ᠡᠷᠭᠦᠨ᠎ᠡ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠡᠮ ᠳᠤ ᠣᠷᠣᠬᠤ ᠬᠡᠭᠡᠷ᠎ᠡ ᠶᠢᠨ ᠤᠷᠭᠤᠮᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠥᠷᠨᠢᠭᠦᠯᠪᠡ
ᠨᠡᠶᠢᠲᠡᠯᠡᠭᠰᠡᠨ ᠴᠠᠭ᠄
2023/12/14
    ᠡᠷᠭᠦᠨ᠎ᠡ ᠬᠤᠲᠠ ᠶᠢᠨ ᠲᠠᠯ᠎ᠠ ᠨᠤᠲᠤᠭ ᠲᠤ ᠴᠠᠨ᠎ᠠ ᠴᠡᠴᠡᠭ᠂ ᠪᠠᠢ ᠰᠢᠶᠠᠨ ᠫᠢ ᠵᠡᠷᠭᠡ ᠣᠯᠠᠨ ᠲᠥᠷᠥᠯ ᠤᠨ ᠬᠡᠭᠡᠷ᠎ᠡ ᠶᠢᠨ ᠤᠷᠭᠤᠮᠠᠯ ᠤᠷᠭᠤᠵᠤ ᠪᠠᠶᠢᠳᠠᠭ᠂ ᠡᠲᠡᠭᠡᠷ ᠬᠤᠪᠣᠷ ᠨᠠᠨᠳᠢᠨ ᠤᠷᠭᠤᠮᠠᠯ ᠤᠨ ᠡᠬᠢ ᠪᠠᠶᠠᠯᠢᠭ ᠨᠢ ᠬᠥᠷᠥᠰᠥ ᠰᠢᠷᠣᠶ ᠶᠢ ᠬᠠᠮᠠᠭᠠᠯᠠᠬᠤ᠂ ᠰᠠᠯᠬᠢᠨ ᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ᠂ ᠠᠮᠢ ᠠᠬᠤᠶ ᠶᠢᠨ ᠲᠡᠩᠴᠡᠭᠦᠷᠢ ᠶᠢ ᠬᠠᠮᠠᠭᠠᠯᠠᠬᠤ ᠪᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠪᠠᠲᠤᠯᠠᠬᠤ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ ᠪᠠᠶᠢᠳᠠᠭ᠃ ᠵᠢᠯ ᠪᠦᠷᠢ ᠶᠢᠨ 5 ᠰᠠᠷ᠎ᠠ ᠠᠴᠠ 10 ᠰᠠᠷ᠎ᠠ ᠪᠣᠯᠲᠠᠯᠠᠬᠢ ᠬᠤᠭᠤᠴᠠᠭ᠎ᠠ ᠪᠣᠯ ᠡᠮ ᠳᠤ ᠣᠷᠣᠬᠤ ᠬᠡᠭᠡᠷ᠎ᠡ ᠶᠢᠨ ᠤᠷᠭᠤᠮᠠᠯ ᠢ ᠬᠤᠯᠠᠭᠠᠶᠢᠯᠠᠨ ᠮᠠᠯᠲᠠᠬᠤ ᠬᠠᠤᠯᠢ ᠶᠢ ᠵᠥᠷᠢᠴᠡᠭᠰᠡᠨ ᠠᠵᠢᠯᠯᠠᠭ᠎ᠠ ᠤᠯᠠᠨ ᠡᠭᠦᠰᠳᠡᠭ ᠬᠤᠭᠤᠴᠠᠭ᠎ᠠ ᠪᠣᠯᠤᠨ᠎ᠠ᠃
额尔古纳市公安局森林公安派出所开展严厉打击盗挖野生药用植物违法行为联合巡查行动2.jpg
    ᠤᠢᠢᠷ᠎ᠠ ᠶᠢᠨ ᠵᠢᠯ ᠠᠴᠠ᠂ ᠡᠷᠭᠦᠨ᠎ᠡ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠢ ᠰᠢᠭᠤᠢ ᠨᠤᠲᠤᠭ ᠪᠡᠯᠴᠢᠭᠡᠷ ᠬᠡᠭᠡᠷ᠎ᠡ ᠶᠢᠨ ᠡᠮ ᠳᠤ ᠣᠷᠣᠬᠤ ᠤᠷᠭᠤᠮᠠᠯ ᠤᠨ ᠡᠬᠢ ᠪᠠᠶᠠᠯᠢᠭ ᠤᠨ ᠲᠣᠭᠤᠷᠢᠨ ᠳᠤ ᠲᠤᠰᠬᠠᠢ ᠴᠡᠭᠴᠡᠯᠡᠨ ᠵᠠᠰᠠᠯᠲᠠ ᠶᠢ ᠦᠷᠭᠦᠯᠵᠢᠯᠡᠨ ᠥᠷᠨᠢᠭᠦᠯᠵᠦ᠂ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃
额尔古纳市公安局森林派出所持续开展野生植物保护行动 (3).jpg
    2022 ᠣᠨ ᠳᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠪᠠᠶᠢᠩᠭᠤ ᠶᠢᠨ ᠴᠢᠨᠠᠷᠲᠠᠶ ᠴᠣᠬᠢᠯᠲᠠ ᠥᠭᠬᠦ ᠶᠢ ᠪᠠᠷᠢᠮᠲᠠᠯᠠᠭᠰᠠᠨ ᠤ ᠬᠠᠮᠲᠤ ᠡᠷᠭᠦᠨ᠎ᠡ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠡᠶᠢᠲᠡ 3 ᠤᠳᠠᠭᠠᠨ ᠤ ᠪᠥᠬᠦ ᠲᠠᠯ᠎ᠠ ᠶᠢᠨ ᠴᠢᠨᠠᠷᠲᠠᠶ ᠲᠥᠪᠯᠡᠷᠡᠩᠭᠦᠶ ᠨᠢᠭᠡᠳᠦᠯᠲᠡᠶ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠭᠰᠡᠨ ᠪᠠᠶᠢᠨ᠎ᠠ᠃ ᠪᠥᠬᠦ ᠬᠤᠲᠠ ᠶᠢᠨ ᠳᠡᠭᠡᠳᠦ ᠳᠣᠤᠷᠠᠳᠤ ᠱᠠᠲᠤ ᠪᠠᠷ ᠢᠶᠠᠨ ᠬᠦᠴᠦ ᠪᠠᠨ ᠬᠠᠮᠲᠤᠳᠬᠠᠨ ᠬᠠᠮᠵᠢᠯᠴᠠᠵᠤ᠂ ᠬᠠᠮᠲᠤ ᠪᠠᠷ ᠴᠢᠷᠮᠠᠶᠢᠬᠤ ᠪᠠᠷ ᠳᠡᠮᠵᠢᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠴᠠᠭᠳᠠᠭᠠᠨ ᠤ ᠲᠥᠷᠥᠯ ᠤᠨ ᠬᠢᠨ ᠰᠠᠨᠠᠭᠠᠴᠢᠯᠠᠭ᠎ᠠ ᠠᠴᠠ ᠪᠠᠨ ᠳᠠᠭᠠᠷᠢᠯᠲᠠ ᠬᠢᠵᠦ᠂ ᠬᠦᠴᠦᠲᠡᠶ ᠴᠣᠬᠢᠯᠲᠠ ᠥᠭᠴᠦ᠂ ᠣᠲᠣ ᠨᠢᠭᠡᠨᠲᠡ ᠢᠯᠡᠳᠲᠡ ᠦᠷ᠎ᠡ ᠪᠦᠲᠦᠮᠵᠢ ᠤᠯᠪᠠ᠃ 2022 ᠪᠠ 2023 ᠣᠨ ᠤ ᠬᠤᠶᠠᠷ ᠵᠢᠯ ᠳᠤ᠂ ᠡᠮ ᠳᠤ ᠣᠷᠣᠬᠤ ᠬᠡᠭᠡᠷ᠎ᠡ ᠶᠢᠨ ᠤᠷᠭᠤᠮᠠᠯ ᠢ ᠬᠠᠤᠯᠢ ᠪᠤᠰᠤ ᠪᠠᠷ ᠮᠠᠯᠲᠠᠵᠤ ᠬᠤᠳᠠᠯᠳᠤᠨ ᠠᠪᠤᠭᠰᠠᠨ ᠪᠠ ᠵᠥᠭᠡᠭᠡᠪᠦᠷᠢᠯᠡᠭᠰᠡᠨ 40 ᠬᠡᠷᠡᠭ ᠢ ᠢᠯᠡᠷᠡᠭᠦᠯᠵᠦ᠂ 93 ᠬᠥᠮᠦᠨ ᠤᠳᠠᠭ᠎ᠠ ᠵᠠᠰᠠᠭ ᠵᠠᠬᠢᠷᠭᠠᠨ ᠤ ᠰᠢᠳᠬᠡᠯ ᠥᠭᠴᠦ᠂ 19825.15 ᠺᠢᠯᠣᠭ᠍ᠷᠠᠮ ᠬᠡᠭᠡᠷ᠎ᠡ ᠶᠢᠨ ᠡᠮ ᠤᠨ ᠮᠠᠲ᠋ᠧᠷᠢᠶᠠᠯ᠂ ᠡᠮ ᠤᠨ ᠰᠡᠷᠡᠭᠡ ᠪᠠ ᠡᠮ ᠤᠨ ᠬᠤᠰᠤᠭᠤᠷ ᠵᠡᠷᠭᠡ ᠡᠮ ᠤᠨ ᠪᠠᠭᠠᠵᠢ ᠬᠡᠷᠡᠭᠰᠡᠯ ᠢ 118 ᠪᠠᠶᠢᠴᠠᠭᠠᠨ ᠬᠤᠷᠢᠶᠠᠵᠤ᠂ ᠬᠡᠷᠡᠭ ᠲᠤ ᠬᠤᠯᠪᠣᠭᠳᠠᠭᠰᠠᠨ 44 ᠮᠠᠰᠢᠨ ᠲᠡᠷᠭᠡ ᠶᠢ ᠳᠠᠷᠤᠵᠤ ᠠᠪᠴᠠᠶ᠃ 2023 ᠣᠨ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠪᠠᠯ᠂ ᠬᠡᠷᠡᠭ ᠤᠨ ᠲᠤᠭ᠎ᠠ 22 ᠤᠳᠠᠭ᠎ᠠ ᠪᠠᠭᠠᠰᠴᠤ᠂ 70.97% ᠪᠠᠷ ᠪᠠᠭᠤᠷᠠᠪᠠ︔ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠬᠥᠮᠦᠨ ᠤ ᠲᠤᠭ᠎ᠠ 65 ᠬᠥᠮᠦᠨ ᠬᠠᠰᠤᠭᠳᠠᠵᠤ᠂ 82.28% ᠪᠠᠷ ᠪᠠᠭᠤᠷᠠᠪᠠ︔ ᠪᠠᠶᠢᠴᠠᠭᠠᠵᠤ ᠣᠯᠤᠭᠰᠠᠨ ᠬᠡᠭᠡᠷ᠎ᠡ ᠶᠢᠨ ᠡᠮ ᠤᠨ ᠮᠠᠲ᠋ᠧᠷᠢᠶᠠᠯ ᠤᠨ ᠲᠤᠭ᠎ᠠ ᠬᠡᠮᠵᠢᠶ᠎ᠡ 16475.65 ᠺᠢᠯᠣᠭ᠍ᠷᠠᠮ ᠪᠠᠭᠠᠰᠴᠤ᠂ 90.77% ᠪᠠᠷ ᠪᠠᠭᠤᠷᠠᠪᠠ᠃ ᠡᠯ᠎ᠡ ᠵᠦᠢᠯ ᠤᠨ ᠲᠤᠭ᠎ᠠ ᠪᠠᠷᠢᠮᠲᠠ ᠠᠴᠠ ᠦᠵᠡᠪᠡᠯ᠂ ᠡᠷᠭᠦᠨ᠎ᠡ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠦᠴᠦᠲᠡᠶ ᠴᠣᠬᠢᠯᠲᠠ ᠥᠭᠴᠦ ᠬᠦᠴᠦᠲᠡᠶ ᠳᠠᠷᠤᠯᠲᠠ ᠦᠵᠡᠭᠦᠯᠬᠦ ᠪᠠᠶᠢᠳᠠᠯ ᠳᠣᠣᠷ᠎ᠠ᠂ ᠬᠠᠤᠯᠢ ᠶᠢ ᠵᠥᠷᠢᠴᠡᠭᠰᠡᠨ ᠡᠯ᠎ᠡ ᠵᠦᠢᠯ ᠤᠨ ᠠᠵᠢᠯᠯᠠᠭ᠎ᠠ ᠶᠡᠭᠡ ᠪᠠᠷ ᠪᠠᠭᠠᠰᠴᠤ᠂ ᠴᠣᠬᠢᠯᠲᠠ ᠥᠭᠴᠦ ᠰᠦᠷᠳᠡᠭᠦᠯᠬᠦ ᠦᠢᠯᠡᠳᠦᠯ ᠨᠢ ᠢᠯᠡᠳᠲᠡ ᠪᠠᠶᠢᠨ᠎ᠠ᠃
抓获盗挖滥采野生药用植物案件照片  (2).jpg
    ᠬᠡᠭᠡᠷ᠎ᠡ ᠶᠢᠨ ᠤᠷᠭᠤᠮᠠᠯ ᠪᠣᠯ ᠪᠠᠶᠢᠭᠠᠯᠢ ᠶᠢᠨ ᠠᠮᠢ ᠠᠬᠤᠶ ᠶᠢᠨ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠠᠵᠤ ᠠᠬᠤᠶ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠶᠢᠨ ᠳᠤᠲᠠᠭᠳᠠᠵᠤ ᠪᠣᠯᠤᠰᠢ ᠦᠭᠡᠢ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠮᠥᠨ᠃ ᠡᠷᠭᠦᠨ᠎ᠡ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠪᠠᠷ ᠭᠠᠷᠳᠠᠴᠠ ᠪᠣᠯᠭᠠᠵᠤ᠂ ᠴᠢᠩᠭ᠎ᠠ ᠴᠣᠬᠢᠯᠲᠠ ᠥᠭᠬᠦ ᠴᠢᠭᠯᠡᠯᠲᠡ ᠶᠢ ᠭᠤᠶᠢᠪᠢᠰᠢ ᠦᠭᠡᠢ ᠪᠠᠷᠢᠮᠲᠠᠯᠠᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠣᠭᠤᠷᠢᠨ ᠪᠠᠶᠢᠴᠠᠭᠠᠬᠤ᠂ ᠰᠦᠪᠡᠭᠴᠢ ᠶᠢ ᠪᠠᠶᠢᠴᠠᠭᠠᠨ ᠢᠯᠡᠷᠡᠭᠦᠯᠬᠦ ᠪᠠ ᠴᠣᠬᠢᠯᠲᠠ ᠥᠭᠬᠦ ᠦᠢᠯᠡᠳᠦᠯ ᠴᠢᠳᠠᠪᠤᠷᠢ ᠶᠢ ᠦᠷᠭᠦᠯᠵᠢᠯᠡᠨ ᠴᠢᠩᠭᠠᠳᠬᠠᠵᠤ᠂ ︽ᠡᠬᠢ ᠡᠭᠦᠰᠦᠯ ᠠᠴᠠ ᠨᠢ ᠴᠣᠬᠢᠯᠲᠠ ᠥᠭᠬᠦ᠂ ᠭᠦᠢᠯᠭᠡᠭᠡ ᠶᠢ ᠲᠠᠰᠤᠯᠬᠤ᠂ ᠭᠠᠳᠠᠭᠠᠳᠤ ᠭᠠᠷᠭᠠᠯᠲᠠ ᠶᠢ ᠪᠥᠭᠯᠡᠬᠦ︾ ᠶᠢ ᠡᠷᠡᠰ ᠪᠠᠷᠢᠮᠲᠠᠯᠠᠵᠤ᠂ ᠴᠣᠬᠢᠯᠲᠠ ᠥᠭᠴᠦ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠲᠠᠰᠤᠷᠠᠯᠳᠠ ᠦᠭᠡᠢ ᠪᠠᠬᠢᠵᠢᠭᠦᠯᠵᠦ᠂ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ ᠠᠬᠢᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠰᠠᠬᠢᠨ ᠬᠠᠮᠠᠭᠠᠯᠠᠬᠤ ᠳᠤ ᠳᠣᠲᠣᠭᠠᠳᠤ ᠶᠢ ᠬᠠᠮᠠᠭᠠᠯᠠᠬᠤ ᠬᠦᠴᠦᠨ ᠴᠢᠳᠠᠯ ᠢᠶᠠᠨ ᠡᠷᠭᠦᠪᠡ᠃
ᠢᠷᠡᠯᠲᠡ᠄ ᠬᠥᠯᠥᠨ ᠪᠤᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ