ᠰᠢᠯᠤᠭᠤᠨ ᠭᠦᠭᠡ ᠬᠤᠰᠢᠭᠤᠨ ᠤ ᠲᠤᠳᠤᠭᠠᠳᠦ ᠶᠢ ᠬᠠᠮᠠᠭᠠᠯᠠᠬᠤ ᠲᠤᠪᠴᠢᠶ᠎ᠠ ᠡᠳᠡᠭᠡᠷ ᠭᠦᠮᠦᠰ ᠲᠤ ᠢᠷᠠᠭᠤ ᠠᠯᠳᠠᠷ ᠤᠨ ᠲᠡᠮᠳᠡᠭ ᠤᠯᠭᠤᠬᠤ ᠶᠤᠰᠤᠯᠠᠯ ᠶᠠᠪᠤᠭᠳᠠᠭᠤᠯᠪᠠ
ᠨᠡᠶᠢᠲᠡᠯᠡᠭᠰᠡᠨ ᠴᠠᠭ᠄
2023/12/1
      ᠤᠶᠢᠷ᠎ᠠ ᠶᠢᠨ ᠡᠳᠦᠷ᠂ ᠰᠢᠯᠤᠭᠤᠨ ᠭᠦᠭᠡ ᠬᠤᠰᠢᠭᠤᠨ ᠤ ᠲᠤᠳᠤᠭᠠᠳᠦ ᠶᠢ ᠬᠠᠮᠠᠭᠠᠯᠠᠬᠤ ᠲᠤᠪᠴᠢᠶ᠎ᠡ ᠠᠴᠠ ᠰᠢᠨ᠎ᠠ ᠪᠠᠷ ᠡᠯᠰᠡᠭᠳᠡᠭᠰᠡᠨ ᠴᠠᠭᠳᠠᠭ᠎ᠠ ᠪᠤᠯᠤᠨ ᠪᠦᠭᠦᠯᠢ 30 ᠵᠢᠯ ᠠᠵᠢᠯᠯᠠᠭᠰᠠᠨ ᠠᠷᠠᠳ ᠤᠨ ᠴᠠᠭᠳᠠᠭ᠎ᠠ ᠨᠠᠷ ᠲᠤ ᠢᠷᠠᠭᠤ ᠠᠯᠳᠠᠷ ᠤᠨ ᠲᠡᠮᠳᠡᠭ ᠤᠯᠭᠤᠬᠤ ᠶᠤᠰᠤᠯᠠᠯ ᠶᠠᠪᠤᠭᠳᠠᠭᠤᠯᠪᠠ᠃ ᠰᠢᠯᠤᠭᠤᠨ ᠭᠦᠭᠡ ᠬᠤᠰᠢᠭᠤᠨ ᠤ ᠵᠠᠰᠠᠭ ᠤᠨ ᠤᠷᠳᠦᠨ ᠤ ᠲᠡᠳ᠋ ᠲᠠᠷᠤᠭ᠎ᠠ᠂ ᠲᠤᠳᠤᠭᠠᠳᠦ ᠶᠢ ᠬᠠᠮᠠᠭᠠᠯᠠᠬᠤ ᠲᠤᠪᠴᠢᠶᠠᠨ ᠤ ᠨᠠᠮ ᠤᠨ ᠬᠤᠷᠢᠶᠠᠨ ᠤ ᠱᠦᠵᠢ᠂ ᠲᠤᠪᠴᠢᠶᠠᠨ ᠲᠠᠷᠤᠭ᠎ᠠ ᠵᠠᠩ ᠵᠢᠶᠧ ᠶᠤᠰᠤᠯᠠᠯ ᠢ ᠡᠷᠬᠢᠯᠡᠵᠦ ᠶᠠᠷᠢᠶ᠎ᠠ ᠲᠠᠯᠪᠢᠨ᠂ ᠲᠤᠪᠴᠢᠶᠠᠨ ᠤ ᠨᠠᠮ ᠤᠨ ᠬᠤᠷᠢᠶᠠᠨ ᠤ ᠭᠡᠰᠢᠭᠦᠳ ᠠᠴᠠ ᠰᠢᠨ᠎ᠠ ᠪᠠᠷ ᠡᠯᠰᠡᠭᠰᠡᠨ ᠴᠠᠭᠳᠠᠭ᠎ᠠ ᠪᠤᠯᠤᠨ ᠪᠦᠭᠦᠯᠢ 30 ᠵᠢᠯ ᠠᠵᠢᠯᠯᠠᠭᠰᠠᠨ ᠠᠷᠠᠳ ᠤᠨ ᠴᠠᠭᠳᠠᠭ᠎ᠠ ᠨᠠᠷ ᠲᠤ ᠢᠷᠠᠭᠤ ᠠᠯᠳᠠᠷ ᠤᠨ ᠲᠡᠮᠳᠡᠭ ᠭᠠᠷᠳᠠᠭᠤᠯᠪᠠ᠃
2.jpg
6.jpg
     ᠵᠠᠩ ᠵᠢᠶᠧ ᠨᠦᠭᠦᠷ ᠠᠴᠠ ᠰᠢ ᠶᠢᠨ ᠫᠢᠡᠭ ᠤᠨ ᠰᠢᠨ᠎ᠠ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠤᠭᠤᠰᠢᠯᠠᠭᠤᠯᠬᠤ ᠭᠤᠤᠯ ᠰᠡᠳᠦᠪᠳᠦ ᠭᠦᠮᠦᠵᠢᠯ ᠢ ᠪᠠᠳᠤᠳᠠᠢ ᠨᠠᠶᠢᠳᠠᠪᠤᠷᠢᠵᠢᠭᠤᠯᠵᠦ᠂ ᠴᠠᠭᠳᠠᠭᠠᠨ ᠤ ᠡᠩᠨᠡᠭᠡᠨ ᠤ ᠬᠠᠷᠢᠭᠤᠴᠠᠯᠭᠠᠳᠦ ᠰᠡᠳᠬᠢᠯᠭᠡ ᠪᠠ ᠢᠷᠠᠭᠤ ᠠᠯᠳᠠᠷᠳᠦ ᠰᠡᠳᠬᠢᠯᠭᠡ ᠶᠢ ᠭᠦᠪᠴᠢᠯᠡᠵᠦ᠂ ᠡᠷᠡᠮᠡᠭᠡᠶᠢᠯᠡᠨ ᠲᠡᠮᠡᠴᠡᠵᠦ᠂ ᠴᠢᠳᠠᠮᠠᠭᠠᠢ ᠠᠵᠢᠯᠯᠠᠵᠦ᠂ ᠰᠢᠯᠤᠭᠤᠨ ᠭᠦᠭᠡ ᠬᠤᠰᠢᠭᠤᠨ ᠤ ᠲᠤᠳᠤᠭᠠᠳᠦ ᠶᠢ ᠬᠠᠮᠠᠭᠠᠯᠠᠬᠤ ᠦᠢᠯᠡᠰ ᠲᠤ ᠦᠷᠭᠦᠯᠵᠢᠯᠡᠨ ᠭᠦᠴᠦᠨ ᠴᠢᠳᠠᠯ ᠢᠶᠠᠨ ᠡᠷᠭᠦᠭᠦ ᠭᠡᠷᠡᠭᠳᠠᠢ ᠭᠡᠮᠡᠨ ᠵᠤᠷᠢᠭᠵᠢᠭᠤᠯᠪᠠ᠃ 
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ