ᠪᠠᠭᠠᠷᠢᠨ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠦᠯᠵᠢᠶᠡᠨ ᠳᠡᠭᠡᠷ᠎ᠡ ᠪᠠᠷᠢᠪᠴᠢᠯᠠᠬᠤ ᠪᠠᠷ ᠵᠠᠷᠯᠠᠭᠰᠠᠨ ᠣᠷᠭᠤᠳᠠᠭᠤᠯ ᠬᠡᠷᠡᠭᠲᠡᠨ ᠢ ᠨᠡᠬᠡᠮᠵᠢᠯᠡᠨ ᠪᠠᠷᠢᠪᠴᠢᠯᠠᠪᠠ
ᠨᠡᠶᠢᠲᠡᠯᠡᠭᠰᠡᠨ ᠴᠠᠭ᠄
2023/12/11
      ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠪᠠᠭᠠᠷᠢᠨ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠭᠤᠤᠯᠳᠠᠯᠭ᠎ᠠ ᠲᠠᠢ ᠡᠭᠦᠷᠭᠡ ᠶᠢ ᠴᠢᠩᠭ᠎ᠠ ᠠᠳᠬᠤᠵᠤ᠂ ᠰᠠᠨᠠᠭᠠᠴᠢᠯᠠᠭ᠎ᠠ ᠲᠠᠢ ᠪᠠᠷ ᠳᠠᠭᠠᠷᠢᠯᠲᠠ ᠬᠢᠵᠦ᠂ ᠰᠦᠪᠡᠭᠴᠢ ᠶᠢᠨ ᠢᠷᠡᠯᠲᠡ ᠶᠢ ᠥᠷᠭᠡᠨ ᠢᠶᠠᠷ ᠨᠡᠭᠡᠭᠡᠨ᠂ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠬᠤ ᠪᠠ ᠰᠦᠯᠵᠢᠶᠡᠨ ᠳᠡᠭᠡᠷ᠎ᠡ ᠪᠠᠷᠢᠪᠴᠢᠯᠠᠬᠤ ᠪᠠᠷ ᠵᠠᠷᠯᠠᠭᠰᠠᠨ ᠣᠷᠭᠤᠳᠠᠭᠤᠯ ᠬᠡᠷᠡᠭᠲᠡᠨ ᠢ ᠨᠡᠬᠡᠮᠵᠢᠯᠡᠬᠦ ᠠᠵᠢᠯ ᠤᠨ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠪᠠ᠃
图片2.png
     ᠣᠶᠢᠷ᠎ᠠ ᠳᠤ᠂ ᠪᠠᠭᠠᠷᠢᠨ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠢᠮᠡᠭᠡ ᠮᠡᠳᠡᠭᠡ ᠵᠢᠯᠣᠭᠤᠳᠬᠤ ᠲᠥᠪ ᠠᠴᠠ ᠤᠷᠭᠤᠨ ᠳᠤᠲᠠᠭᠠᠭᠰᠠᠳ ᠤᠨ ᠮᠡᠳᠡᠭᠡ ᠵᠠᠩᠭᠢ ᠶᠢ ᠰᠤᠳᠤᠯᠤᠨ ᠮᠠᠭᠠᠳᠯᠠᠬᠤ ᠦᠶ᠎ᠡ ᠳᠤ᠂ ᠠᠶᠤᠯ ᠲᠠᠢ ᠪᠠᠷ ᠲᠡᠷᠭᠡ ᠵᠢᠯᠣᠭᠤᠳᠤᠭᠰᠠᠨ ᠶᠠᠯ᠎ᠠ ᠬᠢᠭᠰᠡᠨ ᠢᠶᠠᠷ ᠰᠡᠵᠢᠭᠯᠡᠭᠳᠡᠵᠦ ᠰᠦᠯᠵᠢᠶᠡᠨ ᠳᠡᠭᠡᠷ᠎ᠡ ᠪᠠᠷᠢᠪᠴᠢᠯᠠᠬᠤ ᠪᠠᠷ ᠵᠠᠷᠯᠠᠭᠰᠠᠨ ᠣᠷᠭᠤᠳᠠᠭᠤᠯ ᠬᠡᠷᠡᠭᠲᠡᠨ ᠢᠶᠠᠷ ᠨᠡᠬᠡᠮᠵᠢᠯᠡᠭᠳᠡᠭᠰᠡᠨ ᠸᠠᠩ ᠣᠪᠣᠭᠲᠤ ᠪᠠᠭᠠᠷᠢᠨ ᠵᠡᠭᠦᠨ ᠬᠤᠰᠢᠭᠤᠨ ᠤ ᠨᠢᠭᠡᠨ ᠰᠠᠭᠤᠭᠠᠯᠢ ᠲᠣᠭᠤᠷᠢᠭ ᠤᠨ ᠡᠷᠬᠢᠨ ᠲᠣᠭᠤᠷᠢᠨ ᠳᠤ ᠠᠵᠢᠯᠯᠠᠭ᠎ᠠ ᠶᠢᠨ ᠵᠠᠮ ᠮᠥᠷ ᠲᠠᠢ ᠪᠠᠶᠢᠬᠤ ᠶᠢ ᠣᠯᠵᠤ ᠮᠡᠳᠡᠭᠡᠳ᠂ ᠲᠡᠷᠡ ᠳᠠᠷᠤᠶ ᠳᠤ ᠨᠢ ᠨᠠᠷᠢᠯᠢᠭ ᠣᠨᠣᠴᠠᠲᠠᠶ ᠪᠠᠷ ᠡᠵᠡᠮᠳᠡᠨ᠂ ᠲᠦᠷᠭᠡᠨ ᠢᠶᠠᠷ ᠳᠠᠭᠠᠷᠢᠵᠤ᠂ ᠠᠮᠵᠢᠯᠲᠠ ᠲᠠᠢ ᠪᠠᠷ ᠪᠠᠷᠢᠪᠴᠢᠯᠠᠪᠠ᠃ ᠰᠢᠭᠦᠬᠦ ᠪᠠᠷ ᠳᠠᠮᠵᠢᠭᠠᠳ ᠸᠠᠩ ᠣᠪᠣᠭᠲᠤ ᠥᠪᠡᠷ ᠤᠨ ᠶᠠᠯᠠᠲᠤ ᠠᠵᠢᠯᠯᠠᠭ᠎ᠠ ᠪᠠᠨ ᠥᠴᠢᠭᠯᠡᠨ ᠮᠡᠳᠡᠷᠡᠭᠰᠡᠨ ᠪᠠᠶᠢᠨ᠎ᠠ᠃      ᠣᠳᠣᠬᠠᠨ ᠳᠤ ᠬᠡᠷᠡᠭ ᠢ ᠤᠯᠠᠮ ᠨᠢᠭᠡ ᠠᠯᠬᠤᠮ ᠰᠢᠢᠳᠪᠦᠷᠢᠯᠡᠵᠦ ᠪᠠᠶᠢᠨ᠎ᠠ᠃        
ᠢᠷᠡᠯᠲᠡ᠄ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ