ᠬᠠᠩᠭᠢᠨ ᠬᠤᠶᠢᠳᠤ ᠬᠤᠰᠢᠭᠤᠨ ᠤ ᠴᠠᠭᠳᠠᠭ᠎ᠠ ᠠᠷᠠᠳ ᠬᠠᠮᠵᠢᠯᠴᠠᠨ ᠬᠦᠨᠳᠦ ᠰᠢᠷᠬᠠᠳᠤᠭᠰᠠᠨ ᠵᠤᠯᠵᠠᠭ᠎ᠠ ᠬᠤᠨ ᠭᠠᠯᠠᠭᠤ ᠶᠢ ᠠᠪᠤᠷᠠᠪᠠ
ᠨᠡᠶᠢᠲᠡᠯᠡᠭᠰᠡᠨ ᠴᠠᠭ᠄
2023/12/18
   11 ᠳ᠋ᠦ᠋ᠭᠡᠷ ᠰᠠᠷ᠎ᠠ ᠶᠢᠨ 30 ᠤ ᠡᠳᠦᠷ᠂ ᠪᠠᠶᠠᠨᠨᠠᠭᠤᠷ ᠬᠤᠲᠠ ᠶᠢᠨ ᠬᠠᠩᠭᠢᠨ ᠬᠤᠶᠢᠳᠤ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠲᠸᠦ ᠳ᠋ᠣᠤ ᠴᠢᠶᠣᠤ ᠳᠠᠬᠢ ᠲᠤᠮᠢᠯᠠᠭᠰᠠᠨ ᠰᠠᠯᠪᠤᠷᠢ ᠶᠢᠨ ᠬᠢᠨ ᠣᠯᠠᠨ ᠲᠦᠮᠡᠨ ᠤ ᠲᠤᠰᠠᠯᠠᠮᠵᠢ ᠭᠤᠶᠤᠯᠳᠠ ᠶᠢ ᠲᠤᠰᠴᠤ᠂ ᠦᠪᠡᠷ ᠤᠨ ᠠᠷᠥ ᠬᠦᠷᠢᠶᠡᠨ ᠤ ᠲᠠᠷᠢᠶᠠᠨ ᠭᠠᠵᠠᠷ ᠠᠴᠠ ᠪᠠᠨ ᠨᠢᠭᠡᠨ ᠰᠢᠷᠬᠠᠳᠤᠭᠰᠠᠨ ᠬᠤᠨ ᠭᠠᠯᠠᠭᠤ ᠶᠢᠨ ᠰᠡᠵᠢᠭ ᠲᠠᠢ ᠰᠢᠪᠠᠭᠤᠨ ᠤ ᠲᠦᠷᠦᠯ ᠢ ᠢᠯᠡᠷᠡᠭᠦᠯᠪᠡ ᠭᠡᠵᠡᠢ᠃ ᠲᠤᠮᠢᠯᠠᠭᠰᠠᠨ ᠰᠠᠯᠪᠤᠷᠢ ᠶᠢᠨ ᠴᠠᠭᠳᠠᠭ᠎ᠠ ᠨᠠᠷ ᠲᠡᠷᠡ ᠲᠠᠷᠤᠢ ᠳᠤ ᠨᠢ ᠲᠤᠪᠴᠢᠶᠠᠨ ᠤ ᠣᠷᠴᠢᠨ ᠲᠤᠭᠤᠷᠢᠨ ᠢᠳᠡᠭᠡᠨ ᠡᠮ ᠤᠨ ᠵᠦᠢᠯ ᠤᠨ ᠶᠠᠯᠠᠳᠣ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ  ᠲᠠᠢ ᠬᠤᠯᠪᠤᠭ᠎ᠠ ᠠᠪᠴᠤ᠂ ᠬᠡᠷᠡᠭ ᠭᠠᠷᠤᠭᠰᠠᠨ ᠭᠠᠵᠠᠷ ᠲᠤ ᠨᠢ ᠬᠦᠷᠴᠦ ᠠᠪᠤᠷᠠᠨ ᠲᠤᠰᠠᠯᠠᠵᠠᠢ᠃
微信图片_20231204101014.jpg 
  
微信图片_20231204101022.jpg
     ᠣᠷᠴᠢᠨ ᠲᠤᠭᠤᠷᠢᠨ ᠢᠳᠡᠭᠡᠨ ᠡᠮ ᠤᠨ ᠵᠦᠢᠯ ᠤᠨ ᠶᠠᠯᠠᠳᠣ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ ᠶᠢᠨ ᠠᠷᠠᠳ ᠤᠨ ᠴᠠᠭᠳᠠᠭ᠎ᠠ ᠶᠢᠨ ᠠᠩᠬ᠎ᠠ ᠠᠯᠬᠤᠮ ᠤᠨ ᠠᠵᠢᠭᠯᠠᠯᠳᠠ ᠪᠠᠷ ᠲᠠᠮᠵᠢᠨ᠂ ᠤᠯᠤᠰ ᠤᠨ ᠬᠤᠶᠠᠳᠤᠭᠠᠷ ᠲᠡᠰ ᠤᠨ ᠬᠠᠮᠠᠭᠠᠯᠠᠯᠳᠠ ᠳᠤ ᠪᠠᠶᠢᠭ᠎ᠠ ᠬᠤᠨ ᠭᠠᠯᠠᠭᠤ ᠶᠢᠨ ᠵᠤᠯᠵᠠᠭ᠎ᠠ ᠮᠦᠨ ᠪᠤᠯᠬᠤ ᠶᠢ ᠮᠡᠳᠡᠭᠰᠡᠨ ᠪᠦᠭᠡᠳ ᠬᠦᠯ ᠤᠨ ᠶᠠᠰᠤ ᠨᠢ ᠬᠤᠭᠤᠷᠠᠭᠠᠳ ᠰᠢᠷᠬᠠᠨ ᠤ ᠬᠡᠰᠡᠭ ᠠᠴᠠ ᠨᠢ ᠴᠢᠰᠤ ᠭᠠᠷᠴᠤ ᠪᠠᠶᠢᠬᠤ ᠲᠤᠯᠠ ᠵᠤᠭᠰᠤᠵᠤ ᠬᠦᠳᠡᠯᠭᠡᠭᠡᠨ ᠬᠢᠬᠦ ᠶᠢᠨ ᠠᠷᠭ᠎ᠠ ᠦᠭᠡᠢ ᠪᠣᠯᠪᠠ᠃ ᠡᠨᠡ ᠦᠶ᠎ᠡ ᠳᠤ ᠶᠠᠭ ᠰᠠᠶᠢᠬᠠᠨ ᠠᠭᠤᠷ ᠠᠮᠢᠰᠬᠤᠯ ᠬᠦᠢᠳᠡᠷᠡᠭᠡᠳ ᠰᠢᠷᠬᠠᠳᠤᠭᠰᠠᠨ ᠬᠤᠨ ᠭᠠᠯᠠᠭᠤ ᠶᠢᠨ ᠪᠠᠶᠢᠳᠠᠯ ᠨᠢ ᠠᠨᠠᠢ ᠪᠠᠶᠢᠬᠤ ᠤᠴᠢᠷ ᠠᠴᠠ ᠠᠷᠠᠳ ᠤᠨ ᠴᠠᠭᠳᠠᠭ᠎ᠠ ᠨᠠᠷ ᠡᠮᠴᠢᠯᠡᠭᠡᠨ ᠤ ᠬᠠᠮᠤᠭ ᠤᠨ ᠰᠠᠶᠢᠨ ᠴᠠᠭ ᠲᠤᠬᠢᠶᠠᠯ ᠢ ᠣᠯᠬᠤ ᠶᠢᠨ ᠲᠦᠯᠥᠭᠡ᠂ ᠬᠡᠭᠡᠷ᠎ᠡ ᠶᠢᠨ ᠠᠮᠢᠳᠠᠨ ᠢ ᠠᠪᠤᠷᠠᠨ ᠲᠤᠰᠠᠯᠠᠬᠤ ᠦᠷᠳᠡᠭᠡ  ᠲᠠᠢ ᠬᠤᠯᠪᠤᠭ᠎ᠠ ᠠᠪᠤᠭᠰᠠᠨ ᠤ ᠲᠠᠷᠠᠭ᠎ᠠ᠂ ᠰᠢᠷᠬᠠᠳᠤᠭᠰᠠᠨ ᠬᠤᠨ ᠭᠠᠯᠠᠭᠤ ᠶᠢ ᠭᠤᠴᠢᠨ ᠺᠢᠯᠤᠮᠧᠲᠷ ᠤᠨ ᠴᠠᠭᠠᠨᠠᠬᠢ ᠳ᠋ᠧᠩᠺᠸᠦ ᠰᠢᠶᠠᠨ ᠤ ᠬᠡᠭᠡᠷ᠎ᠡ ᠶᠢᠨ ᠠᠮᠢᠳᠠᠨ ᠢ ᠠᠪᠤᠷᠠᠨ ᠲᠤᠰᠠᠯᠠᠬᠤ ᠦᠷᠳᠡᠭᠡ ᠳᠤ ᠲᠠᠷᠤᠢ ᠲᠦᠷᠭᠡᠨ ᠢᠶᠠᠷ ᠬᠦᠷᠭᠡᠵᠦ ᠲᠥᠪᠬᠢᠨᠡᠭᠦᠯᠪᠡ᠃ 
ᠢᠷᠡᠯᠲᠡ᠄ ᠪᠠᠶᠠᠨᠨᠠᠭᠤᠷ ᠬᠣᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ