠮᠵᠢ ᠶᠢ ᠳᠠᠬᠢᠨ ᠬᠠᠷᠢᠴᠠᠭᠤᠯᠬᠤ ᠶᠢᠨ ᠬᠠᠮᠲᠤ ᠯᠢᠦ ᠣᠪᠣᠭᠲᠤ ᠶᠢᠨ ᠬᠡᠷᠡᠭ ᠬᠢᠬᠦ ᠳᠤ ᠬᠡᠷᠡᠭᠯᠡᠭᠰᠡᠨ ᠭᠤᠷᠪᠠᠨ ᠬᠦᠷᠳᠦᠲᠦ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠳᠠᠬᠢᠨ ᠳᠠᠪᠲᠠᠨ ᠬᠠᠶᠢᠨ ᠪᠠᠶᠢᠴᠠᠭᠠᠯᠲᠠ ᠬᠢᠵᠦ᠂ ᠡᠴᠦᠰ ᠲᠤ ᠪᠠᠨ ᠲᠡᠷᠭᠡᠨ ᠳᠡᠭᠡᠷ᠎ᠡ ᠠᠴᠠ ᠬᠤᠬᠢᠷᠠᠯ ᠠᠮᠰᠠᠭᠴᠢ ᠶᠢᠨ ᠬᠤᠷᠤᠭᠤᠨ ᠣᠷᠣᠮ ᠢ ᠭᠠᠷᠭᠠᠨ ᠠᠪᠴᠤ᠂ ᠬᠡᠷᠡᠭ ᠢ ᠳᠡᠩᠨᠡᠨ ᠢᠯᠡᠷᠡᠭᠦᠯᠬᠦ ᠳᠤ ᠨᠢᠭᠡ ᠯᠡ ᠳᠡᠭᠡᠷ᠎ᠡ ᠲᠣᠭᠲᠠᠭᠠᠬᠤ ᠦᠢᠯᠡᠳᠦᠯ ᠦᠵᠡᠭᠦᠯᠪᠡ᠃ ᠪᠠᠯᠠᠯᠠᠭᠳᠠᠰᠢ ᠦᠭᠡᠢ ᠪᠠᠲᠤ ᠭᠡᠷᠡᠴᠢ ᠶᠢᠨ ᠡᠮᠦᠨ᠎ᠡ᠂ ᠵᠤᠤ ᠣᠪᠣᠭᠲᠤ ᠶᠢ ᠵᠣᠷᠢᠭᠤᠳᠠ ᠬᠤᠣᠷᠯᠠᠨ ᠠᠯᠠᠭᠰᠠᠨ ᠶᠠᠯ᠎ᠠ ᠶᠢᠨ ᠪᠣᠳᠠᠲᠤ ᠬᠡᠷᠡᠭ ᠢ ᠯᠢᠦ ᠣᠪᠣᠭᠲᠤ ᠮᠡᠳᠡᠷᠡᠪᠡ᠃ ︽ᠪᠢᠳᠡᠨ ᠤ ᠠᠵᠢᠯ ᠪᠣᠯ ᠳᠠᠷᠤᠶ ᠶᠠᠯ᠎ᠠ ᠬᠢᠭᠰᠡᠨ ᠰᠡᠵᠢᠭᠳᠡᠨ ᠢ ᠡᠷᠢᠵᠦ ᠤᠯᠬᠤ ᠶᠠᠪᠤᠳᠠᠯ ᠮᠥᠨ᠂ ᠶᠠᠯ᠎ᠠ ᠬᠢᠭᠰᠡᠨ ᠰᠡᠵᠢᠭᠳᠡᠨ ᠢ ᠳᠤᠲᠠᠭᠠᠯᠭᠠᠬᠤ ᠪᠣᠯ ᠳᠠᠷᠤᠶ ᠪᠢᠳᠡᠨ ᠤ ᠬᠠᠷᠢᠭᠤᠴᠠᠯᠭ᠎ᠠ ᠪᠠᠨ ᠠᠯᠳᠠᠭᠰᠠᠨ ᠶᠠᠪᠤᠳᠠᠯ ᠮᠥᠨ︾᠂ ᠴᠢ ᠰᠢᠤᠸᠠᠢ ᠴᠢᠶᠠᠨ ᠬᠠᠷᠢᠭᠤᠴᠠᠯᠭ᠎ᠠ ᠶᠢᠨ ᠲᠤᠬᠠᠶ ᠣᠶᠢᠯᠠᠭᠠᠯᠲᠠ ᠪᠠᠨ ᠨᠢᠭᠡ ᠯᠡ ᠦᠭᠡ ᠪᠠᠷ ᠢᠯᠡᠳᠭᠡᠪᠡ᠃  
ᠢᠷᠡᠯᠲᠡ᠄ ᠬᠢᠩᠭᠠᠨ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ