ᠣᠲᠤᠭ ᠤᠨ ᠲᠠᠯ᠎ᠠ ᠨᠤᠲᠤᠭ ᠢ ᠰᠠᠬᠢᠨ ᠬᠠᠮᠠᠭᠠᠯᠠᠭᠴᠢ ᠡᠷᠡᠯᠬᠡᠭ ᠪᠦᠷᠭᠦᠳ — ᠬᠠᠰᠧᠴᠢᠷ
ᠨᠡᠶᠢᠲᠡᠯᠡᠭᠰᠡᠨ ᠴᠠᠭ᠄
2023/11/7
      ᠬᠠᠰᠧᠴᠢᠷ᠂ ᠡᠷᠡᠭᠲᠡᠢ᠂ ᠮᠣᠩᠭᠤᠯ ᠦᠨᠳᠦᠰᠦᠲᠡᠨ᠂ 1976 ᠣᠨ ᠤ 11 ᠳ᠋ᠤᠭᠡᠷ ᠰᠠᠷ᠎ᠠ ᠳᠤ ᠳᠦᠷᠦᠵᠡᠶ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ 1998 ᠣᠨ ᠤ 12 ᠳ᠋ᠤᠭᠠᠷ ᠰᠠᠷ᠎ᠠ ᠳᠤ ᠠᠯᠪᠠᠨ ᠳᠤ ᠭᠠᠷᠴᠤ᠂ ᠣᠲᠣ ᠣᠷᠳᠣᠰ ᠬᠤᠲᠠ ᠶᠢᠨ ᠣᠲᠤᠭ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠴᠢ ᠫᠠᠨ ᠵᠢᠩ ᠪᠠᠯᠭᠠᠰᠤᠨ ᠤ ᠲᠣᠮᠢᠯᠠᠭᠰᠠᠨ ᠰᠠᠯᠪᠤᠷᠢ ᠶᠢᠨ ᠳᠠᠷᠤᠭ᠎ᠠ᠂ ᠴᠠᠭᠳᠠᠭᠠᠨ ᠤ ᠶᠠᠪᠤᠳᠠᠯ ᠤᠨ ᠮᠡᠷᠭᠡᠵᠢᠯ ᠤᠨ ᠨᠢᠭᠡᠳᠦᠭᠡᠷ ᠳᠡᠰ ᠤᠨ ᠭᠤᠣᠯ ᠬᠠᠮᠢᠶᠠᠷᠤᠭᠴᠢ ᠶᠢᠨ ᠲᠤᠰᠢᠶᠠᠯ ᠲᠠᠢ᠃ ᠤᠷᠢᠳ ᠬᠤᠵᠢᠳ ︽ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ︿ᠹᠧᠩ ᠴᠢᠶᠣᠤ ᠮᠠᠶ᠋ᠢᠭ ᠤᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ﹀ ᠶᠢ ᠡᠭᠦᠳᠦᠨ ᠪᠠᠶᠢᠭᠤᠯᠤᠭᠰᠠᠨ ᠰᠢᠯᠢᠳᠡᠭ ᠬᠤᠪᠢ ᠬᠥᠮᠥᠨ︾ ︽ᠣᠷᠳᠣᠰ ᠬᠤᠲᠠ ᠶᠢᠨ ᠠᠷᠪᠠᠨ ᠶᠡᠭᠡ ᠬᠡᠷᠡᠭ ᠢᠯᠡᠷᠡᠭᠦᠯᠬᠦ ᠴᠢᠳᠠᠪᠤᠷᠢᠲᠠᠨ︾ ︽ᠣᠷᠳᠣᠰ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠯᠢ ᠪᠠᠷ ᠣᠷᠣᠵᠤ ᠭᠠᠷᠬᠤ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠤᠨ ᠲᠡᠷᠢᠭᠦᠨ ᠤ ᠬᠤᠪᠢ ᠬᠥᠮᠥᠨ︾ ︽ᠠᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠳᠠᠭᠠᠭᠠᠨ ᠡᠷᠭᠢᠯᠡᠬᠦ ᠠᠵᠢᠯ ᠤᠨ ᠲᠡᠷᠢᠭᠦᠨ ᠤ ᠬᠤᠪᠢ ᠬᠥᠮᠥᠨ︾ ᠵᠡᠷᠭᠡ ᠢᠷᠠᠭᠤ ᠠᠯᠳᠠᠷ ᠤᠨ ᠴᠣᠯᠠ ᠶᠢ ᠬᠦᠷᠲᠡᠭᠰᠡᠨ ᠪᠦᠭᠡᠳ ᠬᠤᠪᠢ ᠬᠥᠮᠥᠨ ᠤ ᠭᠤᠷᠪᠠᠳᠤᠭᠠᠷ ᠳᠡᠰ ᠤᠨ ᠭᠠᠪᠢᠶ᠎ᠠ ᠶᠢ 4 ᠤᠳᠠᠭ᠎ᠠ ᠳᠡᠮᠳᠡᠭᠯᠡᠭᠦᠯᠵᠦ᠂ 2022 ᠣᠨ ᠤ ᠥᠪᠥᠷ ᠮᠣᠩᠭᠤᠯ ᠤᠨ ︽ᠤᠮᠠᠷᠠᠲᠤ ᠬᠢᠯᠢ ᠶᠢ ᠳᠣᠭᠳᠣᠯᠤᠭᠤᠯᠤᠭᠰᠠᠨ᠂ ᠬᠠᠮᠤᠭ ᠠᠴᠠ ᠪᠠᠭ᠋ᠠᠷᠬᠠᠯᠲᠠᠢ ᠠᠷᠠᠳ ᠤᠨ ᠴᠠᠭᠳᠠᠭ᠎ᠠ︾ ᠶᠢᠨ ᠨᠡᠷ᠎ᠡ ᠲᠤᠷᠠᠳᠤᠭᠰᠠᠨ ᠱᠠᠩᠨᠠᠯ ᠬᠦᠷᠳᠡᠪᠡ᠃    ᠴᠠᠭᠳᠠᠭ᠎ᠠ ᠪᠤᠯᠤᠭᠰᠠᠨ ᠠᠴᠠ ᠨᠠᠭᠠᠰᠢ᠂ ᠬᠠᠰᠧᠴᠢᠷ ᠠᠵᠢᠯ ᠤᠨ ᠪᠠᠶᠢᠷᠢ ᠪᠠᠨ ᠪᠠᠲᠤ ᠰᠠᠬᠢᠵᠤ᠂ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠡᠷᠡᠯᠬᠡᠭᠯᠡᠨ ᠭᠠᠪᠰᠢᠭᠠᠶᠢᠯᠠᠭᠰᠠᠭᠠᠷ ᠢᠷᠡᠵᠡᠶ᠃ ᠲᠡᠷᠡ ︽ᠤᠷᠠᠨ ᠳᠠᠷᠬᠠᠨ ᠤ ᠵᠣᠷᠢᠭ ᠰᠠᠨᠠᠭ᠎ᠠ︾ ᠪᠠᠷ ᠬᠡᠷᠡᠭ ᠢ ᠢᠯᠡᠷᠡᠭᠦᠯᠦᠨ ᠣᠷᠭᠤᠳᠠᠭᠤᠯ ᠢ ᠪᠠᠷᠢᠪᠴᠢᠯᠠᠨ᠂ ᠰᠢᠷᠭᠠᠭᠤ ᠬᠢᠴᠢᠶᠡᠩᠭᠦᠢ ᠪᠠᠷ ᠡᠭᠦᠷᠭᠡ ᠪᠠᠨ ᠬᠦᠢᠴᠡᠳᠭᠡᠵᠤ᠂ ᠦᠪᠡᠷ ᠤᠨ ᠦᠬᠦᠵᠦ ᠰᠡᠭᠡᠬᠦ ᠪᠠᠨ ᠦᠯᠦ ᠬᠠᠶᠢᠬᠤᠷᠤᠨ᠂ ᠬᠠᠷ᠎ᠠ ᠪᠦᠯᠦᠭᠲᠡᠨ ᠬᠠᠷᠭᠢᠰ ᠬᠦᠴᠦᠨ ᠲᠠᠢ ᠲᠡᠮᠡᠴᠡᠵᠦ᠂ ᠪᠦᠬᠦ ᠬᠦᠴᠦᠨ ᠵᠤᠷᠢᠭ ᠢᠶᠠᠷ ᠢᠶᠠᠨ ᠠᠷᠠᠳ ᠲᠦᠮᠡᠨ ᠢᠶᠠᠨ ᠠᠶᠤᠯ ᠭᠠᠢ ᠠᠴᠠ ᠠᠪᠤᠷᠠᠵᠤ᠂ ᠤᠳᠤᠭ ᠤᠨ ᠲᠠᠯ᠎ᠠ ᠨᠤᠲᠤᠭ ᠢ ᠰᠠᠬᠢᠨ ᠬᠠᠮᠠᠭᠠᠯᠠᠭᠰᠠᠨ ᠡᠷᠡᠯᠬᠡᠭ ᠪᠦᠷᠭᠦᠳ ᠬᠡᠮᠡᠨ ᠠᠯᠳᠠᠷᠰᠢᠵᠠᠢ᠃
286b4ca68cc8e86a6a0cef1c715b978.jpg    
     ᠬᠠᠰᠧᠴᠢᠷ ᠠᠩᠬ᠎ᠠ ᠡᠷᠡᠭᠦᠦ ᠶᠢᠨ ᠬᠡᠷᠡᠭ ᠢ ᠮᠦᠷᠳᠡᠨ ᠪᠠᠶᠢᠴᠠᠭᠠᠬᠤ ᠶᠡᠭᠡ ᠠᠩᠭᠢ ᠠᠴᠠ ᠡᠬᠢᠯᠡᠵᠦ᠂ ᠤᠷᠢᠳ ᠬᠤᠵᠢᠳ ᠮᠧᠩ ᠰᠢ ᠪᠠᠯᠭᠠᠰᠤᠨ ᠤ ᠲᠣᠮᠢᠯᠠᠭᠰᠠᠨ ᠰᠠᠯᠪᠤᠷᠢ᠂ ᠴᠢ ᠫᠠᠨ ᠵᠢᠩ ᠪᠠᠯᠭᠠᠰᠤᠨ ᠤ ᠲᠣᠮᠢᠯᠠᠭᠰᠠᠨ ᠰᠠᠯᠪᠤᠷᠢ ᠳᠤ ᠠᠵᠢᠯᠯᠠᠵᠤ᠂ ᠣᠯᠠᠨ ᠵᠢᠯ ᠤᠨ ᠪᠣᠯᠪᠠᠰᠤᠷᠠᠯ ᠢᠶᠠᠷ ᠳᠡᠮᠵᠢᠨ᠂ ᠨᠢᠭᠡᠨ ᠴᠠᠭᠳᠠᠭᠠᠨ ᠬᠤᠸᠠᠷᠠᠨ ᠤ ᠰᠢᠨ᠎ᠡ ᠬᠥᠮᠥᠨ ᠪᠠᠶᠢᠭᠰᠠᠨ ᠠᠴᠠ ᠪᠠᠨ ᠳᠣᠲᠣᠭᠠᠳᠤ ᠶᠢ ᠬᠠᠮᠠᠭᠠᠯᠠᠬᠤ ᠠᠵᠢᠯ ᠤᠨ ᠮᠡᠷᠭᠡᠵᠢᠯᠲᠡᠨ ᠪᠣᠯᠵᠠᠢ᠃     2008 ᠣᠨ ᠳᠤ ᠡᠷᠡᠭᠦᠦ ᠶᠢᠨ ᠴᠠᠭᠳᠠᠭ᠎ᠠ ᠶᠢᠨ ᠶᠡᠭᠡ ᠠᠩᠭᠢ ᠶᠢᠨ ᠳᠡᠳ᠋ ᠳᠠᠷᠤᠭ᠎ᠠ ᠪᠠᠶᠢᠭᠰᠠᠨ ᠬᠠᠰᠧᠴᠢᠷ ᠬᠠᠮᠲᠤ ᠠᠵᠢᠯᠲᠠᠨ ᠢᠶᠠᠨ ᠳᠠᠭᠠᠭᠤᠯᠤᠨ 37 ᠡᠳᠦᠷ ᠂ 5 ᠮᠤᠵᠢ ᠬᠤᠲᠠ ᠶᠢᠨ ᠰᠤᠨᠳᠠᠯᠠᠨ 8000 ᠭᠠᠷᠤᠢ ᠺᠢᠯᠤᠮᠧᠲᠷ ᠠᠶᠠᠯᠠᠵᠤ᠂ ᠲᠡᠷᠭᠡᠨ ᠤ ᠴᠤᠩᠬᠤᠨ ᠤ ᠰᠢᠯ ᠢ ᠬᠠᠭᠠᠯᠵᠤ ᠬᠤᠯᠠᠭᠠᠢ ᠬᠢᠭᠰᠡᠨ ᠬᠦᠨᠳᠦ ᠬᠡᠷᠡᠭ ᠢ ᠠᠮᠵᠢᠯᠲᠠ ᠲᠠᠢ ᠪᠠᠷ ᠢᠯᠡᠷᠡᠭᠦᠯᠵᠤ᠂ ᠬᠠᠷᠠᠮᠥ᠋ᠷᠡᠨ ᠤ ᠵᠠᠮᠰᠤ ᠬᠤᠲᠠ ᠠᠴᠠ 4 ᠶᠠᠯ᠎ᠠ ᠬᠢᠭᠰᠡᠨ ᠰᠡᠵᠢᠭᠲᠡᠨ ᠢ ᠪᠠᠷᠢᠪᠴᠢᠯᠠᠵᠤ᠂ ᠬᠤᠯᠠᠭᠠᠶᠢᠯᠠᠭᠰᠠᠨ 60 ᠭᠠᠷᠤᠢ ᠲᠦᠮᠡᠨ ᠲᠥᠭᠦᠷᠢᠭ ᠢ ᠡᠷᠬᠢᠭᠦᠯᠦᠨ ᠠᠪᠴᠢᠷᠠᠵᠠᠢ᠃ ᠲᠤᠬᠠᠢ ᠶᠢᠨ ᠦᠶ᠎ᠡ ᠳᠤ᠂ ᠶᠠᠯ᠎ᠠ ᠬᠢᠭᠰᠡᠨ ᠰᠡᠵᠢᠭᠳᠡᠨ ᠮᠠᠯᠠᠭᠠᠢ᠂ ᠠᠮᠠᠪᠴᠢ᠂ ᠪᠡᠭᠡᠯᠡᠢ ᠵᠡᠭᠦᠵᠦ᠂ ᠵᠡᠭᠡᠯᠢ ᠭᠤᠳᠤᠮᠵᠢᠨ ᠤ ᠬᠢᠨᠠᠨ ᠡᠵᠡᠮᠳᠡᠭᠦᠷ ᠠᠴᠠ ᠵᠣᠷᠢᠭᠤᠳᠠ ᠵᠠᠶᠢᠯᠠᠵᠤ᠂ ᠬᠡᠷᠡᠭ ᠬᠢᠬᠦ ᠳᠤ ᠪᠠᠨ ᠬᠡᠳᠤ ᠬᠡᠳᠤᠨ ᠬᠠᠭᠤᠷᠮᠠᠭ ᠲᠡᠷᠭᠡᠨ ᠫᠠᠶᠢᠰᠠ ᠬᠡᠷᠡᠭᠯᠡᠭᠰᠡᠨ ᠠᠴᠠ ᠮᠦᠷᠳᠡᠨ ᠪᠠᠶᠢᠴᠠᠭᠠᠬᠤ ᠠᠵᠢᠯ ᠳᠤ ᠲᠦᠢᠯ ᠤᠨ ᠶᠡᠭᠡ ᠬᠦᠴᠢᠷᠳᠡᠯ ᠤᠴᠠᠷᠠᠭᠤᠯᠵᠠᠢ᠃ ᠬᠠᠰᠧᠴᠢᠷ ᠴᠠᠭ ᠲᠤᠬᠠᠢ ᠳᠤ ᠨᠢ ᠠᠵᠢᠯ ᠢᠶᠠᠨ ᠲᠣᠬᠢᠷᠠᠭᠤᠯᠵᠤ᠂ ᠴᠠᠭᠳᠠᠭ᠎ᠠ ᠨᠠᠷ ᠢᠶᠠᠨ ᠳᠠᠭᠠᠭᠤᠯᠤᠨ ᠡᠳᠤᠷ ᠰᠦᠨᠢ ᠦᠬᠡᠢ ᠠᠵᠢᠯᠯᠠᠵᠤ᠂ ᠬᠡᠷᠡᠭ ᠤᠨ ᠬᠡᠯᠬᠢᠶ᠎ᠡ ᠶᠢ ᠨᠠᠷᠢᠯᠢᠭ ᠵᠠᠳᠠᠯᠵᠤ᠂ ᠮᠦᠷᠳᠡᠨ ᠪᠠᠶᠢᠴᠠᠭᠠᠬᠤ ᠬᠦᠷᠢᠶ᠎ᠡ ᠬᠡᠪᠴᠢᠶ᠎ᠡ ᠪᠠᠨ ᠲᠠᠰᠤᠷᠠᠯᠳᠠ ᠦᠬᠡᠢ ᠦᠷᠭᠡᠳᠬᠡᠵᠤ᠂ ᠪᠥᠬᠦ ᠬᠦᠴᠦᠨ ᠵᠤᠷᠢᠭ ᠢᠶᠠᠷ ᠢᠶᠠᠨ ᠪᠡᠷᠬᠡ ᠰᠡᠳᠦᠪ ᠢ ᠰᠢᠢᠳᠪᠦᠷᠢᠯᠡᠵᠦ᠂ ᠡᠴᠦᠰ ᠲᠤ ᠪᠠᠨ ᠲᠣᠰ ᠬᠡᠷᠡᠭ ᠢ ᠳᠡᠩᠨᠡᠨ ᠢᠯᠡᠷᠡᠭᠦᠯᠵᠦ᠂ ᠶᠠᠯᠠᠲᠤ ᠡᠲᠡᠭᠡᠳ ᠤᠨ ᠭᠠᠯᠵᠠᠭᠤ ᠣᠮᠤᠭ ᠰᠦᠷ ᠲᠤ ᠬᠦᠴᠦᠲᠡᠢ ᠴᠣᠬᠢᠯᠲᠠ ᠥᠭᠴᠡᠢ᠃     2019 ᠣᠨ ᠳᠤ᠂ ᠲᠤᠬᠠᠢ ᠶᠢᠨ ᠦᠶ᠎ᠡ ᠳᠤ ᠮᠧᠩ ᠰᠢ ᠪᠠᠯᠭᠠᠰᠤᠨ ᠤ ᠲᠣᠮᠢᠯᠠᠭᠰᠠᠨ ᠰᠠᠯᠪᠤᠷᠢ ᠶᠢᠨ ᠳᠠᠷᠤᠭ᠎ᠠ ᠪᠠᠶᠢᠭᠰᠠᠨ ᠬᠠᠰᠧᠴᠢᠷ ᠴᠠᠭᠳᠠᠭ᠎ᠠ ᠨᠠᠷ ᠢᠶᠠᠨ ᠳᠠᠭᠠᠭᠤᠯᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ ᠰᠢᠪᠠᠳᠠᠨ ᠰᠢᠢᠳᠪᠦᠷᠢᠯᠡᠭᠦᠯᠦᠭᠰᠡᠨ ᠵᠣᠭᠤᠰ ᠮᠦᠷᠦᠶᠢᠴᠡᠬᠦ ᠭᠠᠵᠠᠷ ᠭᠠᠷᠭᠠᠭᠰᠠᠨ ᠣᠨᠴᠠ ᠶᠡᠭᠡ ᠬᠡᠷᠡᠭ ᠢ ᠢᠯᠡᠷᠡᠭᠦᠯᠵᠠᠢ᠃ ᠲᠤᠰ ᠬᠡᠷᠡᠭ ᠲᠤ 50 ᠭᠠᠷᠤᠢ ᠬᠦᠮᠦᠨ᠂ 20 ᠭᠠᠷᠤᠢ ᠲᠦᠮᠡᠨ ᠲᠥᠭᠦᠷᠢᠭ ᠬᠤᠯᠪᠤᠭᠳᠠᠵᠤ᠂ ᠣᠷᠳᠣᠰ᠂ ᠦᠬᠠᠢ᠂ ᠠᠯᠠᠱᠠ ᠵᠡᠷᠭᠡ ᠭᠤᠷᠪᠠᠨ ᠭᠠᠵᠠᠷ ᠢᠶᠠᠷ ᠭᠡᠰᠦᠭᠰᠡᠨ ᠲᠤᠰ ᠪᠦᠯᠦᠭ ᠵᠣᠭᠤᠰ ᠮᠦᠷᠦᠶᠢᠴᠡᠬᠦ ᠪᠠ ᠬᠠᠷ᠎ᠠ ᠪᠦᠯᠦᠭᠳᠡᠨ ᠬᠠᠷᠭᠢᠰ ᠬᠦᠴᠦᠨ ᠳᠤ ᠬᠤᠯᠪᠣᠭᠳᠠᠭᠰᠠᠨ ᠪᠦᠯᠬᠦᠮ ᠢ ᠠᠮᠵᠢᠯᠲᠠᠲᠠᠢ ᠴᠣᠬᠢᠨ ᠰᠦᠢᠷᠡᠭᠦᠯᠵᠦ᠂ ᠲᠤᠬᠠᠢ ᠶᠢᠨ ᠭᠠᠵᠠᠷ ᠤᠨ ᠬᠠᠷ᠎ᠠ ᠪᠦᠯᠦᠭᠳᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ︽ᠠᠩᠬᠠᠨ ᠤ ᠫᠤᠤ︾ ᠶᠢ ᠲᠠᠯᠪᠢᠪᠠ᠃
 面对面宣传.jpg 
     2021 ᠣᠨ ᠤ 9 ᠰᠠᠷ᠎ᠠ ᠳᠤ᠂ ᠬᠠᠰᠧᠴᠢᠷ ᠴᠢ ᠫᠠᠨ ᠵᠢᠩ ᠪᠠᠯᠭᠠᠰᠤᠨ ᠤ ᠲᠣᠮᠢᠯᠠᠭᠰᠠᠨ ᠰᠠᠯᠪᠤᠷᠢ ᠶᠢᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ᠂ ᠤᠯᠠᠨ ᠵᠢᠯ ᠤᠨ ᠠᠵᠢᠯ ᠤᠨ ᠲᠤᠷᠰᠢᠯᠭ᠎ᠠ ᠪᠠᠷ ᠢᠶᠠᠨ ᠲᠤᠰ ᠭᠠᠵᠠᠷ ᠤᠷᠤᠨ ᠤ ᠪᠠᠶᠢᠳᠠᠯ ᠢ ᠮᠠᠰᠢ ᠲᠦᠷᠭᠡᠨ ᠤᠶᠢᠯᠠᠭᠠᠵᠠᠢ᠃ ᠲᠤᠰ ᠭᠠᠵᠠᠷ ᠤᠨ ᠵᠠᠰᠠᠭ ᠵᠠᠬᠢᠷᠭᠠᠨ ᠤ ᠬᠡᠷᠡᠭ ᠤᠨ ᠲᠤᠭ᠎ᠠ ᠨᠢ ᠣᠯᠠᠨ᠂ ᠰᠢᠢᠳᠪᠦᠷᠢᠯᠡᠬᠦ ᠶᠠᠪᠤᠴᠠ ᠨᠢ ᠶᠠᠷᠰᠢᠭ ᠪᠤᠳᠤᠯᠢᠶᠠᠨᠲᠠᠢ᠂ ᠴᠠᠭᠳᠠᠭᠠᠨ ᠤ ᠲᠤᠭ᠎ᠠ ᠴᠦᠭᠡᠨ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠬᠠᠰᠧᠴᠢᠷ ᠪᠦᠬᠦ ᠴᠠᠭᠳᠠᠭ᠎ᠠ ᠪᠠ ᠬᠠᠪᠰᠤᠷᠤᠭᠴᠢ ᠴᠠᠭᠳᠠᠭ᠎ᠠ ᠶᠢ ᠳᠠᠭᠠᠭᠤᠯᠤᠨ ︽ᠬᠠᠤᠯᠢ ᠶᠣᠰᠣᠭᠠᠷ ᠲᠦᠷᠢᠮᠵᠢᠭᠦᠯᠬᠦ᠂ ᠶᠠᠪᠤᠴᠠ ᠶᠢ ᠳᠥᠭᠦᠮᠴᠢᠯᠡᠬᠦ᠂ ᠣᠯᠠᠨ ᠲᠦᠮᠡᠨ ᠳᠤ ᠳᠥᠭᠦᠮ ᠦᠵᠡᠭᠦᠯᠬᠦ᠂ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ︾ ᠵᠠᠷᠴᠢᠮ ᠶᠣᠰᠣᠭᠠᠷ᠂ ︽ᠣᠲᠤᠭ ᠤᠨ ᠲᠦᠷᠭᠡᠨ ᠰᠢᠢᠳᠪᠦᠷᠢᠯᠡᠬᠦ︾ APP ᠶᠢ ᠪᠡᠶ᠎ᠡ ᠪᠠᠷ ᠢᠶᠠᠷ ᠢᠶᠠᠨ ᠲᠠᠶᠢᠴᠢᠯᠠᠨ ᠰᠤᠳᠤᠯᠵᠤ᠂ ᠠᠰᠢᠭᠯᠠᠯᠳᠠ ᠳᠤ ᠣᠷᠤᠭᠤᠯᠤᠨ᠂ ᠵᠠᠰᠠᠭ ᠵᠠᠬᠢᠷᠭᠠᠨ ᠤ ᠬᠡᠷᠡᠭ ᠢ ᠲᠦᠷᠭᠡᠨ ᠰᠢᠢᠳᠪᠦᠷᠢᠯᠡᠬᠦ ᠠᠷᠭ᠎ᠠ ᠵᠠᠮ ᠢ ᠬᠠᠶᠢᠨ ᠰᠦᠪᠡᠭᠴᠢᠯᠡᠵᠦ᠂ ᠣᠷᠳᠣᠰ ᠬᠤᠲᠠ ᠳᠤ ᠠᠩᠬᠠᠳᠠᠭᠴᠢ ᠵᠠᠰᠠᠭ ᠵᠠᠬᠢᠷᠭᠠᠨ ᠤ ᠬᠡᠷᠡᠭ ᠢ ᠲᠦᠷᠭᠡᠨ ᠰᠢᠢᠳᠪᠦᠷᠢᠯᠡᠬᠦ ᠣᠷᠣᠨ ᠢ ᠳᠡᠷᠢᠭᠦᠯᠡᠨ ᠪᠠᠶᠢᠭᠤᠯᠵᠤ᠂ ᠥᠩᠭᠡᠷᠡᠭᠰᠡᠨ ᠳᠤ 8 ᠠᠴᠠ 10 ᠴᠠᠭ ᠤᠨ ᠳᠣᠲᠣᠷ᠎ᠠ ᠰᠠᠶ᠋ᠢ ᠰᠢᠢᠳᠪᠦᠷᠢᠯᠡᠵᠦ ᠳᠡᠶᠢᠯᠬᠦ ᠬᠡᠷᠡᠭ ᠢ 1 ᠠᠴᠠ 2 ᠴᠠᠭ ᠪᠤᠯᠭᠠᠵᠤ᠂ ᠴᠢᠨᠠᠭᠰᠢᠯᠠᠪᠠᠯ ᠵᠠᠷᠢᠮ ᠠᠮᠤᠷ ᠢ ᠬᠠᠮᠠᠭᠠᠯᠠᠬᠤ ᠡᠶᠡᠳᠡᠭᠦᠯᠭᠡ ᠶᠢᠨ ᠬᠡᠷᠡᠭ ᠢ 30 ᠮᠢᠨᠦ᠋ᠲ ᠪᠣᠯᠭᠠᠨ ᠪᠣᠭᠤᠨᠢᠰᠬᠠᠵᠤ᠂ ᠬᠡᠷᠡᠭ ᠰᠢᠢᠳᠪᠦᠷᠢᠯᠡᠬᠦ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ᠃     ︽ᠴᠠᠭᠳᠠᠭᠠᠨ ᠤ ᠪᠦᠬᠦ᠋ᠢᠯᠡ ᠠᠵᠢᠯ ᠶᠠᠪᠤᠳᠠᠯ ᠢ ᠴᠥᠮ ᠠᠷᠠᠳ ᠤᠨ ᠪᠠᠶᠢᠳᠠᠯ ᠤᠨ ᠲᠣᠭᠤᠷᠢᠨ ᠳᠤ ᠪᠠᠶᠢᠯᠭᠠᠬᠤ ᠬᠡᠷᠡᠭᠲᠡᠢ︾᠃ ᠬᠠᠷᠢᠶ᠎ᠠ ᠣᠷᠣᠨ ᠤ ᠬᠥᠮᠥᠰ ᠤᠨ ᠰᠢᠯᠵᠢᠩᠭᠦᠢ ᠴᠢᠨᠠᠷ ᠶᠡᠭᠡ᠂ ᠬᠥᠮᠥᠰ ᠤᠨ ᠪᠦᠲᠦᠴᠡ ᠪᠤᠳᠤᠯᠢᠶᠠᠨᠲᠠᠢ᠂ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠯᠠᠨ᠂ ᠵᠥᠷᠢᠴᠡᠯ ᠵᠠᠭᠤᠷᠠᠯᠳᠤᠭᠠᠨ ᠠᠷᠪᠢᠨ ᠵᠡᠷᠭᠡ ᠣᠳᠣᠬᠢ ᠪᠠᠶᠢᠳᠠᠯ ᠳᠤ ᠴᠢᠭᠯᠡᠭᠦᠯᠦᠨ᠂ ᠬᠠᠰᠧᠴᠢᠷ ᠥᠪᠡᠷ ᠤᠨ ᠤᠳᠤᠷᠢᠳᠬᠤ ᠪᠠᠭ ᠤᠨ ᠪᠦᠷᠢᠯᠳᠦᠭᠦᠨ ᠲᠠᠢ ᠪᠠᠨ ᠬᠠᠮᠲᠤ ᠪᠠᠷ ᠰᠤᠳᠤᠯᠤᠨ ᠲᠣᠭᠲᠠᠭᠠᠵᠤ᠂ ᠬᠠᠷᠢᠶ᠎ᠠ ᠣᠷᠣᠨ ᠤ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠳᠤ ᠨᠡᠭᠦᠳᠡᠯ ᠴᠠᠭᠳᠠᠭᠠᠨ ᠤ ᠶᠠᠪᠤᠳᠠᠯ ᠤᠨ ᠲᠠᠰᠤᠭ ᠪᠠᠶᠢᠭᠤᠯᠵᠤ᠂ ᠴᠠᠭᠳᠠᠭᠠᠨ ᠤ ᠶᠠᠪᠤᠳᠠᠯ ᠤᠨ ᠠᠵᠢᠯ ᠢ ᠨᠢᠭᠡᠳᠦᠭᠡᠷ ᠹᠷᠣᠨᠲ ᠲᠤ ᠪᠠᠭᠤᠯᠭᠠᠬᠤ ᠶᠢ ᠠᠬᠢᠭᠤᠯᠵᠤ᠂ ᠤᠯᠠᠨ ᠲᠦᠮᠡᠨ ᠤ ᠠᠶᠤᠯ ᠲᠦᠭᠰᠢᠭᠦᠷᠢ ᠮᠡᠳᠡᠭᠦᠯᠬᠦ ᠶᠢ ᠲᠡᠷᠡ ᠳᠠᠷᠤᠢ ᠳᠤ ᠨᠢ ᠭᠥᠯᠢᠶᠡᠨ ᠠᠪᠴᠤ ᠰᠢᠢᠳᠪᠦᠷᠢᠯᠡᠬᠦ ᠶᠢ ᠪᠡᠶᠡᠯᠡᠭᠦᠯᠪᠡ᠃     2021 ᠣᠨ ᠤ ᠰᠡᠭᠦᠯᠴᠢ ᠪᠠᠷ᠂ ᠴᠢ ᠫᠠᠨ ᠵᠢᠩ ᠪᠠᠯᠭᠠᠰᠤ ᠶᠢᠨ ᠲᠣᠮᠢᠯᠠᠭᠰᠠᠨ ᠰᠠᠯᠪᠤᠷᠢ ᠨᠢ ᠴᠢ ᠫᠠᠨ ᠵᠢᠩ ᠤᠨ ᠨᠢᠭᠡᠨ ᠠᠵᠤ ᠦᠢᠯᠡᠳᠪᠦᠷᠢ ᠶᠢᠨ ᠲᠣᠭᠤᠷᠢᠭ ᠤᠨ ᠪᠠᠷᠢᠯᠭ᠎ᠠ ᠶᠢᠨ ᠭᠠᠵᠠᠷ ᠨᠢ ᠬᠤᠶᠠᠷ ᠪᠠᠷᠢᠯᠭ᠎ᠠ ᠶᠢᠨ ᠠᠩᠭᠢ ᠶᠢᠨ 250 ᠭᠠᠷᠤᠢ ᠬᠥᠯᠥᠰᠦᠨ ᠠᠵᠢᠯᠴᠢᠨ ᠳᠤ 900 ᠭᠠᠷᠤᠢ ᠲᠦᠮᠡᠨ ᠲᠥᠭᠦᠷᠢᠭ ᠦᠷᠢᠳᠤᠵᠤ ᠪᠠᠶᠢᠬᠤ ᠬᠡᠷᠡᠭ ᠤᠨ ᠮᠡᠳᠡᠭᠦᠯᠦᠯᠳᠡ ᠲᠤᠰᠴᠤ᠂ ᠬᠤᠶᠠᠷ ᠪᠠᠷᠢᠯᠭ᠎ᠠ ᠶᠢᠨ ᠠᠩᠭᠢ ᠶᠢᠨ ᠬᠢᠨ ᠨᠢ ᠲᠦᠰᠦᠯ ᠤᠨ ᠬᠡᠯᠲᠡᠰ ᠲᠤ ᠬᠦᠷᠴᠦ ᠬᠠᠮᠲᠤ ᠪᠠᠷ ᠴᠠᠯᠢᠩ ᠨᠡᠬᠡᠵᠡᠢ᠃ ᠬᠠᠰᠧᠴᠢᠷ ᠪᠣᠯᠣᠨ ᠠᠭᠤᠷᠬᠠᠢ ᠶᠢᠨ ᠣᠷᠣᠨ ᠤ ᠴᠠᠭᠳᠠᠭᠠᠨ ᠤ ᠶᠠᠪᠤᠳᠠᠯ ᠤᠨ ᠲᠠᠰᠤᠭ ᠤᠨ ᠠᠷᠠᠳ ᠤᠨ ᠴᠠᠭᠳᠠᠭ᠎ᠠ ᠨᠠᠷ ᠲᠡᠷᠡ ᠳᠠᠷᠤᠢ ᠳᠤ ᠨᠢ ᠲᠤᠬᠠᠢ ᠶᠢᠨ ᠲᠠᠯᠠᠪᠤᠷ ᠲᠤ ᠬᠦᠷᠴᠦ ᠡᠮᠬᠢ ᠵᠢᠷᠤᠮ ᠢ ᠬᠠᠮᠠᠭᠠᠯᠠᠨ᠂ ᠬᠥᠲᠥᠯᠥᠨ ᠵᠢᠯᠤᠭᠤᠳᠬᠤ᠂ ᠢᠳᠬᠠᠨ ᠲᠠᠶᠢᠪᠤᠰᠢᠷᠠᠭᠤᠯᠬᠤ ᠠᠵᠢᠯ ᠢ ᠦᠷᠨᠢᠭᠦᠯᠵᠤ᠂ ᠣᠯᠠᠨ ᠤᠳᠠᠭᠠᠨ ᠤ ᠵᠣᠬᠢᠴᠠᠭᠤᠯᠤᠯᠲᠠ ᠪᠠᠷ ᠳᠡᠮᠵᠢᠨ᠂ ᠡᠴᠦᠰ ᠲᠤ ᠪᠠᠨ ᠬᠡᠯᠡᠯᠴᠡᠭᠡᠷ ᠲᠣᠭᠲᠠᠵᠤ᠂ ᠲᠦᠰᠦᠯ ᠤᠨ ᠬᠠᠷᠢᠭᠤᠴᠠᠯᠭᠠᠲᠠᠨ ᠥᠷᠢᠲᠦᠵᠦ ᠪᠠᠶᠢᠭ᠎ᠠ ᠴᠠᠯᠢᠩ ᠢ ᠪᠦᠬᠦᠨ ᠢ ᠲᠦᠯᠦᠨ᠎ᠡ ᠭᠡᠵᠦ ᠠᠮᠠᠯᠠᠳᠠᠵᠠᠢ᠃ ᠴᠠᠯᠢᠩ ᠢᠶᠠᠨ ᠣᠯᠣᠭᠰᠠᠨ ᠬᠥᠯᠥᠰᠦᠨ ᠠᠵᠢᠯᠴᠢᠳ ᠪᠠᠶᠠᠷᠯᠠᠨ ᠬᠥᠭᠡᠷᠦᠯᠳᠦᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠴᠢᠩ ᠰᠡᠳᠬᠢᠯ ᠤᠨ ᠲᠠᠯᠠᠷᠬᠠᠯ ᠢᠶᠠᠨ ᠲᠡᠪᠰᠢᠭᠦᠯᠵᠠᠢ᠃     2021 ᠣᠨ ᠠᠴᠠ ᠨᠠᠭᠠᠰᠢ᠂ ᠬᠠᠰᠧᠴᠢᠷ ᠴᠢ ᠫᠠᠨ ᠵᠢᠩ ᠪᠠᠯᠭᠠᠰᠤᠨ ᠤ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠳᠠᠭᠠᠭᠤᠯᠤᠨ ᠡᠯ᠎ᠡ ᠲᠦᠷᠦᠯ ᠤᠨ 70 ᠭᠠᠷᠤᠢ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠵᠦ᠂ ᠠᠵᠢᠯᠴᠢᠳ ᠢ ᠬᠠᠪᠰᠤᠷᠤᠨ 3000 ᠭᠠᠷᠤᠢ ᠲᠦᠮᠡᠨ ᠲᠥᠭᠦᠷᠢᠭ ᠤᠨ ᠴᠠᠯᠢᠩ ᠢ ᠨᠡᠬᠡᠨ ᠤᠯᠭᠤᠵᠤ ᠥᠭᠪᠡ᠃ ᠡᠨᠡ ᠨᠢ 1000 ᠰᠢᠬᠠᠮ ᠬᠥᠯᠥᠰᠦᠨ ᠠᠵᠢᠯᠴᠢᠨ ᠳᠤ ᠬᠤᠯᠪᠣᠭᠳᠠᠵᠤ᠂ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢ ᠪᠠᠲᠤᠯᠠᠵᠤ᠂ ᠬᠠᠤᠯᠢ ᠶᠤᠰᠤᠭᠠᠷ ᠡᠵᠡᠩᠨᠡᠯᠳᠡ ᠬᠢᠬᠦ ᠠᠭᠤᠷ ᠠᠮᠢᠰᠬᠤᠯ ᠢ ᠠᠬᠢᠭᠤᠯᠵᠠᠢ᠃ ᠡᠭᠦᠨ ᠤ ᠵᠡᠷᠭᠡ ᠳᠤ ᠡᠳᠦᠷ ᠲᠤᠲᠤᠮ ᠤᠨ ᠤᠬᠠᠭᠤᠯᠭ᠎ᠠ᠂ ᠪᠠᠶᠢᠴᠠᠭᠠᠯᠲᠠ᠂ ᠤᠷᠢᠳᠴᠢᠯᠠᠭᠰᠠᠨ ᠰᠡᠷᠭᠡᠶᠢᠯᠡᠯᠲᠡ ᠪᠠᠷ ᠳᠠᠮᠵᠢᠭᠤᠯᠤᠨ᠂ ᠤᠷᠢᠳᠴᠢᠯᠠᠨ ᠰᠡᠷᠭᠡᠶᠢᠯᠡᠬᠦ᠂ ᠡᠭᠦᠰᠦᠯ ᠠᠴᠠ ᠨᠢ ᠠᠳᠬᠤᠬᠤ ᠶᠢ ᠪᠠᠷᠢᠮᠲᠠᠯᠠᠨ᠂ ᠴᠢ ᠫᠠᠨ ᠵᠢᠩ ᠪᠠᠯᠭᠠᠰᠤᠨ ᠤ ᠲᠣᠮᠢᠯᠠᠭᠰᠠᠨ ᠰᠠᠯᠪᠤᠷᠢ ᠶᠢ ᠵᠥᠷᠢᠴᠡᠯ ᠵᠠᠭᠤᠷᠠᠯᠳᠤᠭᠠᠨ ᠢ ᠰᠢᠢᠳᠪᠦᠷᠢᠯᠡᠬᠦ ᠪᠠᠲᠤ ᠪᠠᠬᠢ ᠪᠠᠬᠢᠯᠡᠯᠲᠡ ᠪᠣᠯᠭᠠᠭᠰᠠᠨ ᠪᠠᠶᠢᠨ᠎ᠠ᠃     ᠲᠤᠰ ᠬᠠᠷᠢᠶ᠎ᠠ ᠣᠷᠣᠨ ᠤ ᠪᠠᠨ ᠴᠠᠬᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠤᠨ ᠨᠣᠷᠮ᠎ᠠ ᠶᠢ ᠪᠠᠭᠤᠷᠠᠭᠤᠯᠬᠤ ᠶᠢᠨ ᠲᠥᠯᠥᠭᠡ᠂ ᠬᠠᠰᠧᠴᠢᠷ ︽ᠭᠤᠣᠯ ᠬᠠᠷᠢᠭᠤᠴᠠᠯᠭ᠎ᠠ + ᠲᠤᠰᠬᠠᠢ ᠮᠡᠷᠭᠡᠵᠢᠯ︾᠂ ︽ᠰᠦᠯᠵᠢᠶᠡᠨ ᠳᠡᠭᠡᠷᠡᠬᠢ + ᠬᠤᠯᠪᠤᠭᠠᠯᠠᠨ ᠬᠥᠳᠡᠯᠦᠯᠴᠡᠬᠦ︾᠂ ︽ᠨᠠᠷᠢᠯᠢᠭ ᠤᠨᠤᠪᠴᠢᠳᠠᠢ + ᠤᠷᠢᠳᠴᠢᠯᠠᠨ ᠰᠡᠷᠡᠮᠵᠢᠯᠡᠭᠦᠯᠬᠦ︾ ᠵᠡᠷᠭᠡ ︽3 +︾ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠰᠦᠪᠡᠭᠴᠢᠯᠡᠨ ᠬᠡᠷᠡᠭᠵᠢᠭᠦᠯᠵᠦ᠂ ᠬᠥᠮᠥᠨ ᠪᠣᠯᠭᠠᠨ ᠴᠠᠬᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠢ ᠡᠰᠡᠷᠭᠦᠴᠡᠬᠦ ᠠᠵᠢᠯ ᠳᠤ ᠣᠷᠤᠯᠴᠠᠬᠤ ᠠᠭᠤᠷ ᠠᠮᠢᠰᠬᠤᠯ ᠢ ᠪᠣᠶ ᠪᠣᠯᠭᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠮᠡᠬᠡᠯᠡᠯ ᠢ ᠰᠡᠷᠭᠡᠶᠢᠯᠡᠬᠦ ᠪᠠ ᠮᠡᠬᠡᠯᠡᠯ ᠢ ᠡᠰᠡᠷᠭᠦᠴᠡᠬᠦ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠪᠡ᠃ 2021 ᠣᠨ ᠤ 9 ᠰᠠᠷ᠎ᠠ ᠠᠴᠠ ᠨᠠᠭᠠᠰᠢ᠂ ᠬᠠᠰᠧᠴᠢᠷ ᠤᠨ ᠳᠠᠭᠠᠭᠤᠯᠭ᠎ᠠ ᠳᠣᠣᠷ᠎ᠠ᠂ ᠴᠢ ᠫᠠᠨ ᠵᠢᠩ ᠪᠠᠯᠭᠠᠰᠤᠨ ᠤ ᠲᠣᠮᠢᠯᠠᠭᠰᠠᠨ ᠰᠠᠯᠪᠤᠷᠢ ᠨᠢ 4500 ᠭᠠᠷᠤᠢ ᠤᠳᠠᠭ᠎ᠠ ᠤᠲᠠᠰᠤ ᠪᠠᠷ ᠰᠡᠷᠡᠮᠵᠢᠯᠡᠭᠦᠯᠵᠦ᠂ 350 ᠭᠠᠷᠤᠢ ᠤᠳᠠᠭ᠎ᠠ ᠨᠢᠭᠤᠷᠳᠠᠨ ᠰᠡᠷᠡᠮᠵᠢᠯᠡᠭᠦᠯᠵᠦ᠂ 30 ᠭᠠᠷᠤᠢ ᠤᠳᠠᠭᠠᠨ ᠤ ᠮᠡᠭᠡᠯᠡᠭᠳᠡᠨ ᠮᠦᠩᠭᠦ ᠲᠦᠭᠦᠷᠢᠭ ᠭᠤᠪᠢᠭᠤᠯᠬᠤ ᠶᠢ ᠠᠮᠵᠢᠯᠲᠠᠲᠠᠢ ᠢᠳᠬᠠᠨ ᠬᠤᠷᠢᠭᠯᠠᠭᠰᠠᠨ ᠠᠴᠠ ᠬᠠᠷᠢᠶᠠᠲᠤ ᠣᠷᠣᠨ ᠤ ᠰᠠᠭᠤᠭᠠᠯᠢ ᠠᠷᠠᠳ ᠨᠢ 300 ᠭᠠᠷᠤᠢ ᠲᠦᠮᠡᠨ ᠲᠥᠭᠦᠷᠢᠭ ᠤᠨ ᠠᠵᠤ ᠠᠬᠤᠢ ᠶᠢᠨ ᠬᠤᠬᠢᠷᠠᠯ ᠠᠴᠠ ᠵᠠᠶᠢᠯᠠᠰᠬᠢᠵᠦ᠂ ᠬᠠᠷᠢᠶᠠᠲᠤ ᠣᠷᠣᠨ ᠤ ᠴᠠᠬᠢᠯᠭᠠᠨ ᠬᠤᠯᠪᠤᠭ᠎ᠠ ᠪᠠᠷ ᠵᠠᠯᠢᠯᠠᠨ ᠮᠡᠬᠡᠯᠡᠭᠰᠡᠨ ᠬᠡᠷᠡᠭ ᠤᠨ ᠡᠭᠦᠰᠬᠦ ᠨᠣᠷᠮ᠎ᠠ ᠶᠢ 70% ᠰᠢᠬᠠᠮ ᠢᠶᠠᠷ ᠪᠠᠭᠤᠷᠠᠭᠤᠯᠤᠭᠰᠠᠨ ᠪᠠᠶᠢᠨ᠎ᠠ᠃  
ᠢᠷᠡᠯᠲᠡ᠄ ᠲᠣᠲᠣᠷᠬᠠᠢ ᠦᠭᠡᠢ