︽ᠰᠠᠭᠠᠳ ᠥᠬᠡᠶ ᠨᠡᠪᠲᠡᠷᠡᠬᠦ ᠵᠠᠮ︾ ᠢ ᠨᠡᠬᠡᠭᠡᠵᠦ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠭᠦᠯᠬᠦ ᠨᠢᠭᠡᠳᠦᠯᠲᠡᠶ ᠰᠢᠯᠭᠠᠯᠲᠠ ᠳᠤ ᠰᠡᠳᠬᠢᠯ ᠳᠡᠯᠪᠢᠨ ᠦᠢᠯᠡᠴᠢᠯᠡᠪᠡ
ᠨᠡᠶᠢᠲᠡᠯᠡᠭᠰᠡᠨ ᠴᠠᠭ᠄
2023/12/11
    2024 ᠣᠨ ᠤ ᠶᠡᠭᠡ ᠳᠡᠭᠡᠳᠦ ᠰᠤᠷᠭᠠᠭᠤᠯᠢ ᠳᠤ ᠡᠯᠰᠡᠭᠦᠯᠬᠦ ᠰᠢᠯᠭᠠᠯᠲᠠ ᠶᠢᠨ ᠨᠡᠷ᠎ᠡ ᠮᠡᠳᠡᠭᠦᠯᠬᠦ ᠡᠷᠦᠬᠡ ᠠᠮᠠ ᠶᠢᠨ ᠳᠠᠩᠰᠠ ᠶᠢᠨ ᠬᠢᠷᠢ ᠬᠡᠮ ᠢ ᠬᠢᠨᠠᠨ ᠪᠠᠶᠢᠴᠠᠭᠠᠬᠤ ᠠᠵᠢᠯ ᠨᠢᠭᠡᠨᠲᠡ ᠪᠦᠬᠦ ᠲᠠᠯ᠎ᠠ ᠪᠠᠷ ᠡᠬᠢᠯᠡᠵᠦ᠂ ᠶᠡᠭᠡ ᠳᠡᠭᠡᠳᠦ ᠰᠤᠷᠭᠠᠭᠤᠯᠢ ᠳᠤ ᠡᠯᠰᠡᠭᠦᠯᠬᠦ ᠰᠢᠯᠭᠠᠯᠲᠠ ᠶᠢᠨ ᠬᠢᠨᠠᠨ ᠬᠠᠷᠭᠤᠭᠤᠯᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠶᠢᠨ ᠲᠥᠯᠥᠭᠡ᠂ ᠰᠢᠯᠢ ᠶᠢᠨ ᠭᠤᠣᠯ ᠠᠶᠢᠮᠠᠭ ᠤᠨ ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠳᠣᠲᠣᠭᠠᠳᠤ ᠶᠢ ᠬᠠᠮᠠᠭᠠᠯᠠᠬᠤ ᠴᠣᠩᠬᠤᠪᠴᠢ ᠥᠨᠳᠥᠷ ᠪᠦᠲᠦᠮᠵᠢᠲᠡᠶ ᠪᠠᠷ ᠠᠷᠠᠳ ᠲᠤ ᠳᠥᠭᠦᠮ ᠦᠵᠡᠭᠦᠯᠬᠦ᠂ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ︽ᠰᠢᠯᠭᠠᠭᠤᠯᠤᠭᠴᠢ ᠶᠢᠨ ᠪᠠᠴᠢᠮ ᠬᠡᠷᠡᠭᠴᠡᠭᠡ ᠶᠢ ᠰᠢᠢᠳᠪᠦᠷᠢᠯᠡᠬᠦ︾ ᠠᠵᠢᠯ ᠤᠨ ᠣᠪᠣᠷ ᠢᠶᠠᠷ ᠶᠡᠭᠡ ᠳᠡᠭᠡᠳᠦ ᠰᠤᠷᠭᠠᠭᠤᠯᠢ ᠶᠢᠨ ᠰᠢᠯᠭᠠᠭᠤᠯᠤᠭᠴᠢ ᠳᠤ ︽ᠰᠠᠭᠠᠳ ᠥᠬᠡᠶ ᠨᠡᠪᠲᠡᠷᠡᠬᠦ ᠵᠠᠮ︾ ᠨᠡᠭᠡᠭᠡᠨ ᠥᠭᠴᠦ᠂ ᠪᠣᠳᠠᠲᠤ ᠠᠵᠢᠯᠯᠠᠭ᠎ᠠ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠢ ᠪᠤᠲᠠᠲᠠᠢ ᠠᠵᠢᠯᠯᠠᠭ᠎ᠠ ᠪᠠᠷ ᠢᠶᠠᠨ ᠠᠬᠢᠭᠤᠯᠵᠤ᠂ 2024 ᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠭᠦᠯᠬᠦ ᠰᠢᠯᠭᠠᠯᠲᠠ ᠶᠢᠨ ᠰᠢᠯᠭᠠᠭᠤᠯᠤᠭᠴᠢ ᠶᠢᠨ ᠡᠷᠦᠬᠡ ᠠᠮᠠ ᠶᠢᠨ ᠲᠠᠩᠰᠠ ᠶᠢ ᠬᠢᠨᠠᠨ ᠪᠠᠶᠢᠴᠠᠭᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃
供稿9图片1.jpg
    ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠦᠬᠡ ᠠᠮᠠ ᠶᠢᠨ ᠳᠠᠩᠰᠠ ᠶᠢ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠵᠢᠯ ᠤᠨ ᠵᠠᠭᠪᠤᠷ ᠢᠶᠠᠨ ᠢᠳᠡᠪᠬᠢᠲᠡᠶ ᠲᠣᠬᠢᠷᠠᠭᠤᠯᠵᠤ᠂ ᠠᠵᠢᠯᠯᠠᠬᠤ ᠴᠠᠭ ᠢ ᠣᠷᠳᠣᠳᠬᠠᠬᠤ᠂ ᠴᠠᠭ ᠢ ᠵᠥᠷᠢᠭᠦᠯᠬᠦ ᠠᠵᠢᠯ ᠤᠨ ᠠᠷᠭ᠎ᠠ ᠶᠢ ᠬᠡᠷᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠭᠦᠯᠬᠦ ᠰᠢᠯᠭᠠᠯᠲᠠ ᠶᠢᠨ ᠰᠣᠷᠣᠭᠴᠢ ᠵᠢᠴᠢ ᠬᠡᠷ ᠤᠨ ᠠᠬᠠᠮᠠᠳ ᠲᠤ ︽ᠰᠠᠭᠠᠳ ᠥᠬᠡᠶ ᠨᠡᠪᠲᠡᠷᠡᠬᠦ ᠵᠠᠮ︾ ᠨᠡᠭᠡᠭᠡᠨ ᠥᠭᠴᠦ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠭᠦᠯᠬᠦ ᠰᠢᠯᠭᠠᠯᠲᠠ ᠶᠢᠨ ᠰᠣᠷᠣᠭᠴᠢ ᠳᠤ ︽ᠤᠷᠢᠳ ᠢᠶᠠᠷ ᠢᠷᠡᠵᠦ ᠤᠷᠢᠳ ᠢᠶᠠᠷ ᠭᠦᠢᠴᠡᠳᠬᠡᠬᠦ᠂ ᠤᠷᠢᠳ ᠢᠶᠠᠷ ᠭᠥᠯᠢᠶᠡᠨ ᠠᠪᠴᠤ ᠰᠢᠢᠳᠪᠦᠷᠢᠯᠡᠬᠦ᠂ ᠴᠠᠭ ᠲᠤᠬᠠᠶ ᠳᠤ ᠨᠢ ᠭᠦᠢᠴᠡᠳᠬᠡᠬᠦ︾ ᠠᠵᠢᠯ ᠤᠨ ᠠᠷᠭ᠎ᠠ ᠬᠡᠮᠵᠢᠶ᠎ᠡ ᠠᠪᠴᠤ᠂ ᠰᠢᠯᠭᠠᠭᠤᠯᠤᠭᠴᠢ ᠵᠢᠴᠢ ᠬᠢᠨᠠᠨ ᠬᠠᠮᠠᠭᠠᠯᠠᠭᠴᠢ ᠶᠢᠨ ᠡᠷᠦᠬᠡ ᠠᠮᠠ ᠶᠢᠨ ᠦᠨᠳᠦᠰᠦᠨ ᠪᠠᠶᠢᠳᠠᠯ ᠵᠢᠴᠢ ᠡᠷᠦᠬᠡ ᠠᠮᠠ ᠶᠢᠨ ᠬᠠᠷᠢᠶ᠎ᠠ ᠶᠢᠨ ᠨᠡᠭᠦᠯᠲᠡ ᠶᠢᠨ ᠬᠤᠪᠢᠷᠠᠯᠲᠠ ᠵᠡᠷᠭᠡ ᠵᠦᠢᠯᠡᠰ ᠲᠤ ᠭᠤᠤᠯᠳᠠᠯᠭ᠎ᠠ ᠲᠠᠢ ᠪᠠᠷ ᠪᠥᠬᠦ ᠲᠠᠯ᠎ᠠ ᠶᠢᠨ ᠬᠢᠨᠠᠨ ᠪᠠᠶᠢᠴᠠᠭᠠᠯᠲᠠ ᠬᠢᠵᠦ᠂ ᠬᠢᠨᠠᠨ ᠪᠠᠶᠢᠴᠠᠭᠠᠬᠤ ᠠᠵᠢᠯ ᠳᠤ ᠠᠯᠳᠠᠰᠢ ᠭᠠᠷᠭᠠᠬᠤ ᠥᠬᠡᠶ ᠪᠠᠶᠢᠬᠤ ᠶᠢ ᠦᠨᠡᠨ ᠬᠦ ᠪᠠᠲᠤᠯᠠᠪᠠ᠃ ᠠᠷᠠᠳ ᠤᠨ ᠴᠠᠭᠳᠠᠭ᠎ᠠ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠶᠢᠨ ᠬᠠᠮᠲᠤ ᠰᠣᠷᠣᠭᠴᠢ ᠵᠢᠴᠢ ᠬᠡᠷ ᠤᠨ ᠠᠬᠠᠮᠠᠳ ᠲᠤ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ᠳᠡᠷᠭᠡᠳᠡ ᠨᠢ ᠡᠭᠦᠰᠦᠭᠰᠡᠨ ᠦᠨᠡᠨ ᠪᠣᠳᠠᠲᠠᠶ ᠬᠡᠷᠡᠭ ᠤᠨ ᠵᠢᠱᠢᠶ᠎ᠡ ᠶᠢ ᠲᠠᠶᠢᠯᠪᠤᠷᠢᠯᠠᠨ ᠥᠭᠴᠦ᠂ ︽ᠤᠯᠤᠰ ᠤᠨ ᠮᠡᠬᠡᠯᠡᠯ ᠢ ᠡᠰᠡᠷᠭᠦᠴᠡᠬᠦ ᠲᠥᠪ ᠤᠨ APP︾ ᠶᠢ ᠪᠠᠭᠤᠯᠭᠠᠨ ᠠᠪᠴᠤ ᠳᠠᠩᠰᠠᠯᠠᠭᠤᠯᠬᠤ ᠶᠢ ᠵᠢᠯᠣᠭᠤᠳᠴᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠬᠠᠮᠢᠶ᠎ᠠ ᠪᠥᠬᠦᠶ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠰᠢᠯᠭᠠᠭᠤᠯᠤᠭᠴᠢ ᠪᠣᠯᠤᠨ ᠬᠡᠷ ᠤᠨ ᠠᠬᠠᠮᠠᠳ ᠲᠤ ᠮᠡᠬᠡᠯᠡᠭᠳᠡᠬᠦ ᠠᠴᠠ ᠬᠢᠴᠢᠶᠡᠭᠡᠷᠡᠢ ᠭᠡᠵᠦ ᠰᠠᠨᠠᠭᠤᠯᠪᠠ᠃     ᠳᠠᠷᠠᠭᠠᠴᠢ ᠶᠢᠨ ᠠᠯᠬᠤᠮ ᠳᠤ᠂ ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠬᠦ ᠰᠢᠯᠢᠳᠡᠭ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠦᠷᠭᠦᠯᠵᠢᠯᠡᠨ ᠳᠣᠲᠣᠨᠣ ᠦᠢᠯᠡᠴᠢᠯᠡᠭᠡ ᠪᠠ ᠣᠪᠣᠷ ᠢᠶᠠᠷ ᠤᠯᠠᠨ ᠲᠦᠮᠡᠨ ᠳᠤ ᠰᠠᠶᠢᠨ ᠶᠠᠪᠤᠳᠠᠯ᠂ ᠪᠣᠳᠠᠲᠠᠢ ᠶᠠᠪᠤᠳᠠᠯ ᠬᠢᠵᠦ᠂ ᠠᠷᠠᠳ ᠤᠯᠠᠨ ᠤ ᠰᠡᠳᠬᠢᠯ ᠬᠠᠨᠤᠮᠵᠢᠲᠠᠢ︽ᠹᠧᠩᠴᠢᠶᠣᠣ ᠮᠠᠶ᠋ᠢᠭ ᠤᠨ ᠴᠤᠩᠬᠤᠪᠴᠢ︾ ᠶᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ