ᠡᠷᠭᠦᠨ᠎ᠡ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/12/14
   ᠤᠯᠤᠰ ᠤᠨ ᠠᠷᠪᠠᠳᠤᠭᠠᠷ ᠦᠨᠳᠦᠰᠦᠨ ᠬᠠᠤᠯᠢ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ᠂ ᠦᠨᠳᠦᠰᠦᠨ ᠬᠠᠤᠯᠢ ᠶᠢᠨ ᠡᠷᠬᠡ ᠰᠦᠷ ᠢ ᠢᠯᠡᠷᠡᠭᠦᠯᠬᠦ᠂ ᠪᠦᠬᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠦᠨᠳᠦᠰᠦᠨ ᠬᠠᠤᠯᠢ ᠶᠢᠨ ᠦᠵᠡᠯᠲᠡ ᠪᠣᠯᠤᠨ ᠬᠠᠤᠯᠢ ᠪᠠᠷ ᠵᠠᠰᠠᠬᠤ ᠢᠲᠡᠭᠡᠯ ᠪᠢᠰᠢᠷᠡᠯ ᠢ ᠴᠢᠩᠭᠠᠳᠬᠠᠬᠤ ᠶᠢᠨ ᠲᠥᠯᠥᠭᠡ᠂ ᠬᠦᠯᠦᠨ ᠪᠤᠶᠢᠷ ᠤᠨ ᠡᠷᠭᠦᠨ᠎ᠡ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠢ ᠵᠣᠬᠢᠶᠠᠨ ᠪᠠᠶᠢᠭᠤᠯᠵᠤ ᠥᠷᠨᠢᠭᠦᠯᠪᠡ᠃
IMG_5072.JPG
    ᠶᠣᠰᠣᠯᠠᠯ ᠨᠢ ᠤᠯᠤᠰ ᠤᠨ ᠰᠦᠯᠳᠡ ᠳᠠᠭᠤᠤ ᠶᠢ ᠬᠥᠭᠵᠢᠮᠳᠡᠬᠦ ᠳᠤᠮᠳᠠ ᠡᠬᠢᠯᠡᠵᠦ᠂ ᠪᠦᠬᠦ ᠠᠷᠠᠳ ᠤᠨ ᠴᠠᠭᠳᠠᠭ᠎ᠠ ᠶᠢᠨ ᠲᠥᠯᠥᠭᠡᠯᠡᠭᠴᠢᠳ ᠪᠠᠷᠠᠭᠤᠨ ᠨᠢᠳᠤᠷᠭ᠎ᠠ ᠪᠠᠨ ᠡᠷᠭᠦᠨ᠂ ᠤᠯᠤᠰ ᠤᠨ ᠲᠤᠭ ᠤᠷᠤᠭᠤ ᠲᠥᠪ ᠴᠢᠩᠭ᠎ᠠ ᠪᠠᠷ ᠲᠠᠩᠭᠠᠷᠢᠭᠯᠠᠵᠤ᠂ ᠦᠨᠳᠦᠰᠦᠨ ᠬᠠᠤᠯᠢ ᠶᠢ ᠰᠢᠲᠦᠬᠦ᠂ ᠬᠠᠤᠯᠢ ᠪᠠᠷ ᠵᠠᠰᠠᠬᠤ ᠲᠤᠬᠠᠢ ᠢᠲᠡᠭᠡᠯ ᠪᠢᠰᠢᠷᠡᠯ ᠪᠣᠯᠤᠨ ᠠᠷᠠᠳ ᠲᠦᠮᠡᠨ ᠳᠤ ᠠᠮᠠᠯᠳᠠᠭᠰᠠᠨ ᠠᠮᠠᠯᠠᠯᠲᠠ ᠪᠠᠨ ᠡᠷᠡᠰ ᠪᠠᠲᠤ ᠲᠠᠩᠭᠠᠷᠢᠭ ᠢᠶᠠᠷ ᠢᠶᠠᠨ ᠢᠯᠡᠳᠬᠡᠵᠦ᠂ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ᠂ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠬᠦ ᠡᠷᠡᠰ ᠪᠠᠲᠤ ᠵᠣᠷᠢᠭ ᠢᠶᠠᠨ ᠢᠯᠡᠳᠭᠡᠪᠡ᠃     ᠲᠠᠩᠭᠠᠷᠢᠭᠯᠠᠬᠤ ᠶᠣᠰᠣᠯᠠᠯ ᠳᠤ ᠣᠷᠣᠯᠴᠠᠭᠰᠠᠨ ᠨᠥᠬᠦᠳ ᠲᠠᠩᠭᠠᠷᠢᠭ ᠤᠨ ᠦᠭᠡ ᠪᠠᠨ ᠪᠠᠲᠤ ᠴᠡᠭᠡᠵᠢᠯᠡᠵᠦ᠂ ᠦᠢᠯᠡᠳᠦᠯᠭᠡ ᠪᠠᠷ ᠢᠶᠠᠨ ᠠᠮᠠᠯᠠᠯᠲᠠ ᠪᠠᠨ ᠪᠡᠶᠡᠯᠡᠭᠦᠯᠵᠦ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠦᠨᠡᠨ ᠬᠦ ᠰᠡᠳᠬᠢᠯ ᠪᠠ ᠦᠢᠯᠡ ᠠᠵᠢᠯᠯᠠᠭ᠎ᠠ ᠳᠤ ᠪᠠᠨ ᠰᠢᠩᠭᠡᠭᠡᠨ᠂ ᠦᠨᠳᠦᠰᠦᠨ ᠬᠠᠤᠯᠢ ᠶᠢᠨ ᠵᠠᠷᠴᠢᠮ ᠢ ᠬᠢᠴᠢᠶᠡᠩᠭᠦ᠋ᠢᠯᠡᠨ ᠰᠠᠬᠢᠵᠤ᠂ ᠦᠨᠳᠦᠰᠦᠨ ᠬᠠᠤᠯᠢ ᠶᠢᠨ ᠡᠷᠬᠡ ᠰᠦᠷ ᠢ ᠬᠠᠮᠠᠭᠠᠯᠠᠵᠤ᠂ ᠴᠡᠭᠡᠵᠢ ᠳᠦᠷᠢᠨ ᠬᠠᠷᠢᠭᠤᠴᠠᠯᠭ᠎ᠠ ᠡᠭᠦᠷᠭᠡᠯᠡᠨ᠂ ᠤᠯᠤᠰ ᠲᠦᠷᠦ ᠶᠢᠨ ᠠᠮᠤᠷ ᠲᠦᠪᠰᠢᠨ ᠪᠠ ᠨᠡᠶᠢᠭᠡᠮ ᠤᠨ ᠠᠮᠤᠷ ᠲᠣᠭᠲᠠᠭᠤᠨ ᠢ ᠬᠦᠴᠦᠲᠡᠢ ᠬᠠᠮᠠᠭᠠᠯᠠᠵᠤ᠂ ᠠᠷᠠᠳ ᠲᠦᠮᠡᠨ ᠤ ᠠᠮᠤᠷ ᠲᠣᠭᠲᠠᠭᠤᠨ ᠢ ᠦᠨᠡᠨ ᠬᠦ ᠪᠠᠳᠤᠯᠠᠨ᠂ ᠰᠢᠨ᠎ᠡ ᠴᠠᠭ ᠦᠶ᠎ᠡ ᠶᠢᠨ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠡᠷᠭᠦᠨ᠎ᠡ᠂ ᠬᠠᠤᠯᠢᠵᠢᠯ ᠤᠨ ᠡᠷᠭᠦᠨ᠎ᠡ ᠶᠢᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ ᠲᠡᠮᠡᠴᠡᠵᠦ᠂ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ︽ᠠᠮᠤᠷ ᠠᠮᠤᠭᠤᠯᠠᠩ ᠤᠨ ᠬᠠᠭᠤᠳᠠᠰᠤ︾ ᠶᠢ ᠪᠢᠴᠢᠭᠯᠡᠰᠦᠭᠡᠢ᠃
ᠢᠷᠡᠯᠲᠡ᠄ ᠬᠥᠯᠥᠨ ᠪᠤᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ