ᠪᠠᠭᠠᠷᠢᠨ ᠵᠡᠬᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠨᠢ ᠮᠠᠯ ᠣᠨᠤᠭ᠎ᠠ ᠬᠤᠯᠭᠠᠢᠯᠠᠬᠰᠠᠨ ᠰᠢᠷᠢᠰ ᠬᠡᠷᠡᠭ ᠢ ᠢᠯᠡᠷᠡᠬᠦᠯᠪᠡ
ᠨᠡᠶᠢᠲᠡᠯᠡᠭᠰᠡᠨ ᠴᠠᠭ᠄
2023/12/15
    ᠣᠶᠢᠷ᠎ᠠ ᠳᠤ᠂ ᠤᠯᠠᠭᠠᠨᠬᠠᠳᠠ ᠬᠤᠲᠠ ᠶᠢᠨ ᠪᠠᠭᠠᠷᠢᠨ ᠵᠡᠬᠦᠨ ᠬᠤᠰᠢᠭᠠᠤᠨ ᠤ ᠲᠣᠳᠣᠭᠠᠳᠦ ᠶᠢ ᠬᠠᠮᠠᠭᠠᠯᠠᠬᠤ ᠲᠤᠪᠴᠢᠶ᠎ᠠ ᠨᠢ ᠤᠷᠢᠤᠨ ᠬᠤᠵᠢᠤᠨ ᠲᠤᠰᠬᠤᠨ ᠤ ᠠᠷᠠᠤᠨ ᠤᠨ ᠮᠠᠯ ᠣᠨᠤᠭ᠎ᠠ ᠨᠢ ᠬᠤᠯᠠᠭᠠᠶᠢᠯᠠᠭᠳᠠᠪᠠ ᠭᠡᠰᠡᠨ ᠬᠡᠷᠡᠭ ᠤᠨ ᠮᠡᠳᠡᠬᠦᠯᠤᠯᠳᠡ ᠶᠢ ᠲᠤᠰᠪᠠ᠃ ᠬᠡᠷᠡᠭ ᠤᠨ ᠮᠡᠳᠡᠬᠦᠯᠤᠯᠲᠡ ᠶᠢ ᠲᠤᠰᠤᠭᠰᠠᠨ ᠤ ᠳᠠᠷᠠᠭ᠎ᠠ᠂ ᠡᠷᠡᠬᠦᠤ ᠶᠢᠨ ᠴᠠᠭᠳᠠᠭᠠᠨ ᠤ ᠠᠩᠬᠢ ᠨᠢ ᠲᠡᠷᠡ ᠳᠠᠷᠣᠢ ᠲᠣᠰ ᠬᠡᠷᠡᠭ ᠲᠤ ᠪᠠᠶᠢᠴᠠᠭᠠᠯᠲᠠ ᠬᠢᠪᠡ᠃ ᠤᠯᠠᠨ ᠡᠳᠤᠷ ᠤᠨ ᠮᠦᠷᠳᠡᠨ ᠪᠠᠢᠴᠠᠭᠠᠯᠳᠡ ᠵᠢᠴᠢ ᠬᠠᠮᠳᠤᠷᠡᠨ ᠪᠠᠶᠢᠯᠳᠤᠬᠤ ᠲᠦᠪ ᠤᠨ ᠬᠦᠴᠦᠲᠡᠢ ᠳᠡᠮᠵᠢᠯᠭᠡ ᠲᠤᠤᠷ᠎ᠠ ᠶᠡᠯ᠎ᠡ ᠬᠢᠭᠰᠡᠨ ᠰᠡᠵᠢᠭᠲᠡᠨ ᠼᠤᠤ ᠤᠪᠤᠬᠳᠦ᠂ ᠯᠢ ᠤᠪᠤᠬᠲᠦ᠂ ᠪᠡᠢ ᠤᠪᠤᠬᠳᠦ ᠬᠡᠵᠦ ᠪᠠᠶᠢᠴᠠᠭᠠᠨ ᠲᠣᠳᠣᠯᠠᠬᠤ ᠶᠢᠨ ᠬᠠᠮᠳᠦ ᠪᠡᠷᠢᠪᠴᠢᠯᠠᠪᠠ᠃    ᠰᠢᠬᠦᠨ ᠠᠰᠠᠭᠤᠭᠰᠠᠨ ᠤ ᠳ᠋ᠦᠩ ᠳᠤ᠂ ᠶᠡᠯ᠎ᠡ ᠬᠢᠭᠰᠡᠨ ᠰᠡᠵᠢᠭᠲᠡᠨ ᠽᠣᠣ ᠤᠪᠤᠬᠲᠦ᠂ ᠯᠢ ᠤᠪᠤᠬᠲᠦ᠂ ᠪᠡᠢ ᠤᠪᠤᠬᠲᠦ ᠨᠢ ᠪᠠᠭᠠᠷᠢᠨ ᠵᠡᠬᠦᠨ ᠬᠤᠰᠢᠭᠤᠨ ᠤ ᠬᠡᠪᠴᠢᠶᠡᠨ ᠳᠤ ᠬᠡᠰᠤᠵᠦ 10 ᠤᠳᠠᠭ᠎ᠠ ᠬᠡᠷᠡᠭ ᠦᠢᠯᠡᠳᠴᠦ᠂ 18 ᠲᠤᠯᠤᠭᠠᠢ ᠮᠠᠯ ᠤᠨᠤᠭ᠎ᠠ ᠬᠤᠯᠠᠭᠠᠢᠯᠠᠬᠰᠠᠨ ᠶᠡᠯ᠎ᠡ ᠶᠢᠨ ᠪᠤᠳᠡᠲᠡᠢ ᠬᠡᠷᠡᠭ ᠢᠶᠠᠨ ᠦᠴᠢᠭᠯᠡᠨ ᠮᠡᠳᠡᠷᠡᠵᠡᠢ᠃    ᠣᠳᠤᠬᠠᠨ ᠳᠤ᠂ ᠶᠡᠯ᠎ᠡ ᠬᠢᠭᠰᠡᠨ ᠰᠡᠵᠢᠭᠲᠡᠨ ᠳᠤ ᠴᠦᠮ ᠬᠠᠤᠯᠢ ᠶᠤᠰᠤᠭᠠᠷ ᠡᠷᠡᠬᠦᠤ ᠶᠢᠨ ᠬᠡᠷᠡᠭ ᠤᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠦ ᠬᠡᠷᠡᠭ ᠢ ᠤᠯᠠᠮ ᠴᠢᠨᠠᠬᠰᠢᠳᠠ ᠲᠡᠩᠨᠠᠨ ᠰᠢᠢᠤᠨᠪᠤᠷᠢᠯᠡᠵᠦ ᠪᠠᠶᠢᠨ᠎ᠠ᠃
ᠢᠷᠡᠯᠲᠡ᠄ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ