ᠲᠤᠯᠤᠨ ᠨᠠᠭᠤᠷ ᠰᠢᠶᠠᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠪᠦᠬᠦ ᠨᠠᠮ ᠤᠨ ᠭᠡᠰᠢᠭᠦᠨ ᠺᠠᠳ᠋ᠷᠴᠤᠳ ᠢᠶᠠᠨ ᠵᠣᠬᠢᠶᠠᠨ ᠪᠠᠶᠢᠭᠤᠯᠵᠤ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠭᠦᠯᠪᠡ
ᠨᠡᠶᠢᠲᠡᠯᠡᠭᠰᠡᠨ ᠴᠠᠭ᠄
2023/12/14
    12 ᠳ᠋ᠤᠭᠠᠷ ᠰᠠᠷ᠎ᠠ ᠶᠢᠨ 6 ᠤ ᠡᠳᠦᠷ᠂ ᠠᠷᠢᠭᠤᠨ ᠴᠢᠬᠡᠴᠢ ᠰᠣᠶᠣᠯ ᠤᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢᠨ ᠱᠠᠭᠠᠷᠳᠠᠯᠭ᠎ᠠ ᠶᠣᠰᠣᠭᠠᠷ᠂ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠲᠠᠢ ᠤᠶᠠᠯᠳᠤᠭᠤᠯᠵᠤ᠂ ᠰᠢᠯᠢ ᠶᠢᠨ ᠭᠤᠤᠯ ᠠᠶᠢᠮᠠᠭ ᠤᠨ ᠲᠤᠯᠤᠨ ᠨᠠᠭᠤᠷ ᠰᠢᠶᠠᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠰᠡᠷᠡᠮᠵᠢᠯᠡᠭᠦᠯᠬᠦ ᠬᠥᠮᠦᠵᠢᠯ ᠤᠨ ᠹᠢᠯᠢᠮ ︽ᠰᠡᠷᠡᠮᠵᠢ ᠶᠢᠨ ᠬᠤᠩᠬᠤ︾᠂ ︽ᠰᠡᠷᠭᠡᠶᠢᠯᠡᠯᠲᠡ ᠶᠢ ᠡᠪᠳᠡᠬᠦ︾ ᠶᠢ ᠵᠣᠬᠢᠶᠠᠨ ᠪᠠᠶᠢᠭᠤᠯᠤᠨ ᠦᠵᠡᠵᠦ᠂ ᠪᠦᠬᠦ ᠨᠠᠮ ᠤᠨ ᠭᠡᠰᠢᠭᠦᠨ ᠺᠠᠳ᠋ᠷ ᠨᠡᠶᠢᠳᠡ 150 ᠭᠠᠷᠤᠢ ᠬᠥᠮᠦᠨ ᠠᠵᠢᠯᠯᠠᠭ᠎ᠠ ᠳᠤ ᠣᠷᠣᠯᠴᠠᠪᠠ᠃
观看警示教育片.jpg  
     ᠺᠢᠨᠣ᠋ ᠳᠤ ᠰᠢᠩᠭᠡᠭᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠳᠤ᠂ ᠲᠤᠬᠠᠶ ᠶᠢᠨ ᠬᠥᠮᠦᠨ ᠬᠡᠷᠡᠭ ᠢᠶᠠᠷ ᠰᠠᠬᠢᠯᠭ᠎ᠠ ᠪᠠᠲᠤ ᠪᠠ ᠬᠠᠤᠯᠢ ᠴᠠᠭᠠᠵᠠ ᠶᠢ ᠶᠠᠷᠢᠵᠤ᠂ ᠥᠪᠡᠷ ᠤᠨ ᠠᠰᠢᠭ ᠲᠤᠰᠠ ᠶᠢᠨ ᠡᠮᠦᠨ᠎ᠡ ᠠᠭᠠᠵᠢᠮ ᠢᠶᠠᠷ ᠬᠦᠰᠡᠯᠡᠩ ᠢᠲᠡᠭᠡᠯ ᠪᠢᠰᠢᠷᠡᠯ ᠢᠶᠠᠨ ᠠᠯᠳᠠᠵᠤ᠂ ᠵᠥᠪ ᠶᠢᠷᠲᠢᠨᠴᠦ ᠶᠢᠨ ᠦᠵᠡᠯᠲᠡ᠂ ᠠᠮᠢᠳᠤᠷᠠᠬᠤᠶ ᠶᠢᠨ ᠦᠵᠡᠯᠲᠡ ᠪᠠᠨ ᠲᠠᠶᠠᠭᠳᠠᠭᠰᠠᠨ ᠢᠶᠠᠨ ᠭᠦᠨᠵᠡᠭᠡᠶ ᠵᠠᠳᠠᠯᠤᠨ ᠰᠢᠨᠵᠢᠯᠡᠵᠦ᠂ ᠠᠰᠢᠭ ᠲᠤᠰᠠ ᠶᠢᠨ ᠥᠳᠥᠭᠡᠯᠭᠡ ᠶᠢ ᠬᠤᠷᠢᠭᠯᠠᠵᠤ ᠳᠡᠶᠢᠯᠬᠦ ᠦᠭᠡᠢ᠂ ᠠᠯᠬᠤᠮ ᠠᠯᠬᠤᠮ ᠢᠶᠠᠷ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠴᠠᠭᠠᠵᠠ ᠶᠢ ᠵᠥᠷᠢᠴᠡᠭᠰᠡᠨ ᠵᠠᠮ ᠢᠶᠠᠷ ᠵᠠᠮᠨᠠᠵᠤ᠂ ᠡᠴᠦᠰ ᠲᠤ ᠪᠠᠨ ᠬᠠᠤᠯᠢ ᠴᠠᠭᠠᠵᠠ ᠶᠢᠨ ᠴᠢᠩᠭ᠎ᠠ ᠰᠢᠢᠳᠭᠡᠯ ᠢ ᠣᠯᠵᠤ᠂ ᠲᠦᠢᠯ ᠢᠶᠠᠷ ᠭᠡᠮᠰᠢᠪᠡ᠃ ᠠᠯᠢ ᠤᠯᠠᠨ ᠨᠡᠶᠢᠲᠡᠯᠢᠭ ᠬᠡᠷᠡᠭ ᠤᠨ ᠵᠢᠱᠢᠶ᠎ᠡ ᠨᠦᠭᠦᠳ ᠨᠢ ᠬᠥᠮᠦᠰ ᠢ ᠰᠣᠴᠢᠭᠠᠮ᠎ᠠ ᠬᠡᠮᠵᠢᠶᠡᠨ ᠳᠤ ᠬᠦᠷᠭᠡᠵᠦ᠂ ᠬᠥᠮᠦᠰ ᠢ ᠭᠦᠨ ᠰᠡᠳᠬᠢᠭᠦᠯᠳᠡᠭ᠃     ᠺᠢᠨᠣ᠋ ᠶᠢ ᠦᠵᠡᠭᠰᠡᠨ ᠤ ᠲᠠᠷᠠᠭ᠎ᠠ᠂ ᠤᠯᠠᠨ ᠢᠶᠠᠷ ᠢᠶᠠᠨ᠂ ᠬᠠᠤᠯᠢ ᠰᠠᠬᠢᠯᠭ᠎ᠠ ᠶᠢᠨ ᠤᠬᠠᠮᠰᠠᠷ ᠢᠶᠠᠨ ᠴᠢᠩᠭᠠᠳᠬᠠᠨ᠂ ᠤᠯᠠᠭᠠᠨ ᠱᠤᠭᠤᠮ᠂ ᠬᠤᠷᠢᠭ᠎ᠠ ᠱᠤᠭᠤᠮ ᠢ ᠪᠠᠲᠤ ᠰᠠᠬᠢᠵᠤ᠂ ᠴᠠᠭ ᠢᠮᠠᠭᠲᠠ ᠥᠪᠡᠷ ᠢ ᠪᠠᠨ ᠰᠡᠷᠡᠮᠵᠢᠯᠡᠭᠦᠯᠵᠦ᠂ ᠬᠤᠪᠳᠤᠭ ᠰᠢᠨᠤᠬᠠᠢ ᠶᠢᠨ ᠬᠤᠣᠷ ᠬᠥᠨᠥᠭᠡᠯ ᠢ ᠦᠷᠭᠦᠯᠵᠢ ᠪᠣᠳᠣᠯᠬᠢᠯᠠᠵᠤ᠂ ᠪᠡᠶ᠎ᠡ ᠪᠠᠨ ᠪᠠᠷᠢᠬᠤ ᠰᠡᠳᠬᠢᠯᠭᠡ ᠶᠢ ᠦᠷᠭᠦᠯᠵᠢ ᠡᠪᠦᠷᠯᠡᠵᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠶᠢ ᠪᠡᠶᠡᠯᠡᠭᠦᠯᠦᠨ᠎ᠡ ᠭᠡᠵᠦ ᠢᠯᠡᠳᠬᠡᠵᠡᠭᠡᠪᠡ᠃ ᠬᠤᠶᠢᠰᠢᠳᠠ ᠶᠢᠨ ᠠᠵᠢᠯ ᠳᠤᠮᠳᠠ ᠪᠠᠨ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠤᠬᠠᠮᠰᠠᠷ ᠠᠴᠠ ᠪᠠᠨ ᠨᠠᠮ ᠤᠨ ᠰᠠᠬᠢᠯᠭ᠎ᠠ ᠪᠠᠲᠤ ᠬᠠᠤᠯᠢ ᠲᠣᠭᠲᠠᠭᠠᠯ ᠪᠠ ᠴᠠᠭᠳᠠᠭ᠎ᠠ ᠶᠢᠨ ᠵᠠᠷᠯᠢᠭ ᠴᠠᠭᠳᠠᠭ᠎ᠠ ᠶᠢᠨ ᠰᠠᠬᠢᠯᠭ᠎ᠠ ᠶᠢ ᠵᠢᠷᠤᠮᠯᠠᠵᠤ᠂ ᠠᠷᠠᠳ ᠤᠨ ᠲᠥᠯᠥᠭᠡ ᠵᠢᠳᠬᠦᠬᠦ ᠤᠤᠷ ᠴᠢᠨᠠᠷ ᠢᠶᠠᠨ ᠡᠭᠦᠷᠢᠳᠡ ᠬᠠᠳᠠᠭᠠᠯᠠᠵᠤ᠂ ᠨᠠᠮ ᠳᠤ ᠪᠠᠨ ᠦᠨᠡᠨᠴᠢ ᠰᠢᠳᠤᠷᠭᠤ᠂ ᠠᠷᠠᠳ ᠲᠦᠮᠡᠨ ᠳᠤ ᠦᠢᠯᠡᠴᠢᠯᠡᠬᠦ᠂ ᠲᠥᠪ ᠭᠤᠣᠯᠴᠢ ᠪᠠᠷ ᠬᠠᠤᠯᠢ ᠬᠡᠷᠡᠭᠵᠢᠭᠦᠯᠬᠦ᠂ ᠰᠠᠬᠢᠯᠭ᠎ᠠ ᠪᠠᠲᠤ ᠴᠢᠩᠭ᠎ᠠ ᠲᠣᠳᠣᠷᠬᠠᠢ ᠳᠣᠲᠣᠭᠠᠳᠤ ᠶᠢ ᠬᠠᠮᠠᠭᠠᠯᠠᠬᠤ ᠲᠡᠮᠤᠷ ᠴᠡᠷᠢᠭ ᠢ ᠪᠠᠶᠢᠭᠤᠯᠰᠤᠭᠠᠢ᠃ 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ