ᠪᠠᠭᠠᠷᠢᠨ ᠵᠡᠬᠦᠨ ᠬᠤᠰᠢᠭᠤᠨ ᠤ ᠲᠤᠳᠤᠭᠠᠲᠦ ᠶᠢ ᠬᠠᠮᠠᠭᠠᠯᠠᠬᠤ ᠲᠤᠪᠴᠢᠶ᠎ᠡ ᠨᠢ ᠲᠡᠷᠭᠡᠨ ᠳᠠᠬᠢ ᠡᠳ᠋ ᠮᠦᠩᠬᠦ ᠶᠢ ᠬᠤᠯᠠᠭᠠᠢᠯᠠᠭᠳᠠᠭᠰᠠᠨ ᠬᠡᠷᠡᠭ ᠢ ᠢᠯᠡᠷᠡᠬᠦᠯᠪᠡ
ᠨᠡᠶᠢᠲᠡᠯᠡᠭᠰᠡᠨ ᠴᠠᠭ᠄
2023/12/15
      ᠣᠶᠢᠷ᠎ᠠ ᠳᠤ᠂ ᠤᠯᠠᠭᠠᠨᠬᠠᠳᠠ ᠬᠤᠲᠠ ᠶᠢᠨ ᠪᠠᠭᠠᠷᠢᠨ ᠵᠡᠬᠦᠨ ᠬᠤᠰᠢᠭᠤᠨ ᠤ ᠡᠷᠡᠬᠦᠤ ᠶᠢᠨ ᠴᠠᠭᠳᠠᠭᠠᠨ ᠤ ᠠᠩᠬᠢ ᠨᠢ ᠬᠠᠷᠢᠶ᠎ᠠ ᠣᠷᠣᠨ ᠤ ᠡᠤ ᠤᠪᠤᠬᠳᠦ ᠶᠢᠨ ᠲᠡᠷᠭᠡᠨ ᠳᠤᠲᠤᠷ᠎ᠠ ᠳᠠᠯᠪᠢᠵᠦ ᠪᠠᠢᠬᠰᠠᠨ ᠲᠦᠮᠡᠨ ᠲᠦᠬᠦᠷᠢᠭ ᠢᠶᠠᠨ ᠬᠤᠯᠠᠭᠠᠶᠢᠯᠠᠭᠳᠠᠪᠠ ᠭᠡᠰᠡᠨ ᠬᠡᠷᠡᠭ ᠤᠨ ᠮᠡᠳᠡᠬᠦᠯᠤᠯᠳᠡ ᠵᠠ ᠤᠯᠤᠬᠰᠠᠨ ᠤ ᠳᠠᠷᠠᠭ᠎ᠠ᠂ ᠲᠡᠷᠡ ᠳᠠᠷᠣᠢ ᠳᠤ ᠨᠢ ᠲᠣᠰ ᠬᠡᠷᠡᠭ ᠲᠤ ᠪᠠᠶᠢᠴᠠᠭᠠᠯᠲᠠ ᠬᠢᠪᠡ᠃ ᠪᠠᠶᠢᠴᠠᠭᠠᠨ ᠢᠯᠡᠷᠡᠬᠦᠯᠤᠭ᠍ᠰᠡᠨ ᠢᠶᠠᠷ ᠹᠧᠩ ᠤᠪᠤᠬᠲᠦ᠂ ᠶᠠᠩ ᠤᠪᠤᠬᠲᠦ ᠨᠢ ᠬᠦᠨᠳᠦ ᠶᠡᠭᠡ ᠬᠡᠷᠡᠭ ᠬᠢᠭᠰᠡᠨ ᠰᠡᠵᠢᠭᠯᠡᠯᠲᠡᠢ ᠪᠠᠶᠢᠬᠤ ᠶᠢ ᠮᠡᠳᠡᠭᠰᠡᠨ ᠪᠠᠶᠢᠨ᠎ᠠ᠃ ᠬᠤᠲᠡ ᠬᠤᠰᠢᠭᠤ ᠬᠤᠶᠠᠷ ᠱᠠᠳᠤᠨ ᠤ ᠲᠣᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠢᠭᠲᠠ ᠬᠠᠮᠵᠢᠯᠴᠠᠭ᠎ᠠ ᠪᠠ ᠪᠤᠰᠤᠤᠨ ᠬᠤᠰᠢᠭᠤ ᠰᠢᠶᠡᠨ ᠤ ᠴᠠᠬᠳᠠᠭᠠᠨ ᠤ ᠲᠠᠯ᠎ᠡ ᠶᠢᠨ ᠬᠠᠯᠠᠭᠤᠨ ᠳᠡᠮᠵᠢᠯᠭᠡ ᠲᠤᠤᠷ᠎ᠠ᠂ ᠤᠯᠠᠭᠠᠨᠬᠠᠳᠠ ᠬᠤᠳᠡ ᠶᠢᠨ ᠪᠠᠭᠠᠷᠢᠨ ᠪᠠᠷᠠᠭᠤᠨ ᠬᠤᠰᠢᠭᠤ᠂ ᠤᠯᠠᠭᠠᠨᠴᠠᠪ ᠬᠤᠲᠡ ᠶᠢᠨ ᠱᠠᠩᠳᠤ ᠰᠢᠶᠡᠨ ᠠᠴᠠ ᠶᠡᠯ᠎ᠡ ᠬᠢᠭᠰᠡᠨ ᠰᠡᠵᠢᠭᠲᠡᠨ ᠹᠧᠩ ᠤᠪᠤᠬᠳᠦ᠂ ᠶᠠᠩ ᠤᠪᠤᠬᠲᠦ ᠶᠢ ᠪᠡᠷᠢᠪᠴᠢᠯᠡᠵᠡᠢ᠃     ᠰᠢᠬᠦᠨ ᠠᠰᠠᠭᠤᠬᠰᠠᠨ ᠳᠤ᠂ ᠬᠤᠶᠠᠷ ᠶᠡᠯ᠎ᠠ ᠬᠢᠭᠰᠡᠨ ᠰᠡᠵᠢᠭᠲᠡᠨ ᠪᠤᠳᠠᠳᠦ ᠶᠡᠯ᠎ᠡ ᠬᠢᠭᠰᠡᠨ ᠬᠡᠷᠡᠭ ᠤᠨ ᠪᠠᠶᠢᠳᠠᠯ ᠢᠶᠠᠨ ᠨᠢᠭᠤᠯ ᠦᠬᠡᠢ ᠦᠴᠢᠭᠯᠡᠨ ᠮᠡᠳᠡᠷᠡᠵᠦ᠂ ᠬᠤᠯᠠᠭᠠᠢᠯᠠᠭᠳᠠᠭᠰᠠᠨ ᠵᠤᠭᠤᠰ ᠢ ᠪᠦᠬᠦᠨ ᠢ ᠨᠡᠬᠡᠵᠦ ᠠᠪᠴᠢᠷᠠᠪᠠ᠃     ᠤᠳᠤᠬᠠᠨ ᠳᠤ ᠬᠡᠷᠡᠭ ᠢ ᠤᠯᠠᠮ ᠨᠢᠭᠡ ᠠᠯᠬᠤᠮ ᠲᠠᠩᠨᠡᠨ ᠰᠢᠢᠤᠨᠪᠤᠷᠢᠯᠡᠵᠦ ᠪᠠᠶᠢᠨ᠎ᠠ᠃
ᠢᠷᠡᠯᠲᠡ᠄ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ