ᠰᠢᠳᠤᠷᠭᠤ ᠶᠣᠰᠣᠨ ᠤ ᠲᠥᠯᠥᠭᠡ ᠳᠠᠭᠠᠷᠢᠯᠲᠠ ᠶᠠᠪᠤᠭᠤᠯᠬᠤ ᠰᠦᠯᠵᠢᠶᠡᠨ ᠤ ᠹᠷᠣᠨᠲ ᠤᠨ ︽ᠣᠯᠠᠨ ᠲᠠᠯ᠎ᠠ ᠶᠢᠨ ᠴᠢᠳᠠᠪᠤᠷᠢᠲᠠᠨ︾ — ᠰᠢᠶᠤᠤ ᠲᠧᠩ ᠯᠦᠩ
ᠨᠡᠶᠢᠲᠡᠯᠡᠭᠰᠡᠨ ᠴᠠᠭ᠄
2023/11/7
     ᠲᠡᠷᠡ ᠶᠠᠯ᠎ᠠ ᠬᠢᠭᠰᠡᠨ ᠰᠡᠵᠢᠭᠳᠡᠨ ᠲᠠᠢ ᠨᠢᠭᠤᠷᠲᠠᠨ ᠦᠵᠡᠯᠴᠡᠬᠦ ᠨᠢ ᠮᠠᠰᠢ ᠴᠥᠭᠡᠨ ᠪᠠᠶᠢᠳᠠᠭ ᠪᠣᠯᠪᠠᠴᠤ ᠬᠡᠷᠡᠭ ᠢ ᠢᠯᠡᠷᠡᠭᠦᠯᠬᠦ ᠵᠠᠩᠭᠢᠯᠠᠭ᠎ᠠ ᠶᠢ ᠶᠡᠷᠦᠨᠢ ᠡᠷᠢᠵᠦ ᠣᠯᠳᠠᠭ᠂ ᠲᠡᠷᠡ ᠪᠣᠯ ᠳᠠᠷᠤᠶ ᠲᠦᠩᠯᠢᠶᠣᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠮᠡᠷᠭᠡᠵᠢᠯ ᠤᠨ ᠳᠡᠩᠨᠡᠨ ᠪᠠᠶᠢᠴᠠᠭᠠᠬᠤ ︵ᠰᠦᠯᠵᠢᠶᠡᠨ ᠤ ᠠᠮᠤᠷ ᠲᠦᠪᠰᠢᠨ ᠤ︶ ᠰᠠᠯᠪᠤᠷᠢ ᠠᠩᠭᠢ ᠶᠢᠨ ᠳᠡᠳ᠋ ᠳᠠᠷᠤᠭ᠎ᠠ ᠰᠢᠶᠤᠤ ᠲᠧᠩ ᠯᠦᠩ ᠪᠣᠯᠤᠨ᠎ᠠ᠃ ᠳᠣᠲᠣᠭᠠᠳᠤ ᠶᠢ ᠬᠠᠮᠠᠭᠠᠯᠠᠬᠤ ᠠᠵᠢᠯ ᠳᠤ ᠣᠷᠣᠯᠴᠠᠭᠰᠠᠨ 10 ᠵᠢᠯ ᠤᠨ ᠲᠤᠷᠰᠢ᠂ ᠲᠡᠷᠡ ᠰᠢᠷᠭᠠᠭᠤ ᠬᠠᠲᠠᠭᠤᠵᠢᠯᠲᠠᠶ ᠰᠤᠳᠤᠯᠵᠤ᠂ ᠰᠦᠯᠵᠢᠶ᠎ᠡ ᠪᠠᠷ ᠴᠠᠭᠳᠠᠨ ᠪᠠᠶᠢᠴᠠᠭᠠᠬᠤ ︽ᠬᠠᠷᠴᠠᠭᠠᠶ ᠶᠢᠨ ᠨᠢᠳᠦ︾ ᠶᠢ ᠪᠣᠯᠪᠠᠰᠤᠷᠠᠭᠤᠯᠵᠤ᠂ ︽ᠰᠦᠯᠵᠢᠶ᠎ᠡ ᠪᠠᠷ ᠳᠠᠯᠳᠠᠭᠤᠷ ᠪᠠᠶᠢᠯᠳᠤᠬᠤ︾ ᠶᠠᠪᠤᠴᠠ ᠳᠤ ᠶᠠᠯ᠎ᠠ ᠬᠢᠭᠰᠡᠨ ᠰᠡᠵᠢᠭᠳᠡᠨ ᠢ ᠶᠠᠭᠠᠬᠢᠬᠤ ᠶᠢᠨ ᠴᠤ ᠠᠷᠭ᠎ᠠ ᠥᠬᠡᠶ ᠪᠣᠯᠭᠠᠵᠠᠶ᠃     2018 ᠣᠨ ᠤ ᠡᠬᠢᠨ ᠳᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠰᠦᠷ ᠳᠠᠯᠠᠶᠢᠴᠠᠲᠠᠢ ᠲᠤᠰᠬᠠᠢ ᠲᠡᠮᠡᠴᠡᠯ ᠪᠦᠬᠦ ᠤᠯᠤᠰ ᠤᠨ ᠬᠡᠪᠴᠢᠶᠡᠨ ᠳᠤ ᠥᠷᠨᠢᠵᠦ᠂ ᠲᠦᠩᠯᠢᠶᠣᠤ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠠᠮ ᠤᠨ ᠲᠥᠪ ᠬᠤᠷᠢᠶ᠎ᠠ ᠪᠣᠯᠤᠨ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠪᠠᠶᠢᠷᠢᠯᠠᠭᠤᠯᠤᠯᠲᠠ ᠲᠤᠬᠢᠷᠠᠭᠤᠯᠭ᠎ᠠ ᠪᠠᠷ᠂ ᠬᠠᠷ᠎ᠠ ᠪᠦᠯᠦᠭᠲᠡᠨ ᠬᠠᠷᠭᠢᠰ ᠬᠦᠴᠦᠨ ᠤ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠰᠢᠷᠦᠭᠦᠨ ᠴᠣᠬᠢᠯᠲᠠ ᠥᠭᠪᠡ᠃ ᠲᠤᠰᠬᠠᠢ ᠲᠡᠮᠡᠴᠡᠯ ᠢ ᠥᠷᠨᠢᠭᠦᠯᠦᠭᠰᠡᠨ ᠠᠴᠠ ᠨᠠᠭᠠᠰᠢ᠂ ᠰᠢᠶᠤᠤ ᠲᠧᠩ ᠯᠦᠩ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠪᠣᠯᠤᠭᠰᠠᠨ ᠤ ᠬᠤᠪᠢ ᠳᠤ᠂ ᠨᠢᠭᠡᠳᠦᠭᠡᠷ ᠹᠷᠣᠨᠲ ᠢ ᠪᠠᠲᠤ ᠰᠠᠬᠢᠵᠤ᠂ ᠮᠡᠷᠭᠡᠵᠢᠯ ᠢᠶᠠᠷ ᠲᠤᠯᠭᠠᠭᠤᠷᠢᠯᠠᠯ ᠪᠣᠯᠭᠠᠵᠤ᠂ ᠲᠦᠩᠯᠢᠶᠣᠤ ᠶᠢᠨ ᠬᠠᠷᠢᠶᠠᠨ ᠳᠠᠬᠢ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠪᠦᠬᠦ ᠬᠡᠷᠡᠭ ᠢ ᠲᠠᠩᠨᠠᠨ ᠰᠢᠢᠳᠪᠦᠷᠢᠯᠡᠬᠦ ᠠᠵᠢᠯ ᠳᠤ ᠣᠷᠣᠯᠴᠠᠵᠤ᠂ ᠤᠷᠢᠳ ᠬᠤᠵᠢᠳ ᠲᠦᠩᠯᠢᠶᠣᠤ ᠬᠤᠲᠠ ᠶᠢᠨ ᠬᠠᠷ᠎ᠠ ᠪᠦᠯᠦᠭ ᠤᠨ ᠰᠢᠨᠵᠢ ᠴᠢᠨᠠᠷᠲᠠᠢ 7 ᠵᠣᠬᠢᠶᠠᠨ ᠪᠠᠶᠢᠭᠤᠯᠤᠯᠲᠠ ᠶᠢᠨ ᠭᠤᠣᠯ ᠲᠦᠷᠦᠭᠦᠦ ᠵᠢᠴᠢ ᠡᠪᠰᠡᠯ ᠪᠦᠯᠦᠭ ᠤᠨ ᠪᠦᠷᠢᠯᠳᠦᠬᠦᠨ ᠢ 199 ᠪᠠᠷᠢᠪᠴᠢᠯᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠤ ᠶᠠᠯᠠᠲᠤ ᠠᠵᠢᠯᠯᠠᠭ᠎ᠠ ᠶᠢᠨ ᠠᠮᠢᠨ ᠰᠦᠨᠡᠰᠦ ᠶᠢ ᠨᠢ ᠰᠠᠷᠨᠢᠭᠤᠯᠪᠠ᠃
微信图片_20230223172630.jpg  
    ᠰᠢᠤᠸᠠᠢ ᠣᠪᠣᠭᠲᠤ ᠳᠡᠭᠡᠷ᠎ᠡ ᠵᠠᠭᠤᠨ ᠤ ᠶᠡᠷᠡᠭᠡᠳ ᠣᠨ ᠤ ᠡᠬᠢ ᠪᠠᠷ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢ ᠬᠢᠲᠤᠭ᠎ᠠ ᠪᠠᠷ ᠰᠦᠷᠳᠡᠭᠦᠯᠦᠨ ᠰᠢᠬᠠᠮᠳᠠᠭᠤᠯᠤᠭᠰᠠᠨ ᠠᠴᠠ ᠪᠤᠯᠵᠤ 3 ᠵᠢᠯ ᠬᠥᠳᠡᠯᠮᠦᠷᠢ ᠪᠠᠷ ᠵᠠᠰᠠᠨ ᠬᠥᠮᠦᠵᠢᠭᠦᠯᠬᠦ ᠪᠠᠷ ᠰᠢᠳᠭᠡᠭᠳᠡᠵᠦ᠂ ᠰᠡᠭᠦᠯᠡᠷ ᠨᠢ ᠠᠵᠤ ᠠᠬᠤᠢ ᠶᠢᠨ ᠠᠰᠢᠭ ᠲᠤᠰᠠ᠂ ᠬᠦᠴᠦᠷᠬᠡᠭᠯᠡᠯ ᠢᠶᠠᠷ ᠰᠦᠷᠳᠡᠭᠦᠯᠬᠦ ᠵᠡᠷᠭᠡ ᠠᠷᠭ᠎ᠠ ᠪᠠᠷᠢᠯ ᠢᠶᠠᠷ ᠲᠦᠩᠯᠢᠶᠣᠤ ᠳᠤ ᠨᠢᠭᠡ ᠪᠦᠯᠦᠭ ᠰᠤᠯᠠ ᠬᠥᠮᠦᠰ ᠢ ᠴᠤᠭᠯᠠᠭᠤᠯᠵᠤ᠂ ᠠᠶᠠᠨᠴᠢᠳ ᠤᠨ ᠲᠡᠭᠡᠭᠡᠪᠦᠷᠢ ᠶᠢᠨ ᠵᠠᠮ ᠢ ᠭᠠᠭᠴᠠᠭᠠᠷ ᠡᠵᠡᠮᠰᠢᠨ᠂ ᠭᠡᠷ ᠪᠠᠶᠢᠰᠢᠩ ᠭᠠᠵᠠᠷ ᠰᠢᠷᠣᠢ ᠶᠢᠨ ᠬᠦᠷᠦᠩᠭᠡ ᠶᠢ ᠨᠡᠭᠡᠭᠡᠨ ᠠᠰᠢᠭᠯᠠᠬᠤ ᠬᠦᠷᠢᠶ᠎ᠡ ᠳᠤ ᠣᠷᠣᠯᠴᠠᠵᠤ᠂ ᠵᠠᠯᠢ ᠮᠡᠭᠡ ᠶᠢᠨ ᠵᠢᠭᠡᠯᠡᠯᠭᠡ ᠪᠠᠷ ᠮᠡᠬᠡᠯᠡᠬᠦ ᠪᠠ ᠬᠢᠬᠠᠨ ᠠᠪᠬᠤ ᠠᠵᠢᠯᠯᠠᠭ᠎ᠠ ᠬᠢᠵᠦ᠂ ᠠᠷᠪᠠᠨ ᠳ᠋ᠦᠩᠰᠢᠭᠤᠷ ᠰᠢᠬᠠᠮ ᠪᠡᠯᠡ ᠬᠦᠷᠦᠩᠭᠡ ᠶᠢ ᠬᠤᠷᠠᠮᠳᠤᠭᠤᠯᠵᠠᠢ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠭᠦᠨᠵᠡᠭᠡᠢ ᠥᠷᠨᠢᠭᠦᠯᠦᠭᠰᠡᠨ ᠤ ᠲᠠᠷᠠᠭ᠎ᠠ᠂ ᠰᠢᠤᠸᠠᠢ ᠣᠪᠣᠭᠲᠤ ᠲᠦᠩᠯᠢᠶᠣᠤ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠷᠢᠭᠦᠨ ᠴᠢᠬᠤᠯᠠ ᠬᠠᠷᠠᠯᠲᠠ ᠶᠢᠨ ᠨᠢᠭᠡ ᠪᠣᠯᠤᠭᠰᠠᠨ ᠪᠣᠯᠪᠠᠴᠤ ᠲᠡᠷᠡ ᠬᠠᠷᠢᠨ ᠭᠡᠨᠡᠳᠲᠡ ︽ᠬᠥᠮᠦᠨ ᠤ ᠣᠷᠴᠢᠯᠠᠩ ᠤᠨ ᠠᠭᠤᠷᠰᠢᠯᠲᠠ︾ ᠪᠣᠯᠪᠠ᠃ ︽ᠪᠢᠳᠡ ᠯᠠᠪᠲᠠᠶ ᠨᠢᠭᠡ ᠰᠠᠷ᠎ᠠ ᠶᠢᠨ ᠳᠣᠲᠣᠷ᠎ᠠ ᠰᠢᠤᠸᠠᠢ ᠣᠪᠣᠭᠲᠤ ᠶᠢ ᠪᠠᠷᠢᠵᠤ ᠠᠪᠤᠨ᠎ᠠ︕︾ ᠰᠢᠶᠤᠤ ᠲᠧᠩ ᠯᠦᠩ ᠲᠠᠶᠢᠴᠢᠨ ᠨᠥᠬᠦᠳ ᠲᠠᠢ ᠪᠠᠨ ᠶᠠᠮᠠᠷ ᠴᠤ ᠰᠦᠪᠡᠭᠴᠢ ᠶᠢ ᠴᠦ ᠠᠯᠳᠠᠯ ᠥᠬᠡᠶ ᠪᠠᠷ ᠲᠤᠭ᠎ᠠ ᠲᠣᠮᠰᠢ ᠥᠬᠡᠶ ᠪᠠᠷ ᠣᠯᠠᠨ ᠤᠳᠠᠭ᠎ᠠ ᠶᠢᠨ ᠠᠵᠢᠯ ᠢᠶᠠᠷ ᠳᠡᠮᠵᠢᠨ ᠡᠴᠦᠰ ᠲᠤ ᠪᠠᠨ ᠮᠥᠷ ᠰᠤᠷᠠᠭ ᠣᠯᠵᠤ᠂ ᠰᠢᠤᠸᠠᠢ ᠣᠪᠣᠭᠲᠤ ᠶᠢᠨ ᠣᠷᠤᠨ ᠵᠣᠭᠰᠣᠴᠠ ᠶᠢ ᠠᠮᠵᠢᠯᠲᠠ ᠲᠠᠢ ᠪᠠᠷ ᠲᠣᠭᠲᠠᠭᠠᠵᠤ᠂ ᠬᠡᠷᠡᠭ ᠢ ᠭᠦᠨᠵᠡᠭᠡᠶᠢᠷᠡᠭᠦᠯᠦᠨ ᠠᠬᠢᠭᠤᠯᠬᠤ ᠳᠤ ᠬᠦᠴᠦᠲᠡᠶ ᠲᠦᠰᠢᠭ ᠲᠤᠯᠭᠠᠭᠤᠷᠢ ᠬᠠᠩᠭᠠᠭᠰᠠᠨ ᠪᠠᠶᠢᠨ᠎ᠠ᠃ ᠲᠤᠰᠬᠠᠶ ᠬᠡᠷᠡᠭ ᠤᠨ ᠳᠤᠭᠤᠶᠢᠯᠠᠩ ᠤᠨ ᠬᠢᠨ ᠡᠴᠦᠰ ᠲᠤ ᠪᠠᠨ ᠲᠦᠩᠯᠢᠶᠣᠤ ᠳᠤ ᠬᠤᠷᠢᠨ ᠵᠢᠯ ᠬᠥᠨᠳᠡᠯᠡᠨ ᠭᠤᠯᠳᠤ ᠠᠭᠠᠰᠢᠯᠠᠵᠤ ᠪᠠᠶᠢᠭᠰᠠᠨ ᠰᠢᠤᠸᠠᠢ ᠣᠪᠣᠭᠲᠤ ᠶᠢ ᠪᠠᠷᠢᠪᠴᠢᠯᠠᠵᠤ ᠠᠪᠴᠢᠷᠠᠪᠠ᠃    1998 ᠣᠨ ᠤ 4 ᠰᠠᠷ᠎ᠠ ᠶᠢᠨ ᠨᠢᠭᠡᠨ ᠡᠳᠦᠷ᠂ ᠲᠦᠩᠯᠢᠶᠣᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠵᠠᠮ ᠢ ᠲᠦᠢᠯᠪᠤᠷᠢᠲᠠᠶ ᠭᠠᠭᠴᠠᠭᠠᠷ ᠡᠵᠡᠮᠰᠢᠬᠦ ᠶᠢᠨ ᠲᠥᠯᠥᠭᠡ᠂ ᠰᠢᠤᠸᠠᠢ ᠣᠪᠣᠭᠲᠤ᠂ ᠯᠢᠦ ᠣᠪᠣᠭᠲᠤ ᠶᠢᠨ ᠳᠠᠭᠠᠯᠲᠠ ᠨᠢ ︽ᠬᠠᠮᠢᠶᠠᠷᠤᠯᠲᠠ ᠶᠢ ᠳᠠᠭᠠᠬᠤ ᠦᠭᠡᠶ︾ ᠬᠡᠮᠡᠨ ᠬᠠᠨ ᠣᠪᠣᠭᠲᠤ ᠶᠢ ᠴᠠᠪᠴᠢᠨ ᠰᠢᠷᠬᠠᠳᠤᠭᠤᠯᠵᠤ᠂ ᠯᠢᠦ ᠣᠪᠣᠭᠲᠤ ᠪᠠᠰᠠ ᠠᠪᠠ ᠶᠢᠨ ᠫᠤᠤ ᠪᠠᠷ ᠬᠠᠨ ᠣᠪᠣᠭᠲᠤ ᠶᠢ ᠫᠤᠤᠳᠠᠵᠤ ᠠᠯᠠᠭᠰᠠᠨ ᠤ ᠳᠠᠷᠠᠭ᠎ᠠ ᠶᠠᠯ᠎ᠠ ᠠᠴᠠ ᠪᠠᠨ ᠠᠶᠤᠵᠤ ᠣᠷᠭᠤᠨ ᠳᠤᠲᠠᠭᠠᠭᠠᠳ᠂ ᠳᠣᠲᠣᠭᠠᠳᠤ ᠶᠢ ᠬᠠᠮᠠᠭᠠᠯᠠᠬᠤ ᠶᠠᠮᠤᠨ ᠳᠤ B ᠳᠡᠰ ᠤᠨ ᠣᠷᠭᠤᠳᠠᠭᠤᠯ ᠬᠡᠷᠡᠭᠲᠡᠨ ᠢᠶᠠᠷ ᠵᠢᠭᠰᠠᠭᠠᠭᠳᠠᠵᠠᠶ᠃
微信图片_20230223172644.jpg  
     ᠬᠠᠷᠭᠢᠰᠴᠤᠳ ᠢ ᠵᠠᠯᠬᠠᠭᠠᠵᠤ ᠬᠠᠷᠭᠢᠰ ᠬᠦᠴᠦᠨ ᠢ ᠠᠷᠢᠯᠭᠠᠬᠤ ᠳᠤ ᠵᠠᠶᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠲᠠᠢ ᠶᠤᠮ᠃ ᠲᠦᠩᠯᠢᠶᠣᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠦᠬᠦ ᠴᠠᠭᠳᠠᠭᠠᠨ ᠤ ᠬᠦᠴᠦᠨ ᠢᠶᠠᠷ ᠯᠢᠦ ᠣᠪᠣᠭᠲᠤ ᠶᠢ ᠪᠠᠷᠢᠪᠴᠢᠯᠠᠬᠤ ᠠᠵᠢᠯᠯᠠᠭ᠎ᠠ ᠶᠢ ᠳᠠᠬᠢᠨ ᠡᠬᠢᠯᠡᠭᠦᠯᠪᠡ᠃ ᠭᠡᠪᠡᠴᠦ ᠬᠡᠷᠡᠭ ᠢ ᠳᠡᠩᠨᠡᠨ ᠢᠯᠡᠷᠡᠭᠦᠯᠬᠦ ᠳᠤ ᠬᠤᠯᠪᠣᠭᠳᠠᠬᠤ ᠪᠦᠲᠦᠮᠵᠢᠲᠡᠶ ᠮᠡᠳᠡᠭᠡ ᠵᠠᠩᠭᠢ ᠮᠠᠰᠢ ᠴᠥᠭᠡᠨ ᠪᠠᠶᠢᠵᠤ᠂ ᠡᠨᠡ ᠨᠢ ᠬᠡᠷᠡᠭ ᠢ ᠳᠡᠩᠨᠡᠨ ᠢᠯᠡᠷᠡᠭᠦᠯᠬᠦ ᠳᠤ ᠲᠦᠢᠯ ᠤᠨ ᠶᠡᠭᠡ ᠬᠦᠴᠢᠷᠳᠡᠯ ᠤᠴᠠᠷᠠᠭᠤᠯᠪᠠ᠃ ᠲᠦᠩᠯᠢᠶᠣᠤ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠶᠢᠨ ᠬᠠᠮᠢᠶ᠎ᠠ ᠪᠦᠬᠦᠢ ᠤᠳᠤᠷᠢᠳᠤᠯᠭ᠎ᠠ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ᠂ ᠬᠠᠲᠠᠭᠤ ᠳᠠᠶᠢᠯᠠᠯᠳᠤᠭᠠᠨ ᠢ ᠲᠤᠰᠬᠠᠶᠢᠯᠠᠨ ᠬᠢᠳᠡᠭ ᠳᠡᠩᠨᠡᠨ ᠪᠠᠶᠢᠴᠠᠭᠠᠬᠤ ᠬᠤᠰᠢᠭᠤᠴᠢ — ᠰᠢᠶᠤᠤ ᠲᠧᠩ ᠯᠦᠩ ᠢ ᠪᠤᠳᠤᠵᠤ ᠤᠯᠪᠠ᠃ ᠡᠭᠦᠷᠭᠡ ᠶᠢ ᠬᠦᠯᠢᠶᠡᠨ ᠠᠪᠤᠭᠰᠠᠨ ᠤ ᠳᠠᠷᠠᠭ᠎ᠠ᠂ ᠰᠢᠶᠤᠤ ᠲᠧᠩ ᠯᠦᠩ ᠲᠡᠷᠡ ᠳᠠᠷᠤᠢ ᠳᠤ ᠨᠢ ᠰᠤᠳᠤᠯᠤᠨ ᠮᠠᠭᠠᠳᠯᠠᠬᠤ ᠠᠵᠢᠯ ᠢ ᠥᠷᠨᠢᠭᠦᠯᠵᠦ᠂ ᠬᠠᠭᠠᠰ ᠵᠢᠯ ᠤᠨ ᠰᠢᠷᠭᠠᠭᠤ ᠬᠠᠲᠠᠭᠤᠵᠢᠯᠲᠠᠢ ᠠᠵᠢᠯ ᠢ ᠥᠩᠭᠡᠷᠡᠭᠡᠭᠡᠳ᠂ ᠡᠴᠦᠰ ᠲᠤ ᠪᠠᠨ ᠶᠡᠭᠡ ᠬᠡᠮᠵᠢᠶᠡᠨ ᠤ ᠲᠤᠭ᠎ᠠ ᠪᠠᠷᠢᠮᠲᠠ ᠠᠴᠠ ᠤᠯᠠ ᠮᠥᠷ ᠢ ᠨᠢ ᠣᠯᠵᠤ ᠮᠡᠳᠡᠵᠡᠢ᠃ ᠡᠨᠡ ᠬᠦ ᠰᠡᠷᠭᠡᠭ ᠮᠡᠳᠡᠭᠡ ᠵᠠᠩᠭᠢ ᠶᠢ ᠣᠯᠤᠭᠰᠠᠨ ᠤ ᠳᠠᠷᠠᠭ᠎ᠠ᠂ ᠰᠢᠶᠤᠤ ᠲᠧᠩ ᠯᠦᠩ ᠦᠷᠭᠦᠯᠵᠢᠯᠡᠨ ᠭᠦᠨ ᠠᠭᠤᠳᠠᠯᠤᠨ ᠰᠤᠳᠤᠯᠵᠤ ᠮᠠᠭᠠᠳᠯᠠᠭᠠᠳ᠂ ᠨᠢᠭᠡ ᠬᠦᠮᠦᠨ ᠤ ᠳᠦᠷᠢ ᠳᠥᠷᠬᠦ ᠨᠢ ᠬᠠᠲᠠᠭᠤᠵᠢᠯᠲᠠᠶ ᠡᠷᠢᠵᠦ ᠪᠠᠶᠢᠭᠰᠠᠨ ᠯᠢᠦ ᠣᠪᠣᠭᠲᠤ ᠲᠠᠢ ᠳᠡᠭᠡᠳᠦ ᠬᠡᠮᠵᠢᠶ᠎ᠡ ᠪᠠᠷ ᠠᠳᠠᠯᠢᠪᠲᠤᠷ ᠪᠠᠶᠢᠬᠤ ᠶᠢ ᠢᠯᠡᠷᠡᠭᠦᠯᠪᠡ᠃ ᠭᠡᠲᠡᠯ᠎ᠡ ᠡᠨᠡ ᠬᠥᠮᠦᠨ ᠨᠢᠭᠡᠨᠲᠡ ᠨᠢᠭᠤᠴᠠ ᠪᠠᠷ ᠮᠠᠯᠠᠶᠢᠰᠢᠶ᠎ᠠ ᠳᠤ ᠬᠤᠯᠠᠭᠤᠨ ᠬᠦᠷᠪᠡ᠃ ᠤᠯᠠᠮ ᠨᠢᠭᠡ ᠠᠯᠬᠤᠮ ᠨᠠᠷᠢᠨ ᠨᠢᠮᠪᠠᠶ ᠲᠤᠷᠰᠢᠨ ᠪᠠᠶᠢᠴᠠᠭᠠᠬᠤ ᠪᠠᠷ ᠳᠡᠮᠵᠢᠨ᠂ ᠲᠣᠰ ᠬᠥᠮᠦᠨ ᠤ ᠬᠢᠭᠰᠡᠨ ᠬᠠᠭᠤᠷᠮᠠᠭ ᠫᠠᠰᠫᠣᠷᠲ ᠤᠨ ᠲᠥᠷᠥᠭᠰᠡᠨ ᠡᠳᠦᠷ ᠬᠤᠭᠤᠴᠠᠭ᠎ᠠ ᠨᠢ ᠯᠢᠦ ᠣᠪᠣᠭᠲᠤ ᠶᠢᠨ ᠲᠥᠷᠥᠭᠰᠡᠨ ᠡᠳᠦᠷ ᠤᠨ ᠪᠠᠶᠠᠷ ᠲᠠᠢ ᠠᠳᠠᠯᠢ ᠪᠠᠶᠢᠬᠤ ᠶᠢ ᠰᠢᠶᠤᠤ ᠲᠧᠩ ᠯᠦᠩ ᠣᠯᠵᠤ ᠮᠡᠳᠡᠪᠡ᠃ ᠡᠨᠡ ᠨᠢ ᠲᠤᠰᠬᠠᠶ ᠬᠡᠷᠡᠭ ᠤᠨ ᠴᠠᠭᠳᠠᠭ᠎ᠠ ᠳᠤ ᠬᠡᠷᠡᠭ ᠢ ᠳᠡᠩᠨᠡᠨ ᠢᠯᠡᠷᠡᠭᠦᠯᠬᠦ ᠥᠷ ᠤᠨ ᠲᠤᠶᠠᠭ᠎ᠠ ᠶᠢ ᠳᠠᠬᠢᠨᠲᠠ ᠬᠠᠷᠠᠭᠤᠯᠵᠠᠶ᠃ ᠤᠯᠠᠮ ᠨᠢᠭᠡ ᠠᠯᠬᠤᠮ ᠠᠵᠢᠯᠯᠠᠬᠤ ᠪᠠᠷ ᠳᠡᠮᠵᠢᠨ᠂ ᠲᠤᠰᠬᠠᠶ ᠬᠡᠷᠡᠭ ᠤᠨ ᠳᠤᠭᠤᠶᠢᠯᠠᠩ ᠤᠨ ᠬᠢᠨ ᠯᠢᠦ ᠣᠪᠣᠭᠲᠤ ᠶᠢᠨ ᠣᠨᠣᠪᠴᠢᠲᠠᠶ ᠬᠠᠶ᠋ᠢᠭ ᠢ ᠠᠮᠵᠢᠯᠲᠠᠲᠠᠶ ᠲᠣᠭᠲᠠᠭᠠᠵᠤ᠂ ᠳᠠᠪᠬᠤᠷ ᠳᠠᠪᠬᠤᠷ ᠬᠠᠷᠰᠢ ᠰᠠᠭᠠᠳ ᠢ ᠢᠯᠠᠨ ᠳᠠᠪᠠᠵᠤ᠂ ᠡᠴᠦᠰ ᠲᠤ ᠪᠠᠨ 21 ᠵᠢᠯ ᠤᠷᠭᠤᠨ ᠳᠤᠲᠠᠭᠠᠭᠰᠠᠨ ᠬᠠᠷ᠎ᠠ ᠪᠦᠯᠦᠭ ᠲᠤ ᠬᠤᠯᠪᠣᠭᠳᠠᠭᠰᠠᠨ ᠠᠮᠢᠨ ᠬᠡᠷᠡᠭ ᠤᠨ ᠣᠷᠭᠤᠳᠠᠭᠤᠯ ᠶᠠᠯᠠᠲᠠᠨ ᠯᠢᠦ ᠣᠪᠣᠭᠲᠤ ᠶᠢ ᠮᠠᠯᠠᠶᠢᠰᠢᠶ᠎ᠠ ᠶᠢᠨ ᠺᠦᠸᠠᠯᠠ ᠯᠦᠮᠫᠦ᠋ᠷ ᠠᠴᠠ ᠪᠠᠷᠢᠵᠤ ᠠᠪᠤᠭᠠᠳ ᠤᠯᠤᠰ ᠲᠤ ᠪᠠᠨ ᠠᠪᠴᠢᠷᠠᠪᠠ᠃    2017 ᠣᠨ ᠳᠤ᠂ ᠲᠦᠩᠯᠢᠶᠣᠤ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠠᠭᠳᠠᠭᠠᠨ ᠤ ᠬᠦᠴᠦᠨ ᠢ ᠰᠢᠯᠢᠳᠡᠭᠴᠢᠯᠡᠨ ᠲᠠᠲᠠᠵᠤ᠂ ᠶᠠᠮᠤᠨ ᠤ ᠬᠢᠨᠠᠨ ᠪᠠᠶᠢᠴᠠᠭᠠᠭᠴᠢ ᠶᠢᠨ ᠬᠢᠯᠢ ᠠᠯᠤᠰᠯᠠᠭᠰᠠᠨ ᠰᠦᠯᠵᠢᠶ᠎ᠡ ᠪᠠᠷ ᠵᠣᠭᠤᠰ ᠮᠥᠷᠦ᠋ᠢᠴᠡᠬᠦ ᠲᠤᠰᠬᠠᠢ ᠬᠡᠷᠡᠭ ᠢ ᠪᠦᠬᠦ ᠬᠦᠴᠦᠨ ᠢᠶᠠᠷ ᠢᠶᠠᠨ ᠳᠡᠩᠨᠡᠨ ᠰᠢᠢᠳᠪᠦᠷᠢᠯᠡᠪᠡ᠃ ᠳᠤᠰ ᠬᠡᠷᠡᠭ ᠤᠨ ᠬᠡᠷᠡᠭ ᠲᠤ ᠬᠤᠯᠪᠣᠭᠳᠠᠭᠰᠠᠨ ᠦᠷᠳᠡᠭ ᠨᠢ 3.6 ᠳ᠋ᠦᠩᠰᠢᠭᠤᠷ ᠲᠥᠭᠦᠷᠢᠭ ᠢ ᠳᠠᠪᠠᠵᠤ᠂ ᠰᠦᠯᠵᠢᠶᠡᠨ ᠤ ᠦᠢᠯᠡᠴᠢᠯᠡᠭᠦᠷ ᠢ ᠬᠢᠯᠢ ᠶᠢᠨ ᠭᠠᠳᠠᠨ᠎ᠠ ᠤᠭᠰᠠᠷᠠᠵᠤ᠂ ᠬᠡᠷᠡᠭ ᠲᠤ ᠬᠤᠯᠪᠣᠭᠳᠠᠭᠰᠠᠨ ᠬᠥᠮᠦᠰ ᠪᠦᠬᠦ ᠤᠯᠤᠰ ᠤᠨ 14 ᠮᠤᠵᠢ ᠬᠤᠳᠠ ᠳᠤ ᠲᠦᠭᠡᠵᠦ᠂ ᠳᠡᠩᠨᠡᠨ ᠰᠢᠢᠳᠪᠦᠷᠢᠯᠡᠬᠦ ᠳᠤ ᠮᠠᠰᠢ ᠬᠦᠴᠢᠷᠳᠡᠯᠳᠡᠢ ᠪᠠᠶᠢᠯ᠎ᠠ᠃ ᠮᠡᠷᠭᠡᠵᠢᠯ ᠤᠨ ᠭᠤᠣᠯᠯᠠᠭᠴᠢ ᠪᠣᠯᠤᠭᠰᠠᠨ ᠤ ᠬᠤᠪᠢ ᠳᠤ᠂ ᠰᠢᠶᠤᠤ ᠲᠧᠩ ᠯᠦᠩ ᠢ ᠲᠤᠰᠬᠠᠢ ᠬᠡᠷᠡᠭ ᠤᠨ ᠳᠤᠭᠤᠶᠢᠯᠠᠩ ᠳᠤ ᠰᠢᠯᠵᠢᠭᠦᠯᠦᠨ ᠠᠪᠴᠢᠷᠠᠵᠤ ᠲᠤᠭ᠎ᠠ ᠪᠠᠷᠢᠮᠲᠠ ᠶᠢ ᠰᠤᠳᠤᠯᠤᠨ ᠮᠠᠭᠠᠳᠯᠠᠬᠤ ᠠᠵᠢᠯ ᠢ ᠬᠠᠷᠢᠭᠤᠴᠠᠭᠤᠯᠵᠠᠢ᠃ ᠲᠡᠷᠡ ᠬᠡᠳᠦᠨ ᠠᠷᠪᠠᠨ ᠡᠳᠦᠷ ᠵᠠᠯᠭᠠᠭ᠎ᠠ ᠪᠠᠷ ᠪᠠᠶᠢᠯᠳᠤᠵᠤ᠂ ᠡᠳᠦᠷ ᠪᠦᠷᠢ 10 ᠭᠠᠷᠤᠶ ᠴᠠᠭ ᠠᠵᠢᠯᠯᠠᠨ᠂ ᠭᠤᠷᠪᠠᠨᠲᠠ ᠶᠦᠨᠨᠠᠨ ᠤ ᠰᠢᠱᠤᠸᠠᠩᠪᠠᠨᠨᠠ ᠳᠤ ᠬᠦᠷᠴᠦ᠂ ᠠᠵᠢᠯᠲᠠᠨ ᠤ ᠬᠡᠯᠬᠢᠶ᠎ᠡ ᠪᠠ ᠪᠡᠯᠡ ᠮᠥᠩᠭᠦᠨ ᠤ ᠬᠡᠯᠬᠢᠶ᠎ᠡ ᠶᠢᠨ ᠱᠤᠭᠤᠮ ᠤᠨ ᠲᠣᠭᠤᠷᠢᠨ ᠳᠤ᠂ ᠭᠤᠣᠯᠳᠠᠯᠭ᠎ᠠ ᠲᠠᠢ ᠠᠵᠢᠯᠲᠠᠨ ᠤ ᠰᠦᠯᠵᠢᠶᠡᠨ ᠳᠤ ᠬᠤᠯᠪᠣᠭᠳᠠᠭᠰᠠᠨ ᠰᠦᠪᠡᠭᠴᠢ ᠶᠢ 10 ᠲᠦᠮᠡ ᠭᠠᠷᠤᠶ ᠰᠤᠳᠤᠯᠤᠨ ᠮᠠᠭᠠᠳᠯᠠᠵᠤ ᠵᠠᠳᠠᠯᠤᠨ ᠰᠢᠨᠵᠢᠯᠡᠵᠦ᠂ ᠡᠭᠦᠨ ᠤ ᠳᠤᠮᠳᠠ ᠠᠴᠠ 200 ᠭᠠᠷᠤᠶ ᠬᠠᠭᠤᠷᠮᠠᠭ ᠪᠡᠶ᠎ᠡ ᠶᠢᠨ ᠭᠠᠷᠤᠯ ᠢ ᠰᠣᠩᠭᠤᠨ ᠭᠠᠷᠭᠠᠵᠤ᠂ ᠵᠣᠭᠤᠰ ᠮᠦᠷᠦᠶᠢᠴᠡᠬᠦ ᠰᠦᠯᠵᠢᠶᠡᠨ ᠥᠷᠲᠡᠭᠡᠨ ᠤ ᠠᠵᠢᠯᠲᠠᠨ ᠤ ᠸᠢᠴᠠᠲ᠂ QQ ᠨᠤᠮᠧᠷ 66 ᠪᠠᠶᠢᠵᠤ᠂ ᠪᠥᠬᠦ ᠤᠯᠤᠰ ᠤᠨ ᠣᠷᠣᠯᠠᠭᠴᠢ 161 ᠬᠥᠮᠦᠨ ᠪᠠᠶᠢᠪᠠ᠃ ᠢᠯᠠᠩᠭᠤᠶ᠎ᠠ ᠡᠭᠦᠨ ᠤ ᠳᠣᠲᠣᠷ᠎ᠠ ᠠᠴᠠ ᠰᠦᠯᠵᠢᠶᠡᠨ ᠳᠡᠭᠡᠷᠡᠬᠢ ᠵᠣᠭᠤᠰ ᠮᠦᠷᠦᠶᠢᠴᠡᠬᠦ ᠰᠦᠯᠵᠢᠶᠡᠨ ᠥᠷᠲᠡᠭᠡᠨ ᠤ ᠠᠵᠢᠯᠯᠠᠭᠤᠯᠵᠤ ᠬᠠᠮᠠᠭᠠᠯᠠᠬᠤ ᠪᠦᠯᠬᠦᠮ ᠤᠨ ᠭᠤᠤᠯᠳᠠᠯᠭ᠎ᠠ ᠲᠠᠢ ᠠᠵᠢᠯᠲᠠᠨ ᠤ ᠦᠨᠡᠨ ᠪᠡᠶ᠎ᠡ ᠶᠢᠨ ᠬᠡᠮ᠂ ᠠᠵᠢᠯᠯᠠᠭ᠎ᠠ ᠬᠢᠬᠦ ᠭᠠᠵᠠᠷ ᠪᠠ ᠬᠡᠷᠡᠭ ᠲᠤ ᠬᠤᠯᠪᠣᠭᠳᠠᠭᠰᠠᠨ ᠵᠣᠭᠤᠰ ᠮᠦᠷᠦᠶᠢᠴᠡᠬᠦ ᠲᠠᠯᠠᠪᠤᠷ ᠤᠨ ᠪᠣᠳᠠᠲᠠᠶ ᠣᠷᠣᠨ ᠪᠠᠶᠢᠷᠢ᠂ ᠵᠣᠬᠢᠶᠠᠨ ᠪᠠᠶᠢᠭᠤᠯᠤᠯᠲᠠ ᠶᠢᠨ ᠪᠦᠲᠦᠴᠡ᠂ ᠠᠵᠢᠯᠲᠠᠨ ᠤ ᠪᠠᠶᠢᠳᠠᠯ ᠢ ᠲᠣᠳᠣᠷᠬᠠᠶ ᠲᠣᠭᠲᠠᠭᠠᠵᠤ᠂ ᠲᠤᠰᠬᠠᠶ ᠬᠡᠷᠡᠭ ᠤᠨ ᠳᠤᠭᠤᠶᠢᠯᠠᠩ ᠤᠨ ᠡᠴᠦᠰ ᠲᠤ ᠪᠠᠨ ᠰᠡᠵᠢᠭᠳᠡᠢ ᠡᠳᠡᠭᠡᠳ ᠢ ᠪᠠᠷᠢᠪᠴᠢᠯᠠᠬᠤ ᠳᠤ ᠵᠠᠩᠭᠢᠯᠠᠭ᠎ᠠ ᠶᠢᠨ ᠭᠤᠭᠴᠤᠭ᠎ᠠ ᠶᠢ ᠨᠡᠪᠲᠡᠷᠡᠭᠦᠯᠵᠡᠶ᠃ 2019 ᠣᠨ ᠳᠤ᠂ ᠹᠠᠨ ᠣᠪᠣᠭᠲᠤ ᠵᠡᠷᠭᠡ ᠬᠥᠮᠦᠰ ᠲᠦᠩᠯᠢᠶᠣᠤ ᠬᠤᠲᠠ ᠶᠢᠨ ᠨᠡᠭᠡᠭᠡᠯᠲᠡ ᠶᠢᠨ ᠲᠣᠭᠤᠷᠢᠭ ᠤᠨ ᠨᠢᠭᠡᠨ ᠵᠢᠵᠢᠭ ᠲᠣᠭᠤᠷᠢᠭ ᠲᠤ ᠨᠢᠭᠤᠴᠠ ᠪᠠᠷ ᠡᠵᠡᠩᠨᠡᠯᠲᠡ ᠶᠢᠨ ᠦᠨᠡᠮᠯᠡᠯ ᠥᠬᠡᠶ ᠵᠢᠰᠦ ᠭᠤᠶᠣᠯᠠᠬᠤ ᠭᠠᠵᠠᠷ ᠭᠠᠷᠭᠠᠵᠤ᠂ ᠬᠤᠳᠠᠯᠳᠤᠨ ᠠᠪᠤᠭᠴᠢᠳ ᠲᠤ ᠬᠢᠨᠠᠨ ᠵᠥᠪᠰᠢᠶᠡᠷᠡᠭᠦᠯᠦᠭᠰᠡᠨ ᠥᠬᠡᠶ ᠭᠠᠳᠠᠭᠠᠳᠤ ᠠᠴᠠ ᠣᠷᠣᠭᠤᠯᠤᠭᠰᠠᠨ ᠡᠮ ᠤᠨ ᠵᠦᠢᠯ ᠢ ᠬᠡᠷᠡᠭᠯᠡᠭᠦᠯᠵᠦ᠂ ᠮᠠᠰᠢ ᠣᠯᠠᠨ ᠬᠤᠳᠠᠯᠳᠤᠨ ᠠᠪᠤᠭᠴᠢ ᠬᠡᠷᠡᠭᠯᠡᠭᠰᠡᠨ ᠤ ᠳᠠᠷᠠᠭ᠎ᠠ ᠮᠠᠭᠤ ᠨᠥᠯᠥᠭᠡ ᠭᠠᠷᠴᠤ᠂ ᠳᠠᠷᠠᠭ᠎ᠠ ᠨᠢ ᠴᠠᠭᠳᠠᠭ᠎ᠠ ᠳᠤ ᠮᠡᠳᠡᠭᠦᠯᠵᠡᠶ᠃ ᠡᠮ ᠤᠨ ᠵᠦᠢᠯ ᠤᠨ ᠢᠷᠡᠯᠲᠡ ᠶᠢ ᠪᠠᠶᠢᠴᠠᠭᠠᠨ ᠳᠣᠲᠣᠯᠠᠬᠤ ᠶᠢᠨ ᠲᠥᠯᠥᠭᠡ᠂ ᠲᠣᠰ ᠬᠡᠷᠡᠭ ᠢ ᠰᠢᠢᠳᠪᠦᠷᠢᠯᠡᠬᠦ ᠪᠠᠷ ᠭᠥᠯᠢᠶᠡᠨ ᠠᠪᠤᠭᠰᠠᠨ ᠨᠡᠭᠡᠭᠡᠨ ᠬᠥᠭᠵᠢᠭᠦᠯᠬᠦ ᠣᠷᠣᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠠᠴᠠ ᠲᠣᠰ ᠬᠡᠷᠡᠭ ᠢ ᠲᠤᠬᠠᠶ ᠶᠢᠨ ᠦᠶ᠎ᠡ ᠶᠢᠨ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ ᠰᠠᠯᠪᠤᠷᠢ ᠠᠩᠭᠢ ᠶᠢᠨ ᠠᠷᠠᠳ ᠤᠨ ᠴᠠᠭᠳᠠᠭ᠎ᠠ ᠰᠢᠶᠤᠤ ᠲᠧᠩ ᠯᠦᠩ ᠤᠨ ᠭᠠᠷ ᠲᠤ ᠲᠤᠰᠢᠶᠠᠵᠠᠶ᠃ ᠰᠢᠶᠤᠤ ᠲᠧᠩ ᠯᠦᠩ ᠰᠠᠷ᠎ᠠ ᠭᠠᠷᠤᠶ ᠶᠢᠨ ᠲᠤᠷᠰᠢᠨ ᠪᠠᠶᠢᠴᠠᠭᠠᠯᠲᠠ ᠪᠠᠷ ᠳᠡᠮᠵᠢᠨ᠂ ᠡᠮ ᠤᠨ ᠵᠦᠢᠯ ᠨᠢ ᠤᠷᠢᠳ ᠬᠤᠵᠢᠳ 4 ᠡᠪᠰᠡᠯ ᠪᠦᠯᠦᠭ ᠢᠶᠠᠷ ᠳᠡᠮᠵᠢᠨ᠂ ᠡᠴᠦᠰ ᠲᠤ ᠪᠠᠨ ᠺᠣᠷᠢᠶᠠ ᠠᠴᠠ ᠢᠷᠡᠯᠲᠡᠶ ᠪᠠᠶᠢᠵᠤ᠂ ᠲᠡᠯᠡᠶ ᠶᠢᠨ ᠲᠡᠭᠡᠭᠡᠪᠦᠷᠢ ᠪᠠᠷ ᠳᠡᠮᠵᠢᠨ ᠤᠯᠤᠰ ᠤᠨ ᠳᠣᠲᠣᠭᠠᠳᠤ ᠳᠤ ᠨᠢᠭᠤᠴᠠ ᠪᠠᠷ ᠠᠷᠠᠯᠵᠢᠶᠠᠯᠠᠭᠰᠠᠨ ᠢ ᠲᠣᠳᠤᠯᠠᠪᠠ᠃ ᠨᠡᠭᠡᠭᠡᠨ ᠬᠥᠭᠵᠢᠭᠦᠯᠬᠦ ᠣᠷᠣᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠰᠢᠶᠤᠤ ᠲᠧᠩ ᠯᠦᠩ ᠤᠨ ᠬᠠᠩᠭᠠᠭᠰᠠᠨ ᠰᠦᠪᠡᠭᠴᠢ ᠶᠢ ᠦᠨᠳᠦᠰᠦᠯᠡᠨ᠂ ᠪᠥᠬᠦ ᠤᠯᠤᠰ ᠤᠨ ᠲᠠᠪᠤᠨ ᠮᠤᠵᠢ ᠵᠢᠷᠭᠤᠭᠠᠨ ᠭᠠᠵᠠᠷ ᠠᠴᠠ 20 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ ᠬᠠᠷ᠎ᠠ ᠵᠢᠰᠦ ᠭᠤᠶᠣᠯᠠᠬᠤ ᠭᠠᠵᠠᠷ ᠢ 6 ᠰᠦᠢᠷᠡᠭᠦᠯᠵᠦ᠂ 6 ᠬᠥᠮᠥᠷᠭᠡ ᠶᠢ ᠪᠠᠶᠢᠴᠠᠭᠠᠨ ᠪᠢᠲᠡᠭᠦᠮᠵᠢᠯᠡᠵᠦ᠂ ᠡᠯ᠎ᠡ ᠲᠥᠷᠥᠯ ᠤᠨ ᠬᠠᠭᠤᠷᠮᠠᠭ ᠵᠢᠰᠦ ᠭᠤᠶᠣᠯᠠᠬᠤ ᠡᠮ ᠤᠨ ᠵᠦᠢᠯ ᠢ 2.3 ᠲᠦᠮᠡ ᠭᠠᠷᠤᠶ ᠪᠠᠶᠢᠴᠠᠭᠠᠨ ᠭᠠᠷᠭᠠᠵᠤ᠂ ᠬᠡᠷᠡᠭ ᠲᠤ ᠬᠤᠯᠪᠣᠭᠳᠠᠭᠰᠠᠨ 1700 ᠲᠦᠮᠡᠨ ᠲᠥᠭᠦᠷᠢᠭ ᠤᠨ ᠪᠠᠯᠠ ᠮᠥᠩᠭᠦ ᠶᠢ ᠬᠤᠷᠢᠶᠠᠮᠵᠢᠯᠠᠵᠤ᠂ ᠲᠣᠰ ᠬᠡᠷᠡᠭ ᠢ ᠳᠣᠲᠣᠭᠠᠳᠤ ᠶᠢ ᠬᠠᠮᠠᠭᠠᠯᠠᠬᠤ ᠶᠠᠮᠤᠨ 2019 ᠣᠨ ᠤ ᠪᠥᠬᠦ ᠤᠯᠤᠰ ᠤᠨ ︽ᠺᠦᠨᠯᠦ᠋ᠨ ᠠᠵᠢᠯᠯᠠᠭ᠎ᠠ︾ ᠶᠢᠨ ᠰᠣᠳᠣᠨ ᠬᠡᠷᠡᠭ ᠢᠶᠠᠷ ᠵᠢᠭᠰᠠᠭᠠᠭᠳᠠᠪᠠ᠃     2022 ᠣᠨ ᠳᠤ᠂ ᠰᠢᠶᠤᠤ ᠲᠧᠩ ᠯᠦᠩ ᠮᠡᠷᠭᠡᠵᠢᠯ ᠤᠨ ᠬᠤᠰᠢᠭᠤᠴᠢ ᠪᠣᠯᠤᠭᠰᠠᠨ ᠤ ᠬᠤᠪᠢ ᠳᠤ᠂ ᠬᠤᠷᠴᠢᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠲᠠᠢ ᠬᠠᠮᠵᠢᠯᠴᠠᠨ ᠶᠠᠮᠤᠨ ᠤ ᠱᠠᠭᠠᠷᠳᠠᠨ ᠰᠢᠢᠳᠪᠦᠷᠢᠯᠡᠭᠦᠯᠦᠭᠰᠡᠨ ᠣᠨᠴᠠ ᠶᠡᠭᠡ ᠴᠠᠬᠢᠯᠭᠠᠨ ᠬᠤᠯᠪᠣᠭ᠎ᠠ ᠪᠠᠷ ᠮᠡᠬᠡᠯᠡᠭᠰᠡᠨ ᠬᠡᠷᠡᠭ᠂ ᠴᠢᠬᠤᠯᠠ ᠶᠡᠭᠡ ᠬᠢᠯᠢ ᠠᠯᠤᠰᠯᠠᠭᠰᠠᠨ ᠰᠦᠯᠵᠢᠶ᠎ᠡ ᠪᠠᠷ ᠵᠣᠭᠤᠰ ᠮᠦᠷᠦᠶᠢᠴᠡᠭᠰᠡᠨ ᠬᠡᠷᠡᠭ ᠢ ᠳᠡᠩᠨᠡᠨ ᠢᠯᠡᠷᠡᠭᠦᠯᠵᠦ᠂ ᠤᠯᠤᠰ ᠤᠨ ᠳᠣᠲᠣᠭᠠᠳᠤ ᠶᠢᠨ ᠶᠡᠷᠦᠩᠬᠡᠶ ᠬᠠᠷᠢᠭᠤᠴᠠᠯᠭᠠᠲᠠᠨ ᠢ ᠪᠠᠭᠲᠠᠭᠠᠭᠰᠠᠨ ᠲᠤᠰ ᠶᠠᠯᠠᠲᠤ ᠪᠦᠯᠬᠦᠮ ᠤᠨ 70 ᠬᠦᠮᠦᠨ ᠢ ᠪᠠᠷᠢᠪᠴᠢᠯᠠᠵᠤ᠂ ᠺᠠᠷᠲ ᠤᠨ ᠬᠤᠳᠠᠯᠳᠤᠭᠠᠴᠢᠨ ᠤ 3 ᠪᠦᠯᠬᠦᠮ᠂ 5 ᠬᠤᠪᠢᠶᠠᠷᠢ ᠪᠦᠯᠬᠦᠮ᠂ 5 ᠮᠠᠰᠢᠨ ᠲᠡᠷᠭᠡᠴᠢᠨ ᠤ ᠪᠦᠯᠬᠦᠮ ᠢ ᠠᠮᠵᠢᠯᠲᠠ ᠲᠠᠢ ᠪᠠᠷ ᠴᠣᠬᠢᠨ ᠰᠦᠢᠷᠡᠭᠦᠯᠵᠦ᠂ ᠬᠡᠷᠡᠭ ᠲᠤ ᠬᠤᠯᠪᠣᠭᠳᠠᠭᠰᠠᠨ ᠪᠠᠩᠬᠢ ᠶᠢᠨ ᠺᠠᠷᠲ 700 ᠭᠠᠷᠤᠶ᠂ 200 ᠭᠠᠷᠤᠶ ᠭᠠᠷ ᠤᠲᠠᠰᠤᠨ ᠤ ᠺᠠᠷᠲ ᠢ ᠪᠠᠶᠢᠴᠠᠭᠠᠨ ᠬᠤᠷᠢᠶᠠᠵᠤ᠂ ᠬᠡᠷᠡᠭ ᠲᠤ ᠬᠤᠯᠪᠣᠭᠳᠠᠭᠰᠠᠨ ᠪᠡᠯᠡᠨ ᠵᠣᠭᠤᠰ 200 ᠭᠠᠷᠤᠶ ᠲᠦᠮᠡᠨ ᠲᠥᠭᠦᠷᠢᠭ᠂ ᠰᠢᠵᠢᠷ ᠠᠯᠲᠠ 10 ᠺᠢᠯᠣᠭ᠍ᠷᠠᠮ ︵ᠥᠷᠲᠡᠭ ᠨᠢ 410 ᠲᠦᠮᠡᠨ ᠲᠥᠭᠦᠷᠢᠭ︶᠂ ᠬᠤᠪᠢ ᠣᠯᠤᠭᠰᠠᠨ ᠪᠦᠯᠬᠦᠮ ᠤᠨ ᠬᠡᠷᠡᠭ ᠲᠤ ᠬᠤᠯᠪᠣᠭᠳᠠᠭᠰᠠᠨ ᠪᠠᠯᠠ ᠮᠥᠩᠭᠦ 8 ᠳ᠋ᠦᠩᠰᠢᠭᠤᠷ ᠲᠥᠭᠦᠷᠢᠭ ᠢ ᠳᠠᠪᠠᠵᠤ᠂ ᠮᠠᠰᠢᠨ ᠲᠡᠷᠭᠡᠴᠢᠨ ᠤ ᠪᠦᠯᠬᠦᠮ ᠤᠨ ᠭᠠᠷᠭᠠᠨ ᠠᠪᠤᠭᠰᠠᠨ ᠪᠡᠯᠡᠨ ᠵᠣᠭᠤᠰ ᠤᠨ ᠲᠤᠭ᠎ᠠ 5000 ᠭᠠᠷᠤᠶ ᠲᠦᠮᠡᠨ ᠲᠥᠭᠦᠷᠢᠭ ᠢ ᠳᠠᠪᠠᠵᠠᠶ᠃  
ᠢᠷᠡᠯᠲᠡ᠄ ᠲᠥᠩᠯᠢᠶᠤᠤ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ