ᠰᠡᠳᠬᠢᠯ ᠳᠤ ᠪᠠᠨ ᠶᠡᠷᠦ ᠨᠢ ᠪᠤᠰᠤᠳ ᠢ ᠪᠤᠳᠤᠯᠬᠢᠯᠠᠳᠠᠭ ᠰᠠᠶᠢᠨ ᠴᠠᠭᠳᠠᠭ᠎ᠠ — ᠬᠥ᠋ ᠶᠦᠩ ᠯᠧ
ᠨᠡᠶᠢᠲᠡᠯᠡᠭᠰᠡᠨ ᠴᠠᠭ᠄
2023/11/7
    ᠠᠵᠢᠯᠯᠠᠬᠤ ᠴᠠᠭ ᠠᠴᠠ ᠭᠠᠳᠠᠨ᠎ᠠ ᠮᠡᠳᠡᠭᠦᠯᠦᠨ ᠵᠥᠪᠰᠢᠶᠡᠷᠡᠭᠦᠯᠬᠦ ᠮᠠᠲ᠋ᠧᠷᠢᠶᠠᠯ ᠢ ᠡᠮᠬᠢᠯᠡᠵᠦ᠂ 16 ᠴᠠᠭ ᠲᠤ ᠵᠣᠬᠢᠶᠠᠨ ᠪᠠᠶᠢᠭᠤᠯᠬᠤ ᠬᠡᠯᠲᠡᠰ ᠲᠤ ᠬᠦᠷᠴᠦ 131 ᠬᠥᠮᠦᠨ ᠤ ᠵᠡᠷᠭᠡ ᠳᠡᠪᠰᠢᠭᠰᠡᠨ ᠪᠠᠶᠢᠳᠠᠯ ᠢ ᠬᠢᠨᠠᠨ ᠬᠠᠷᠭᠤᠭᠤᠯᠵᠤ᠂ 18 ᠴᠠᠭ 40 ᠮᠢᠨᠦ᠋ᠲ ᠲᠤ ᠪᠥᠬᠦ ᠲᠠᠯ᠎ᠠ ᠶᠢᠨ ᠠᠵᠢᠯ ᠢᠶᠠᠨ ᠳᠠᠭᠤᠰᠬᠠᠵᠤ᠂ ᠭᠤᠶᠣ ᠰᠠᠶᠢᠬᠠᠨ ᠠᠵᠢᠯ ᠢᠶᠠᠨ ᠳᠠᠭᠤᠰᠬᠠᠪᠠ︕ 131 ᠨᠥᠬᠦᠷ ᠤᠨ ᠲᠤᠰᠢᠶᠠᠯ ᠤᠨ ᠳᠡᠰ ᠢ ᠪᠦᠬᠦᠨ ᠢᠶᠠᠷ ᠨᠢ ᠳᠡᠪᠰᠢᠭᠦᠯᠵᠦ᠂ ᠴᠠᠯᠢᠩ ᠢ ᠨᠢ ᠴᠦ ᠬᠢᠨᠠᠨ ᠲᠣᠭᠲᠠᠭᠠᠵᠤ ᠳᠠᠭᠤᠰᠬᠠᠪᠠ᠃ ᠭᠤᠶᠣ︕ ᠲᠡᠭᠦᠰ ᠰᠠᠶᠢᠬᠠᠨ︕︾ ᠁ ᠤᠯᠠᠭᠠᠨᠴᠠᠪ ᠬᠤᠳᠠ ᠶᠢᠨ ᠱᠠᠩᠳᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠷᠠᠳ ᠤᠨ ᠴᠠᠭᠳᠠᠭ᠎ᠠ ᠬᠦ᠋ ᠶᠦᠩ ᠯᠧ ᠶᠢᠨ ᠠᠯᠪᠠᠨ ᠰᠢᠷᠡᠭᠡᠨ ᠳᠡᠭᠡᠷ᠎ᠡ᠂ ᠡᠶᠢᠮᠦ ᠠᠵᠢᠯ ᠤᠨ ᠡᠳᠦᠷ ᠤᠨ ᠲᠡᠮᠳᠡᠭᠯᠡᠯ ᠲᠠᠢ 20 ᠭᠠᠷᠤᠢ ᠳᠡᠪᠲᠡᠷ ᠪᠠᠶᠢᠯ᠎ᠠ᠃ ᠭᠡᠪᠡᠴᠦ ᠲᠡᠭᠦᠨ ᠤ ᠡᠳᠦᠷ ᠤᠨ ᠲᠡᠮᠳᠡᠭᠯᠡᠯ ᠤᠨ ᠴᠠᠭ ᠨᠢ 2022 ᠣᠨ ᠤ 3 ᠳ᠋ᠤᠭᠠᠷ ᠰᠠᠷ᠎ᠠ ᠶᠢᠨ 12 ᠤᠨ ᠡᠳᠦᠷ ᠲᠣᠭᠲᠠᠵᠠᠢ᠃ ᠶᠠᠭ ᠲᠡᠷᠡ ᠡᠳᠦᠷ᠂ ᠳᠥᠴᠢᠨ ᠨᠠᠢᠮᠠᠬᠠᠨ ᠨᠠᠰᠤᠲᠠᠶ ᠬᠥ᠋ ᠶᠦᠩ ᠯᠧ ᠪᠡᠶᠡᠯᠡᠭᠳᠡᠭᠡᠳᠦᠶ ᠦᠢᠯᠡᠰ ᠤᠨ ᠢᠶᠠᠨ ᠲᠥᠯᠥᠭᠡ ᠰᠠᠨᠠᠭᠠᠰᠢᠷᠠᠨ ᠰᠡᠩᠳᠡ ᠮᠡᠩᠳᠡ ᠶᠠᠪᠤᠵᠤ ᠣᠳᠪᠠ ᠁
      微信图片_20230223170258.jpg
     ᠴᠠᠭᠳᠠᠭ᠎ᠠ ᠶᠢᠨ ᠠᠯᠪᠠᠨ ᠳᠤ 24 ᠵᠢᠯ ᠪᠣᠯᠲᠠᠯ᠎ᠠ᠂ ᠭᠦ᠋ ᠶᠦᠩ ᠯᠧ ᠤᠷᠢᠳ ᠬᠤᠵᠢᠳ ᠬᠤᠪᠢ ᠬᠥᠮᠦᠨ ᠤ 3 ᠳᠡᠰ ᠤᠨ ᠭᠠᠪᠢᠶ᠎ᠠ ᠶᠢ 2 ᠤᠳᠠᠭ᠎ᠠ ᠪᠠᠶᠢᠭᠤᠯᠵᠤ᠂ ᠪᠦᠬᠦ ᠬᠤᠳᠠ ᠶᠢᠨ ︽ᠰᠢᠯᠢᠳᠡᠭ ᠠᠷᠠᠳ ᠤᠨ ᠴᠠᠭᠳᠠᠭ᠎ᠠ︾ ᠶᠢ ᠬᠦᠷᠳᠡᠵᠤ᠂ ᠨᠠᠮ ᠤᠨ ᠠᠵᠢᠯ ᠤᠨ ᠰᠢᠯᠢᠳᠡᠭ ᠠᠵᠢᠯᠳᠠᠨ᠂ ᠲᠡᠷᠢᠭᠦᠨ ᠤ ᠬᠤᠪᠢ ᠬᠥᠮᠦᠨ ᠤ ᠢᠷᠠᠭᠤ ᠠᠯᠳᠠᠷ ᠤᠨ ᠴᠣᠯᠠ ᠶᠢ ᠤᠯᠠᠨ ᠤᠳᠠᠭ᠎ᠠ ᠬᠦᠷᠳᠡᠵᠤ᠂ ᠲᠡᠷᠡ ᠨᠢᠭᠡ ᠨᠠᠰᠤᠨ ᠤ ᠤᠶᠤᠨ ᠴᠢᠳᠠᠯ ᠢᠶᠠᠨ ᠥᠪᠡᠷ ᠤᠨ ᠬᠠᠶᠢᠷᠠᠲᠠᠢ ᠳᠣᠲᠣᠭᠠᠳᠤ ᠶᠢ ᠬᠠᠮᠠᠭᠠᠯᠠᠬᠤ ᠦᠢᠯᠡᠰ ᠲᠡᠭᠡᠨ ᠵᠣᠷᠢᠭᠤᠯᠵᠠᠢ᠃     ᠬᠥ᠋ ᠶᠦᠩ ᠯᠧ ᠲᠦᠭᠦᠷᠢᠭ ᠴᠢᠷᠠᠶ ᠲᠠᠢ᠂ ᠫᠠᠭᠳᠠᠭᠠᠷ ᠪᠡᠶ᠎ᠡ ᠲᠠᠢ᠂ ᠴᠢᠷᠠᠶ ᠳᠤ ᠨᠢ ᠦᠷᠭᠦᠯᠵᠢ ᠢᠨᠢᠶᠡᠮᠰᠦᠭᠯᠡᠯ ᠲᠣᠳᠣᠷᠠᠵᠤ᠂ ᠪᠠᠶᠢᠭᠤᠯᠭ᠎ᠠ᠂ ᠤᠳᠤᠷᠢᠳᠤᠯᠭ᠎ᠠ ᠨᠠᠷ ᠲᠡᠭᠦᠨ ᠢ ︽ᠪᠠᠶᠠᠰᠤᠩᠭᠤᠢ︾ ᠭᠡᠵᠦ ᠳᠣᠲᠣᠨᠣᠰᠤᠭ ᠢᠶᠠᠷ ᠳᠠᠭᠤᠳᠠᠳᠠᠭ᠂ ᠵᠠᠯᠠᠭᠤ ᠴᠠᠭᠳᠠᠭ᠎ᠠ ᠨᠠᠷ ᠲᠡᠭᠦᠨ ᠢ ︽ᠪᠠᠶᠠᠰᠤᠩᠭᠤᠢ ᠡᠷᠬᠢᠯᠡᠭᠴᠢ︾ ᠭᠡᠵᠦ ᠳᠠᠭᠤᠳᠠᠬᠤ ᠳᠤᠷᠠᠲᠠᠶ ᠪᠠᠶᠢᠳᠠᠭ᠃     ᠨᠠᠮ ᠤᠨ ᠭᠡᠰᠢᠭᠦᠨ ᠤ ᠲᠡᠷᠢᠭᠦᠨ ᠤ ᠴᠢᠨᠠᠷ ᠤᠨ ᠬᠥᠮᠦᠵᠢᠯ᠂ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾᠂ ᠤᠯᠠᠨ ᠲᠦᠮᠡᠨᠴᠢ ᠱᠤᠭᠤᠮ ᠤᠨ ᠬᠥᠮᠦᠵᠢᠯ᠂ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠵᠡᠷᠭᠡ ᠠᠵᠢᠯ ᠢ ᠭᠦᠨᠵᠡᠭᠡᠶ ᠥᠷᠨᠢᠭᠦᠯᠬᠦ ᠳᠤᠮᠳᠠ᠂ ᠠᠵᠢᠯᠯᠠᠭ᠎ᠠ ᠶᠢ ᠡᠬᠢᠯᠡᠭᠦᠯᠬᠦ ᠠᠴᠠ ᠠᠵᠢᠯ ᠢᠶᠠᠨ ᠠᠬᠢᠭᠤᠯᠬᠤ ᠬᠦᠷᠲᠡᠯ᠎ᠡ᠂ ᠳᠠᠬᠢᠨ ᠳ᠋ᠦᠩᠨᠡᠨ ᠠᠳᠠᠯᠢᠳᠬᠠᠬᠤ ᠬᠦᠷᠲᠡᠯ᠎ᠡ᠂ ᠬᠥ᠋ ᠶᠦᠩ ᠯᠧ ᠴᠥᠮ ᠪᠦᠬᠦ ᠶᠠᠪᠤᠴᠠ ᠳᠤ ᠣᠷᠣᠯᠴᠠᠪᠠ᠃ ᠱᠠᠩᠳᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠯᠠᠨ ᠵᠦᠢᠯ ᠤᠨ ᠠᠵᠢᠯ ᠪᠦᠬᠦ ᠰᠢᠶᠠᠨ ᠤ ᠡᠮᠦᠨ᠎ᠡ ᠡᠩᠨᠡᠭᠡᠨ ᠳᠤ ᠶᠠᠪᠤᠵᠤ᠂ ᠡᠭᠦᠨ ᠤ ᠳᠤᠮᠳᠠ ᠭᠦ᠋ ᠶᠦᠩ ᠯᠧ ᠶᠢᠨ ᠬᠦᠴᠦ ᠬᠥᠯᠥᠰᠥ ᠰᠢᠩᠭᠡᠵᠦ ᠪᠠᠶᠢᠳᠠᠭ᠃     ᠱᠠᠩᠳᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠤᠯᠤᠰ ᠲᠦᠷᠦ ᠶᠢᠨ ᠭᠡᠰᠢᠭᠦᠨ ᠶᠠᠨ ᠫᠸᠢ ᠬᠡᠬᠦᠳᠡᠭ ᠳᠦᠭᠦᠷᠡᠩ ᠡᠮᠭᠡᠨᠢᠯᠲᠡᠶ ᠪᠠᠷ ᠡᠷᠭᠢᠴᠡᠭᠦᠯᠬᠦ ᠳᠤ ᠪᠠᠨ᠄ ︽ᠪᠠᠶᠠᠰᠤᠩᠭᠤᠢ ᠪᠣᠯ ᠮᠢᠨᠦ ᠬᠠᠮᠲᠤ ᠠᠵᠢᠯᠯᠠᠭᠴᠢ ᠪᠣᠯᠬᠤ ᠪᠠᠷ ᠪᠠᠷᠠᠬᠤ ᠦᠭᠡᠢ᠂ ᠨᠡᠩ ᠴᠤ ᠮᠢᠨᠦ ᠰᠠᠶᠢᠨ ᠠᠬ᠎ᠠ ᠳᠡᠭᠦᠦ ᠮᠥᠨ᠂ ᠠᠵᠢᠯ ᠤᠨ ᠲᠠᠯ᠎ᠠ ᠪᠠᠷ ᠬᠡᠯᠡᠬᠦ ᠬᠡᠷᠡᠭ ᠦᠭᠡᠢ᠂ ᠲᠡᠷᠡ ᠪᠠᠶᠢᠭᠰᠠᠨ ᠴᠠᠭ ᠲᠤ ᠪᠢᠳᠡ ᠰᠠᠨᠠᠭ᠎ᠠ ᠠᠮᠤᠷ ᠪᠠᠶᠢᠳᠠᠭ᠃ ᠡᠭᠦᠷᠭᠡ ᠬᠡᠳᠦᠶ ᠬᠦᠨᠳᠦ ᠪᠠᠢᠭᠰᠠᠨ ᠴᠤ ᠲᠡᠷᠡ ᠶᠡᠷᠦ ᠠᠴᠠ ᠭᠤᠮᠣᠳᠠᠵᠤ ᠦᠵᠡᠭᠡ ᠦᠭᠡᠶ᠃ ᠲᠡᠷᠡ ᠪᠠᠶᠠᠰᠤᠩᠭᠤᠶ᠂ ᠢᠳᠡᠪᠬᠢᠲᠡᠶ ᠥᠭᠡᠳᠡᠷᠬᠡᠭ ᠪᠠᠶᠢᠵᠤ᠂ ᠶᠠᠭ ᠯᠠ ᠲᠡᠭᠦᠨ ᠤ ᠨᠡᠷ᠎ᠡ ᠰᠢᠭ ᠬᠡᠵᠢᠶᠡᠳᠡ ᠪᠠᠶᠠᠷ ᠬᠥᠷ ᠲᠠᠢ ᠪᠠᠶᠢᠵᠤ᠂ ᠲᠡᠭᠦᠨ ᠤ ᠪᠠᠶᠢᠭᠰᠠᠨ ᠭᠠᠵᠠᠷ ᠪᠠᠶᠢᠪᠠᠯ ᠳᠠᠷᠤᠶ ᠢᠨᠢᠶᠡᠯᠳᠦᠨ ᠬᠥᠭᠡᠷᠦᠯᠳᠦᠵᠦ᠂ ᠳᠡᠷᠭᠡᠳᠡᠬᠢ ᠬᠥᠮᠦᠨ ᠪᠦᠬᠦᠨ ᠢ ᠨᠥᠯᠥᠭᠡᠯᠡᠨ᠎ᠡ︾ ᠭᠡᠵᠦ ᠬᠡᠯᠡᠪᠡ᠃
 微信图片_20230223170312.jpg 
     ᠤᠯᠤᠰ ᠲᠥᠷᠥ ᠶᠢᠨ ᠠᠵᠢᠯ ᠤᠨ ᠠᠯᠪᠠᠨ ᠭᠡᠷ ᠨᠢ ᠪᠦᠬᠦ ᠲᠤᠪᠴᠢᠶ᠎ᠠ ᠶᠢᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠠᠵᠢᠯᠲᠠᠨ ᠤ ᠶᠠᠪᠤᠳᠠᠯ ᠤᠨ ᠠᠵᠢᠯ ᠢ ᠬᠠᠷᠢᠭᠤᠴᠠᠵᠤ ᠪᠠᠶᠢᠨ᠎ᠠ᠂ 554 ᠠᠷᠠᠳ ᠤᠨ ᠴᠠᠭᠳᠠᠭ᠎ᠠ᠂ ᠬᠠᠪᠰᠤᠷᠤᠭᠴᠢ ᠴᠠᠭᠳᠠᠭ᠎ᠠ ᠶᠢᠨ ᠦᠨᠳᠦᠰᠦᠨ ᠪᠠᠶᠢᠳᠠᠯ ᠢ ᠬᠥ᠋ ᠶᠦᠩ ᠯᠧ ᠠᠮᠠ ᠨᠡᠬᠡᠭᠡᠮᠡᠭᠴᠡ᠂ ᠰᠤᠷᠤᠯᠭ᠎ᠠ ᠶᠢᠨ ᠨᠠᠮᠲᠠᠷ᠂ ᠴᠠᠭᠳᠠᠭ᠎ᠠ ᠶᠢᠨ ᠴᠣᠯᠠ᠂ ᠴᠠᠯᠢᠩ᠂ ᠲᠤᠰᠢᠶᠠᠯ ᠵᠡᠷᠭᠡ ᠬᠤᠪᠢ ᠬᠥᠮᠦᠨ ᠤ ᠮᠡᠳᠡᠭᠡ ᠵᠠᠩᠭᠢ ᠶᠢ ᠴᠡᠭᠡᠵᠢ ᠪᠠᠷ ᠶᠠᠷᠢᠳᠠᠭ᠃ ᠵᠠᠩᠭᠢᠯᠠᠭ᠎ᠠ ᠶᠢᠨ ᠬᠡᠳᠦᠨ ᠠᠷᠪᠠᠨ ᠺᠠᠳ᠋ᠷ ᠤᠨ ᠳ᠋ᠢᠶᠠᠩᠬᠤᠸᠠ ᠶᠢᠨ ᠨᠣᠮᠧᠷ ᠢ ᠡᠷᠢᠬᠦ ᠦᠭᠡᠢ ᠪᠠᠷ ᠠᠮᠠᠨ ᠠᠭᠤᠯᠠ ᠶᠢᠨ ᠠᠮᠠ ᠪᠠᠷ ᠢᠶᠠᠨ ᠶᠠᠷᠢᠴᠢᠬᠠᠳᠠᠭ᠃ ᠬᠥᠮᠦᠨ ᠪᠦᠷᠢ ᠲᠡᠭᠦᠨ ᠢ ︽ᠠᠮᠢᠳᠤ ᠲᠤᠯᠢ︾ ᠭᠡᠵᠦ ᠬᠡᠯᠡᠳᠡᠭ᠂ ᠡᠨᠡ ᠪᠣᠯ ᠲᠡᠭᠦᠨ ᠤ ᠤᠳᠠᠭᠠᠨ ᠵᠢᠯ ᠢᠶᠠᠷ ᠨᠢᠭᠡ ᠰᠡᠳᠬᠢᠯ ᠢᠶᠠᠷ ᠬᠤᠷᠠᠮᠳᠤᠭᠤᠯᠤᠭᠰᠠᠨ ᠤ ᠦᠷ᠎ᠡ ᠳ᠋ᠦᠩ ᠮᠥᠨ ᠭᠡᠳᠡᠭ ᠢ ᠣᠶᠢᠯᠠᠭᠠᠳᠠᠭ ᠬᠥᠮᠦᠰ ᠪᠦᠷ ᠮᠡᠳᠡᠨ᠎ᠡ᠃     ︽ᠠᠵᠢᠯᠲᠠᠨ ᠤ ᠶᠠᠪᠤᠳᠠᠯ ᠤᠨ ᠠᠵᠢᠯ ᠪᠣᠯ ᠠᠷᠠᠳ ᠤᠨ ᠴᠠᠭᠳᠠᠭ᠎ᠠ᠂ ᠬᠠᠪᠰᠤᠷᠤᠭᠴᠢ ᠴᠠᠭᠳᠠᠭ᠎ᠠ ᠨᠢᠭᠡᠪᠦᠷᠢ ᠶᠢᠨ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠪᠢᠳᠡ ᠪᠠᠶᠢᠳᠠᠯ ᠢ ᠰᠠᠶᠢᠨ ᠮᠡᠳᠡᠮᠡᠨᠵᠢᠨ ᠰᠠᠶ᠋ᠢ ᠠᠯᠳᠠᠭ᠎ᠠ ᠪᠤᠷᠤᠭᠤ ᠭᠠᠷᠬᠤ ᠠᠴᠠ ᠵᠠᠶᠢᠯᠠᠰᠬᠢᠵᠦ᠂ ᠲᠡᠳᠡᠨ ᠤ ᠬᠤᠶᠢᠰᠢᠳᠠ ᠶᠢᠨ ᠵᠣᠪᠠᠨᠢᠯ ᠢ ᠠᠷᠢᠯᠭᠠᠵᠤ᠂ ᠣᠯᠠᠨ ᠢ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠵᠢᠯ ᠳᠤ ᠣᠷᠣᠯᠴᠠᠭᠤᠯᠵᠤ ᠴᠢᠳᠠᠨ᠎ᠠ᠃︾ ᠭᠡᠵᠦ ᠲᠡᠷᠡ ᠥᠷᠭᠦᠯᠵᠡᠢ ᠶᠠᠷᠢᠳᠠᠭ᠃     ᠱᠠᠩᠳᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ᠂ ᠤᠯᠠᠨ ᠢᠶᠠᠷ ᠢᠶᠠᠨ ᠤᠯᠤᠰ ᠲᠦᠷᠦ ᠶᠢᠨ ᠠᠵᠢᠯ ᠤᠨ ᠠᠯᠪᠠᠨ ᠭᠡᠷ ᠤᠨ ᠠᠵᠢᠯ ᠢ ᠴᠥᠮ ᠮᠠᠰᠢ ᠵᠥᠪᠰᠢᠶᠡᠷᠡᠵᠦ ᠪᠠᠶᠢᠪᠠ᠃ ᠤᠯᠤᠰ ᠲᠦᠷᠦ ᠶᠢᠨ ᠠᠵᠢᠯ ᠤᠨ ᠺᠠᠳ᠋ᠷ ᠪᠣᠯᠤᠭᠰᠠᠨ ᠤ ᠬᠤᠪᠢ ᠳᠤ᠂ ᠭᠦ᠋ ᠶᠦᠩ ᠯᠧ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠠᠷᠠᠳ ᠤᠨ ᠴᠠᠭᠳᠠᠭ᠎ᠠ ᠶᠢᠨ ᠬᠤᠭᠤᠷᠣᠨᠳᠣ ᠰᠡᠳᠬᠢᠯ ᠬᠤᠯᠪᠣᠬᠤ ᠬᠥᠭᠦᠷᠭᠡ ᠪᠤᠰᠬᠠᠵᠠᠢ᠃ ᠱᠠᠩᠳᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠣᠬᠢᠶᠠᠨ ᠪᠠᠶᠢᠭᠤᠯᠤᠯᠲᠠ᠂ ᠠᠵᠢᠯᠳᠠᠨ ᠤ ᠶᠠᠪᠤᠳᠠᠯ ᠤᠨ ᠬᠠᠮᠢᠶᠠᠷᠤᠯᠲᠠ ᠶᠢᠨ ᠠᠵᠢᠯ ᠨᠢ ᠡᠮᠬᠢ ᠵᠢᠷᠤᠮ ᠲᠠᠢ ᠪᠠᠶᠢᠵᠤ᠂ ᠴᠠᠭᠳᠠᠭᠠᠨ ᠤ ᠬᠤᠸᠠᠷᠠᠨ ᠤ ᠰᠣᠶᠣᠯ ᠤᠨ ᠠᠵᠢᠯᠯᠠᠭ᠎ᠠ ᠨᠢ ᠴᠦ ᠡᠯᠪᠡᠭ ᠪᠠᠶᠠᠯᠢᠭ ᠪᠠᠶᠢᠳᠠᠭ᠃     ᠬᠥ᠋ ᠶᠦᠩ ᠯᠧ ᠡᠩ ᠤᠨ ᠦᠶ᠎ᠡ ᠳᠤ ᠪᠠᠨ ᠬᠥᠮᠦᠨ ᠳᠤ ᠢᠨᠢᠶᠡᠳᠦ ᠲᠠᠢ ᠬᠠᠨᠳᠤᠳᠠᠭ ᠪᠣᠯᠪᠠᠴᠤ᠂ ᠵᠠᠷᠴᠢᠮ ᠤᠨ ᠠᠰᠠᠭᠤᠳᠠᠯ ᠳᠡᠭᠡᠷ᠎ᠡ ᠲᠡᠷᠡ ᠬᠠᠷᠢᠨ︽ᠬᠥᠮᠦᠨ ᠤ ᠰᠡᠳᠬᠢᠯ ᠢ ᠮᠡᠳᠡᠬᠦ ᠦᠭᠡᠶ︾ ᠪᠠᠶᠢᠳᠠᠭ᠃ ᠲᠡᠭᠦᠨ ᠤ ᠵᠡᠷᠭᠡᠯᠡᠳᠡᠭᠡ ᠠᠶᠢᠯ ᠤᠨ ᠳᠡᠭᠦᠦ ᠨᠢ ᠬᠤᠣᠷ ᠲᠠᠲᠠᠭᠠᠳ ᠲᠦᠷ ᠬᠤᠷᠢᠭᠳᠠᠵᠤ᠂ ᠭᠦ᠋ ᠶᠦᠩ ᠯᠧ ᠶᠢ ᠬᠡᠳᠦ ᠤᠳᠠᠭ᠎ᠠ ᠡᠷᠢᠵᠦ ᠭᠤᠶᠤᠭᠰᠠᠨ ᠳᠤ ᠭᠦ᠋ ᠶᠦᠩ ᠯᠧ ᠶᠡᠷᠦ ᠨᠢ ᠵᠥᠪᠰᠢᠶᠡᠷᠡᠭᠰᠡᠨ ᠦᠬᠡᠢ᠃     ᠬᠥ᠋ ᠶᠦᠩ ᠯᠧ ᠶᠢᠨ ᠭᠡᠷ ᠪᠦᠯᠢ ᠶᠢᠨ ᠪᠠᠶᠢᠳᠠᠯ ᠢ ᠣᠶᠢᠯᠠᠭᠠᠳᠠᠭ ᠬᠥᠮᠦᠰ ᠴᠥᠮ ᠲᠡᠭᠦᠨ ᠤ ᠭᠡᠷ ᠲᠤ ᠬᠤᠶᠠᠷ ᠥᠮᠡᠨ ᠡᠪᠡᠳᠴᠢᠨ ᠲᠠᠢ ᠬᠥᠮᠦᠨ ᠪᠠ ᠨᠢᠭᠡ ᠬᠠᠭᠠᠰ ᠪᠡᠶ᠎ᠡ ᠨᠢ ᠲᠠᠮᠪᠠᠷᠠᠭᠰᠠᠨ ᠬᠥᠭᠰᠢᠨ ᠡᠵᠢ ᠪᠠᠶᠢᠳᠠᠭ ᠢ ᠮᠡᠳᠡᠨ᠎ᠡ᠃ ᠬᠦᠴᠢᠷᠳᠡᠯ ᠲᠠᠢ ᠬᠠᠷᠢᠴᠠᠭᠤᠯᠪᠠᠯ᠂ ᠲᠡᠷᠡ ᠪᠥᠬᠦ ᠲᠣᠪᠴᠢᠶ᠎ᠠ ᠶᠢᠨ ᠬᠠᠮᠤᠭ ᠤᠨ ᠲᠦᠷᠦᠭᠦᠨ ᠳᠤ ᠵᠢᠭᠰᠠᠭᠠᠭᠳᠠᠬᠤ ᠶᠣᠰᠣᠲᠠᠶ᠂ ᠭᠡᠪᠡᠴᠦ ᠲᠣᠪᠴᠢᠶ᠎ᠠ ᠠᠴᠠ ᠵᠢᠯ ᠪᠦᠷᠢ ᠬᠦᠴᠢᠷᠳᠡᠯ ᠲᠠᠢ ᠬᠡᠷ ᠪᠦᠯᠢ ᠶᠢ ᠲᠣᠬᠤᠨᠢᠭᠤᠯᠬᠤ ᠳᠤ ᠴᠥᠮ ᠲᠡᠭᠦᠨ ᠤ ᠬᠤᠪᠢ ᠪᠠᠶᠢᠬᠤ ᠥᠬᠡᠶ᠂ ᠤᠴᠢᠷ ᠨᠢ ᠪᠤᠰᠤᠳ ᠠᠷᠠᠳ ᠤᠨ ᠴᠠᠭᠳᠠᠭ᠎ᠠ ᠶᠢᠨ ᠬᠡᠷ ᠪᠦᠯᠢ ᠶᠢ ᠲᠣᠬᠤᠨᠢᠭᠤᠯᠬᠤ ᠪᠠ ᠬᠠᠪᠰᠤᠷᠬᠤ ᠨᠠᠩ ᠴᠢᠬᠤᠯᠠᠲᠠᠶ ᠭᠡᠵᠦ ᠲᠡᠷᠡ ᠪᠤᠳᠤᠳᠠᠭ᠃ ᠨᠢᠭᠡᠨ ᠤᠳᠠᠭ᠎ᠠ᠂ ᠳᠣᠲᠣᠭᠠᠳᠤ ᠪᠠᠶᠢᠳᠠᠯ ᠢ ᠮᠡᠳᠡᠳᠡᠭ ᠤᠯᠤᠰ ᠲᠦᠷᠦ ᠶᠢᠨ ᠠᠯᠪᠠᠨ ᠭᠡᠷ ᠤᠨ ᠠᠵᠢᠯᠲᠠᠳ ᠲᠣᠬᠤᠨᠢᠭᠤᠯᠬᠤ ᠨᠡᠷᠡᠰ ᠤᠨ ᠵᠢᠭᠰᠠᠭᠠᠯᠲᠠ ᠳᠤ ᠲᠡᠭᠦᠨ ᠤ ᠨᠡᠷ᠎ᠡ ᠶᠢ ᠰᠡᠮᠡᠭᠡᠷ ᠲᠠᠭᠯᠠᠭᠰᠠᠨ ᠳᠤ᠂ ᠭᠦ᠋ ᠶᠦᠩ ᠯᠧ ᠣᠯᠵᠤ ᠮᠡᠳᠡᠭᠰᠡᠨ ᠤ ᠳᠠᠷᠠᠭ᠎ᠠ᠂ ᠥᠴᠦᠬᠡᠨ ᠴᠦ ᠲᠠᠲᠠᠭᠠᠯᠵᠠᠯ ᠦᠭᠡᠢ ᠪᠠᠷ ᠥᠪᠡᠷ ᠤᠨ ᠨᠡᠷ᠎ᠡ ᠪᠠᠨ ᠬᠠᠰᠤᠵᠤ ᠬᠠᠶᠠᠪᠠ᠃    ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ᠂ ᠬᠥ᠋ ᠶᠦᠩ ᠯᠧ ᠡᠵᠡᠮᠳᠡᠯ ᠢ ᠲᠣᠬᠢᠷᠠᠭᠤᠯᠤᠨ ᠪᠠᠶᠢᠷᠢᠯᠠᠭᠤᠯᠬᠤ᠂ ᠪᠠᠶᠢᠴᠠᠭᠠᠬᠤ ᠥᠷᠲᠡᠭᠡ ᠵᠢᠴᠢ ᠰᠡᠷᠭᠡᠶᠢᠯᠡᠨ ᠡᠵᠡᠮᠳᠡᠬᠦ ᠴᠡᠭ ᠳᠣᠭᠢᠷᠠᠭᠤᠯᠬᠤ ᠶᠢ ᠬᠠᠷᠢᠭᠤᠴᠠᠵᠤ᠂ ᠬᠥᠮᠦᠨ ᠲᠣᠮᠢᠯᠠᠨ ᠳᠠᠭᠠᠭᠠᠴᠢᠯᠠᠨ ᠬᠠᠷᠢᠯᠴᠠᠬᠤ ᠰᠠᠭᠤᠭᠠᠯᠢ ᠲᠣᠭᠤᠷᠢᠭ ᠲᠤ ᠪᠠᠶᠢᠩᠭᠤ ᠵᠢᠵᠢᠭᠦᠷᠯᠡᠭᠦᠯᠦᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠲᠡᠷᠡ ᠥᠷᠯᠥᠭᠡ ᠪᠦᠷᠢ ᠲᠠᠪᠤᠨ ᠴᠠᠭ ᠲᠤ ᠠᠵᠢᠯ ᠤᠨ ᠪᠠᠶᠢᠷᠢ ᠳᠤ ᠪᠠᠨ ᠬᠦᠷᠴᠦ᠂ ᠬᠤᠳᠠ ᠶᠢᠨ ᠲᠣᠭᠤᠷᠢᠭ ᠤᠨ 12 ᠰᠡᠷᠭᠡᠶᠢᠯᠡᠨ ᠡᠵᠡᠮᠳᠡᠬᠦ ᠴᠡᠭ ᠪᠠ 5 ᠪᠠᠶᠢᠴᠠᠭᠠᠬᠤ ᠦᠷᠳᠡᠭᠡ ᠳᠤ ᠡᠳ᠋ ᠪᠣᠳᠠᠰ ᠬᠦᠷᠭᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠳᠠᠭᠠᠭᠠᠴᠢᠯᠠᠨ ᠬᠠᠷᠢᠯᠴᠠᠬᠤ ᠰᠠᠭᠤᠭᠠᠯᠢ ᠲᠣᠭᠤᠷᠢᠭ ᠤᠨ ᠵᠢᠵᠢᠭᠦᠷᠯᠡᠵᠦ ᠪᠠᠶᠢᠭ᠎ᠠ ᠪᠠᠶᠢᠳᠠᠯ ᠢ ᠪᠠᠶᠢᠴᠠᠭᠠᠵᠤ᠂ ᠡᠳᠦᠷ ᠪᠦᠷᠢ ᠰᠥᠨᠢ ᠶᠢᠨ 12 ᠴᠠᠭ ᠪᠣᠯᠲᠠᠯ᠎ᠠ ᠠᠵᠢᠯᠯᠠᠵᠤ᠂ ᠶᠠᠭ ᠨᠢᠭᠡᠨ ᠲᠤᠭᠤᠷᠠᠭᠤᠯ ᠰᠢᠭ᠋ ᠢᠶᠠᠷ ᠲᠠᠰᠤᠷᠠᠯᠲᠠ ᠦᠭᠡᠢ ᠡᠷᠭᠢᠯᠳᠦᠨ ᠳᠠᠪᠬᠢᠵᠤ ᠪᠠᠶᠢᠯ᠎ᠠ᠃    24 ᠵᠢᠯ ᠤᠨ ᠴᠠᠭᠳᠠᠭ᠎ᠠ ᠶᠢᠨ ᠠᠯᠪᠠᠨ ᠳᠤ ᠪᠠᠨ᠂ ᠭᠦ᠋ ᠶᠦᠩ ᠯᠧ ᠯᠠᠪᠳᠠᠭᠤᠨ ᠪᠠᠲᠤᠲᠠᠢ ᠠᠵᠢᠯᠯᠠᠵᠤ᠂ ᠶᠠᠮᠠᠷ ᠠᠵᠢᠯ ᠤᠨ ᠪᠠᠶᠢᠷᠢ ᠳᠤ ᠪᠠᠶᠢᠭᠰᠠᠨ ᠴᠤ ᠠᠵᠢᠯ ᠪᠦᠬᠦᠨ ᠢᠶᠠᠨ ᠨᠠᠷᠢᠨ ᠬᠢᠨᠠᠮᠠᠭᠠᠢ ᠰᠠᠶᠢᠲᠤᠷ ᠬᠢᠵᠦ᠂ ᠡᠭᠦᠷᠭᠡ ᠬᠠᠷᠢᠭᠤᠴᠠᠯᠭ᠎ᠠ ᠶᠢ ᠢᠯᠭᠠᠬᠤ ᠦᠭᠡᠢ᠂ ᠨᠡᠷ᠎ᠡ ᠠᠰᠢᠭ ᠢ ᠪᠤᠯᠢᠶᠠᠯᠴᠠᠬᠤ ᠦᠭᠡᠢ᠂ ᠥᠪᠡᠷ ᠤᠨ ᠵᠠᠯᠠᠭᠤ ᠨᠠᠰᠤ ᠪᠣᠯᠤᠨ ᠠᠮᠢ ᠨᠠᠰᠤ ᠪᠠᠷ ᠢᠶᠠᠨ ᠨᠢᠭᠡᠨ ᠠᠷᠠᠳ ᠤᠨ ᠴᠠᠭᠳᠠᠭ᠎ᠠ ᠶᠢᠨ ᠤᠭ ᠰᠠᠨᠠᠭ᠎ᠠ ᠶᠢ ᠦᠢᠯᠡᠳᠦᠯᠭᠡᠵᠢᠭᠦᠯᠵᠡᠢ᠃ 
ᠢᠷᠡᠯᠲᠡ᠄ ᠤᠯᠠᠭᠠᠨᠴᠠᠪ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ