ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠤᠯᠠᠭᠠᠨ ᠬᠥᠬᠡ ᠶᠢᠨ ᠡᠰᠡᠷᠭᠦᠴᠡᠯᠳᠦᠯ︾ ᠤᠨ ᠳᠠᠶᠢᠴᠢᠯᠠᠬᠤ ᠰᠣᠷᠢᠯᠲᠠ ᠵᠢᠴᠢ ᠰᠦᠷᠳᠡᠭᠦᠯᠦᠯ ᠢ ᠡᠰᠡᠷᠭᠦᠴᠡᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2023/12/14
     12 ᠳ᠋ᠤᠭᠠᠷ ᠰᠠᠷ᠎ᠠ ᠶᠢᠨ 8 ᠤ ᠡᠳᠦᠷ᠂ ᠰᠢᠯᠢ ᠶᠢᠨ ᠭᠤᠤᠯ ᠠᠶᠢᠮᠠᠭ ᠤᠨ ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠦᠷᠳᠡᠭᠦᠯᠦᠯ ᠢ ᠡᠰᠡᠷᠭᠦᠴᠡᠬᠦ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ︽ᠤᠯᠠᠭᠠᠨ ᠬᠥᠬᠡ ᠶᠢᠨ ᠡᠰᠡᠷᠭᠦᠴᠡᠯᠳᠦᠯ︾ ᠤᠨ ᠳᠠᠶᠢᠴᠢᠯᠠᠬᠤ ᠰᠣᠷᠢᠯᠲᠠ ᠵᠢᠴᠢ ᠰᠦᠷᠳᠡᠭᠦᠯᠦᠯ ᠢ ᠡᠰᠡᠷᠭᠦᠴᠡᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃
演练 (1).jpg
     ᠰᠣᠷᠢᠯᠲᠠ ᠶᠢᠨ ᠲᠤᠬᠠᠢ ᠶᠢᠨ ᠲᠠᠯᠠᠪᠠᠢ ᠳᠤ᠂ ᠣᠨᠴᠠ ᠲᠥᠷᠦᠯ ᠤᠨ ᠴᠠᠭᠳᠠᠭ᠎ᠠ ᠶᠢᠨ ᠭᠠᠪᠰᠢᠭᠠᠢ ᠠᠩᠭᠢ ᠶᠢᠨ ᠪᠠᠶᠢᠯᠳᠤᠬᠤ ᠠᠷᠭ᠎ᠠ ᠶᠢᠨ ᠡᠩᠨᠡᠭᠡ ᠶᠢᠨ ᠰᠣᠷᠢᠯᠲᠠ ᠪᠠ ︽ᠤᠯᠠᠭᠠᠨ ᠬᠥᠬᠡ ᠶᠢᠨ ᠡᠰᠡᠷᠭᠦᠴᠡᠯᠳᠦᠯ︾ ᠤᠨ ᠳᠠᠶᠢᠴᠢᠯᠠᠬᠤ ᠰᠣᠷᠢᠯᠲᠠ ᠲᠡᠰ ᠳᠠᠷᠠᠭᠠᠯᠠᠨ ᠶᠠᠪᠤᠭᠳᠠᠪᠠ᠃ ᠲᠣᠰ ᠤᠳᠠᠭᠠᠨ ᠤ ᠰᠣᠷᠢᠯᠲᠠ ᠳᠤ︽ᠪᠣᠳᠠᠲᠤ ᠪᠠᠶᠢᠯᠳᠤᠭᠠᠨ ᠤ ᠲᠣᠭᠤᠷᠢᠨ ᠳᠤ᠂ ᠪᠣᠳᠠᠲᠤ ᠪᠠᠶᠢᠯᠳᠤᠭᠠᠨ ᠲᠠᠢ ᠨᠢᠭᠲᠠ ᠤᠶᠠᠯᠳᠤᠭᠤᠯᠬᠤ︾ ᠪᠠᠷ ᠶᠡᠷᠦᠩᠬᠡᠢ ᠱᠠᠭᠠᠷᠳᠠᠯᠭ᠎ᠠ ᠪᠣᠯᠭᠠᠵᠤ᠂ ᠪᠠᠶᠢᠯᠳᠤᠬᠤ ᠠᠷᠭ᠎ᠠ ᠶᠢᠨ ᠳᠤᠭᠤᠶᠢᠯᠠᠩ ᠤᠨ ᠡᠩᠨᠡᠭᠡ ᠶᠢᠨ ᠰᠣᠷᠢᠯᠲᠠ᠂ ᠰᠦᠷᠳᠡᠭᠦᠯᠦᠯ ᠢ ᠡᠰᠡᠷᠭᠦᠴᠡᠬᠦ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠰᠣᠷᠢᠯᠲᠠ᠂ ᠰᠦᠷᠳᠡᠭᠦᠯᠦᠯ ᠢ ᠡᠰᠡᠷᠭᠦᠴᠡᠬᠦ ᠤᠬᠠᠭᠤᠯᠭ᠎ᠠ᠂ ᠵᠡᠪᠰᠡᠭ ᠲᠣᠨᠣᠭᠯᠠᠯ ᠪᠠᠭᠠᠵᠢ ᠬᠡᠷᠡᠭᠰᠡᠯ ᠤᠨ ᠦᠵᠡᠭᠦᠯᠦᠯᠭᠡ ᠵᠡᠷᠭᠡ 4 ᠭᠤᠭᠴᠤᠭ᠎ᠠ ᠶᠢ ᠲᠣᠬᠢᠷᠠᠭᠤᠯᠪᠠ᠃ ᠴᠠᠭᠳᠠᠭᠤᠯ ᠤᠨ ᠪᠠᠶᠢᠳᠠᠯ ᠢ ᠳᠠᠭᠤᠷᠢᠶᠠᠵᠤ᠂ ᠪᠣᠳᠠᠲᠠᠢ ᠪᠠᠶᠢᠯᠳᠤᠭᠠᠨ ᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠲᠠᠢ ᠤᠶᠠᠯᠳᠤᠭᠤᠯᠤᠨ᠂ ᠣᠨᠴᠠ ᠲᠥᠷᠦᠯ ᠤᠨ ᠴᠠᠭᠳᠠᠭ᠎ᠠ ᠶᠢᠨ ᠠᠩᠭᠢ ᠶᠢᠨ ᠪᠠᠴᠢᠮ ᠪᠠᠶᠢᠳᠠᠯ ᠢ ᠠᠷᠭᠠᠴᠠᠭᠠᠵᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠪᠠ ᠬᠠᠮᠤᠭ ᠤᠨ ᠪᠠᠭ᠎ᠠ ᠪᠠᠶᠢᠯᠳᠤᠭᠠᠨ ᠤ ᠨᠢᠭᠡᠴᠢ ᠶᠢᠨ ᠲᠤᠬᠠᠢ ᠶᠢᠨ ᠲᠠᠯᠠᠪᠤᠷ ᠲᠤ ᠵᠢᠯᠣᠭᠤᠳᠤᠨ ᠰᠢᠢᠳᠪᠦᠷᠢᠯᠡᠬᠦ ᠴᠢᠳᠠᠪᠤᠷᠢ ᠶᠢᠨ ᠬᠢᠷᠢ ᠲᠦᠪᠰᠢᠨ ᠢ ᠪᠥᠬᠦ ᠳᠠᠯ᠎ᠠ ᠪᠠᠷ ᠬᠢᠨᠠᠨ ᠰᠢᠯᠭᠠᠪᠠ᠃     ᠰᠣᠷᠢᠯᠲᠠ ᠶᠢᠨ ᠳᠠᠷᠠᠭ᠎ᠠ᠂ ᠰᠦᠷᠳᠡᠭᠦᠯᠦᠯ ᠢ ᠡᠰᠡᠷᠭᠦᠴᠡᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠤᠬᠠᠢ ᠶᠢᠨ ᠲᠠᠯᠠᠪᠤᠷ ᠲᠤ ᠤᠬᠠᠭᠤᠯᠭ᠎ᠠ ᠶᠢᠨ ᠵᠢᠷᠤᠭ ᠢ ᠳᠡᠯᠭᠡᠨ ᠦᠵᠡᠭᠦᠯᠦᠭᠰᠡᠨ ᠪᠥᠭᠡᠳ ᠤᠯᠠᠨ ᠲᠦᠮᠡᠨ ᠳᠤ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠷᠳᠡᠭᠦᠯᠬᠦ ᠦᠵᠡᠯ ᠢ ᠡᠰᠡᠷᠭᠦᠴᠡᠬᠦ ᠬᠠᠤᠯᠢ︾ ᠵᠡᠷᠭᠡ ᠲᠠᠯ᠎ᠠ ᠶᠢᠨ ᠤᠬᠠᠭᠤᠯᠭ᠎ᠠ ᠶᠢᠨ ᠬᠠᠭᠤᠳᠠᠰᠤ᠂ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠨᠢᠭᠤᠷᠳᠠᠨ ᠲᠠᠶᠢᠯᠪᠤᠷᠢᠯᠠᠬᠤ ᠬᠡᠯᠪᠡᠷᠢ ᠪᠠᠷ ᠰᠦᠷᠳᠡᠭᠦᠯᠦᠯ ᠢ ᠡᠰᠡᠷᠭᠦᠴᠡᠬᠦ ᠬᠠᠤᠯᠢ ᠴᠠᠭᠠᠵᠠ ᠶᠢᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠪᠠ᠃ ᠤᠬᠠᠭᠤᠯᠭ᠎ᠠ ᠬᠥᠮᠦᠵᠢᠯ ᠢᠶᠠᠷ ᠳᠠᠮᠵᠢᠭᠤᠯᠤᠨ᠂ ᠪᠦᠬᠦ ᠠᠷᠠᠳ ᠤᠨ ᠰᠦᠷᠳᠡᠭᠦᠯᠦᠯ ᠢ ᠡᠰᠡᠷᠭᠦᠴᠡᠬᠦ ᠣᠯᠠᠨ ᠲᠦᠮᠡᠨ ᠤ ᠰᠠᠭᠤᠷᠢ ᠶᠢ ᠪᠣᠳᠠᠲᠠᠢ ᠪᠠᠷ ᠡᠷᠬᠢᠮᠯᠡᠵᠦ᠂ ᠣᠯᠠᠨ ᠲᠦᠮᠡᠨ ᠤ ᠰᠡᠷᠭᠡᠶᠢᠯᠡᠬᠦ ᠤᠬᠠᠮᠰᠠᠷ ᠴᠢᠳᠠᠪᠤᠷᠢ ᠶᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ︽ᠪᠦᠬᠦ ᠠᠷᠠᠳ ᠢᠶᠠᠷ ᠢᠶᠠᠨ ᠰᠦᠷᠳᠡᠭᠦᠯᠦᠯ ᠢ ᠡᠰᠡᠷᠭᠦᠴᠡᠬᠦ᠂ ᠪᠦᠬᠦ ᠠᠷᠠᠳ ᠢᠶᠠᠷ ᠢᠶᠠᠨ ᠰᠦᠷᠳᠡᠭᠦᠯᠦᠯ ᠢ ᠰᠡᠷᠭᠡᠶᠢᠯᠡᠬᠦ︾ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠣᠯᠭᠠᠪᠠ᠃
 演练 (2).png
     ᠲᠤᠰ ᠤᠳᠠᠭᠠᠨ ᠤ ᠰᠦᠷᠳᠡᠭᠦᠯᠦᠯ ᠢ ᠡᠰᠡᠷᠭᠦᠴᠡᠵᠦ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠰᠣᠷᠢᠯᠲᠠ ᠪᠠ ᠤᠬᠠᠭᠤᠯᠭ᠎ᠠ ᠬᠥᠮᠦᠵᠢᠯ ᠢᠶᠠᠷ ᠲᠣᠬᠢᠶᠠᠯ ᠪᠣᠯᠭᠠᠵᠤ᠂ ᠬᠦᠴᠦᠷᠬᠡᠭᠯᠡᠯ ᠰᠦᠷᠳᠡᠭᠦᠯᠦᠯ ᠤᠨ ᠬᠡᠷᠡᠭ ᠢ ᠰᠢᠢᠳᠪᠦᠷᠢᠯᠡᠬᠦ ᠰᠣᠷᠢᠯᠲᠠ ᠶᠢᠨ ᠲᠤᠷᠰᠢᠯᠭ᠎ᠠ ᠶᠢ ᠨᠠᠷᠢᠨ ᠬᠢᠨᠠᠮᠠᠭᠠᠢ ᠰᠤᠳᠤᠯᠤᠨ ᠳ᠋ᠦᠩᠨᠡᠵᠦ᠂ ᠣᠳᠣᠬᠠᠨ ᠤ ᠠᠮᠤᠷ ᠲᠦᠪᠰᠢᠨ ᠤ ᠪᠠᠶᠢᠳᠠᠯ ᠢ ᠦᠨᠳᠦᠰᠦᠯᠡᠨ᠂ ᠰᠤᠷᠭᠠᠭᠤᠯᠢᠯᠠᠯ ᠤᠨ ᠭᠤᠣᠯᠳᠠᠯᠭ᠎ᠠ ᠲᠠᠢ ᠬᠢᠴᠢᠶᠡᠯ ᠲᠥᠷᠥᠯ ᠳᠤ ᠴᠠᠭ ᠲᠤᠬᠠᠢ ᠳᠤ ᠨᠢ ᠲᠣᠬᠢᠷᠠᠭᠤᠯᠤᠯᠲᠠ ᠬᠢᠵᠦ᠂ ᠲᠤᠬᠠᠢ ᠶᠢᠨ ᠲᠠᠯᠠᠪᠤᠷ ᠤᠨ ᠡᠰᠡᠷᠭᠦᠴᠡᠯᠳᠦᠯ ᠢ ᠴᠢᠩᠭᠠᠳᠬᠠᠨ᠂ ᠪᠣᠳᠠᠲᠤ ᠪᠠᠶᠢᠯᠳᠤᠭᠠᠨ ᠤ ᠴᠡᠷᠢᠭ ᠤᠨ ᠰᠤᠷᠭᠠᠭᠤᠯᠢᠯᠠᠯ ᠢ ︽ᠵᠢᠷᠤᠮᠵᠢᠭᠰᠠᠨ᠂ ᠰᠢᠨᠵᠢᠯᠡᠬᠦ ᠤᠬᠠᠭᠠᠨᠴᠢᠯᠠᠭᠰᠠᠨ᠂ ᠬᠡᠷᠡᠭᠯᠡᠬᠡᠨᠴᠢᠯᠡᠭᠰᠡᠨ︾ ᠴᠢᠭᠯᠡᠯ ᠢᠶᠠᠷ ᠤᠷᠤᠭᠰᠢᠯᠠᠭᠤᠯᠵᠤ᠂ ᠪᠠᠶᠢᠯᠳᠤᠬᠤ ᠠᠷᠭ᠎ᠠ ᠶᠢᠨ ᠤᠷ᠎ᠠ ᠴᠢᠳᠠᠪᠤᠷᠢ ᠶᠢ ᠤᠯᠠᠮ ᠨᠢᠭᠡ ᠠᠯᠬᠤᠮ ᠵᠢᠷᠤᠮᠵᠢᠭᠤᠯᠤᠨ ᠪᠣᠳᠠᠲᠤ ᠪᠠᠶᠢᠯᠳᠤᠭᠠᠨ ᠳᠤ ᠬᠡᠷᠡᠭᠯᠡᠵᠦ᠂ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠪᠡᠶᠡᠯᠡᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠰᠢᠨ᠎ᠡ ᠬᠤᠪᠢ ᠨᠡᠮᠡᠷᠢ ᠦᠵᠡᠬᠦᠯᠪᠡ᠃ 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ