ᠰᠢᠯᠢ ᠶᠢᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠨᠢ ᠤᠯᠠᠨ ᠲᠦᠷᠦᠯ ᠤᠨ ᠴᠠᠭᠳᠠᠭ᠎ᠠ ᠬᠠᠮᠳᠤᠷᠠᠭᠰᠠᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠤᠷᠢᠯᠳᠠ ᠶᠢᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2023/12/19
    ᠡᠬᠡ ᠤᠯᠤᠰ ᠤᠨ ᠤᠮᠠᠷᠠᠳᠤ ᠬᠢᠯᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠳᠤ ᠪᠠᠬᠢ ᠴᠤᠭᠴᠠᠯᠠᠬᠤ᠂ 2023 ᠤᠨ ᠤ ︽ᠵᠠᠭᠤᠨ ᠡᠳᠤᠷ ᠤᠨ ᠪᠤᠭᠤᠮᠳᠠ ᠰᠢᠪᠳᠤᠯᠬᠤ︾ ᠠᠵᠢᠯᠯᠠᠭ᠎ᠠ ᠶᠢᠨ ᠱᠠᠭᠠᠷᠳᠠᠯᠭ᠎ᠠ ᠶᠤᠰᠤᠭᠠᠷ᠂ ᠰᠤᠷᠭᠠᠭᠤᠯᠢ ᠶᠢᠨ ᠬᠦᠷᠢᠶᠡᠨ ᠤ ᠡᠮᠬᠢ ᠲᠢᠭᠯᠢᠮ ᠢ ᠬᠠᠮᠠᠭᠠᠯᠠᠬᠤ᠂ ᠰᠤᠷᠭᠠᠭᠤᠯᠢ ᠶᠢᠨ ᠬᠦᠷᠢᠶᠡᠨ ᠳᠤ ᠭᠦᠴᠦᠷᠭᠡᠭᠯᠡᠯ ᠤᠨ ᠬᠡᠷᠡᠭ ᠡᠬᠦᠰᠬᠦ ᠶᠠᠪᠤᠳᠠᠯ ᠢ ᠪᠦᠳᠤᠮᠵᠢᠳᠠᠢ ᠬᠤᠷᠢᠭᠯᠠᠬᠤ᠂ ᠪᠠᠭᠰᠢ ᠰᠤᠷᠤᠭᠴᠢᠳ ᠤᠨ ᠠᠮᠤᠷ ᠲᠦᠪᠰᠢᠨ ᠢ ᠪᠠᠳᠤᠯᠠᠬᠤ ᠶᠢᠨ ᠲᠦᠯᠦᠭᠡ᠂ 11 ᠳ᠋ᠦ᠋ᠭᠡᠷ ᠰᠠᠷ᠎ᠠ ᠶᠢᠨ 25 ᠤ ᠡᠳᠤᠷ᠂ ᠰᠢᠯᠢ ᠶᠢᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠨᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠴᠠᠭᠳᠠᠭ᠎ᠠ ᠨᠠᠷ  ᠢᠶᠠᠨ ᠵᠤᠬᠢᠶᠠᠨ ᠪᠠᠶᠢᠭᠤᠯᠵᠦ᠂ ᠰᠢᠯᠢ ᠶᠢᠨ ᠬᠤᠳᠠ ᠶᠢᠨ ᠲᠠᠪᠤᠳᠤᠭᠠᠷ ᠪᠠᠭ᠎ᠠ ᠰᠤᠷᠭᠠᠭᠤᠯᠢ ᠳᠤ ᠰᠦᠷᠳᠡᠬᠦᠯᠦᠯ ᠢ ᠡᠰᠡᠷᠭᠦᠴᠡᠬᠦ ᠰᠤᠷᠢᠯᠳᠠ ᠶᠢᠨ ᠠᠵᠢᠯᠯᠠᠭ᠎ᠠ ᠶᠠᠪᠤᠭᠤᠯᠵᠦ᠂ ᠰᠦᠷᠳᠡᠬᠦᠯᠦᠯ ᠢ ᠡᠰᠡᠷᠭᠦᠴᠡᠬᠦ᠂ ᠭᠦᠴᠦᠷᠭᠡᠭᠯᠡᠯ ᠢ ᠰᠡᠷᠭᠡᠶᠢᠯᠡᠬᠦ᠂ ᠬᠡᠨᠡᠳᠳᠡ ᠶᠢᠨ ᠬᠡᠷᠡᠭ ᠢ ᠰᠢᠢᠳᠪᠤᠷᠢᠯᠡᠬᠦ ᠴᠢᠳᠠᠪᠤᠷᠢ ᠪᠠᠨ ᠳᠡᠭᠡᠭᠰᠢᠯᠡᠭᠦᠯᠪᠡ᠃
锡林浩特市公安局开展多警钟联合校园安全演练活动(2).jpg    
     ᠲᠤᠰ ᠤᠳᠠᠭᠠᠨ ᠤ ᠶᠡᠷᠤᠩᠭᠡᠶᠢᠯᠡᠭᠰᠡᠨ ᠰᠤᠷᠢᠯᠳᠠ ᠶᠢᠨ ᠠᠵᠢᠯᠯᠠᠭ᠎ᠠ ᠶᠢ ᠰᠠᠶᠢᠳᠤᠷ ᠦᠷᠨᠢᠬᠦᠯᠵᠦ᠂ ᠰᠤᠷᠢᠯᠳᠠ ᠶᠢᠨ ᠵᠢᠱᠢᠭᠰᠡᠨ ᠦᠷ᠎ᠡ ᠪᠦᠳᠦᠮᠵᠢ ᠳᠤ ᠬᠦᠷᠬᠦ  ᠶᠢ ᠪᠠᠳᠤᠯᠠᠬᠤ ᠶᠢᠨ ᠲᠦᠯᠦᠭᠡ᠂ ᠰᠢᠯᠢ ᠶᠢᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠤᠷᠢᠳᠴᠢᠯᠠᠨ ᠪᠠᠶᠢᠷᠢᠯᠠᠭᠤᠯᠵᠦ᠂ ᠨᠠᠷᠢᠨ ᠨᠢᠮᠪᠠᠢ ᠲᠦᠯᠦᠪᠵᠢᠭᠦᠯᠵᠦ᠂ ᠴᠠᠭᠳᠠᠭᠠᠨ ᠤ ᠬᠦᠴᠦᠨ ᠢᠶᠠᠨ ᠰᠢᠨᠵᠢᠯᠡᠬᠦ ᠤᠬᠠᠭᠠᠨᠴᠢ ᠪᠠᠷ ᠵᠤᠬᠢᠰᠳᠠᠢ ᠲᠤᠬᠢᠷᠠᠭᠤᠯᠵᠦ᠂ ᠰᠤᠷᠢᠯᠳᠠ ᠶᠢᠨ ᠲᠦᠰᠦᠯ ᠲᠤᠭᠳᠠᠭᠠᠵᠦ᠂ ᠡᠬᠦᠷᠭᠡ ᠬᠠᠷᠢᠭᠤᠴᠠᠯᠭ᠎ᠠ ᠪᠠᠨ ᠲᠤᠳᠤᠷᠬᠠᠶᠢᠯᠠᠨ ᠬᠤᠪᠢᠶᠠᠷᠢᠯᠠᠵᠠᠢ᠃ ᠰᠤᠷᠢᠯᠳᠠ ᠵᠢᠩᠭᠢᠨᠢ ᠪᠠᠷ ᠡᠬᠢᠯᠡᠬᠦ ᠠᠴᠠ ᠡᠮᠤᠨ᠎ᠡ᠂ ᠰᠤᠷᠭᠠᠭᠤᠯᠢ ᠶᠢᠨ ᠠᠮᠤᠷ ᠢ ᠬᠠᠮᠠᠭᠠᠯᠠᠬᠤ ᠠᠵᠢᠯ ᠡᠭᠦᠷᠭᠡ ᠢ ᠭᠦᠢᠴᠡᠳᠬᠡᠵᠦ ᠪᠠᠶᠢᠭ᠎ᠠ ᠪᠦᠬᠦ ᠴᠠᠭᠳᠠᠭ᠎ᠠ ᠨᠠᠷ ᠲᠤ ᠰᠦᠷᠳᠡᠭᠦᠯᠦᠯ ᠢ ᠡᠰᠡᠷᠭᠦᠴᠡᠬᠦ᠂ ᠬᠦᠴᠦᠷᠬᠡᠭᠯᠡᠯ ᠢ ᠰᠡᠷᠭᠡᠶᠢᠯᠡᠬᠦ ᠪᠤᠯᠪᠠᠰᠤᠷᠠᠭᠤᠯᠤᠯ ᠬᠢᠵᠦ᠂ ᠭᠤᠤᠯᠳᠠᠭᠤ ᠪᠠᠮᠪᠠᠢ᠂ ᠪᠠᠴᠢᠮ ᠪᠠᠶᠢᠳᠠᠯ ᠢ ᠠᠷᠭᠠᠴᠠᠭᠠᠬᠤ ᠰᠢᠳᠠᠮ᠂ ᠰᠡᠷᠡᠭᠡ ᠵᠡᠷᠭᠡ ᠬᠦᠴᠦᠷᠭᠡᠭᠯᠡᠯ ᠢ ᠡᠰᠡᠷᠭᠦᠴᠡᠬᠦ ᠪᠠᠭᠠᠵᠢ ᠬᠡᠷᠡᠭᠰᠡᠯ ᠤᠨ ᠴᠢᠳᠠᠮᠵᠢ ᠵᠢᠴᠢ ᠬᠡᠷᠡᠭᠴᠡᠭᠡ ᠤᠶᠢᠯᠡᠳᠦᠯ  ᠢ ᠨᠠᠷᠢᠨ ᠲᠠᠶᠢᠯᠪᠤᠷᠢᠯᠠᠵᠦ᠂ ᠠᠳᠠᠯᠢ ᠪᠤᠰᠤ ᠪᠠᠶᠢᠳᠠᠯ ᠳᠤ ᠬᠡᠷᠭᠢᠨ ᠬᠡᠷᠡᠭᠯᠡᠬᠦ ᠶᠢ ᠬᠢᠵᠦ ᠦᠵᠡᠬᠦᠯᠦᠨ᠂ ᠰᠤᠷᠭᠠᠭᠤᠯᠢ ᠶᠢᠨ ᠬᠦᠷᠢᠶᠡᠨ ᠤ ᠠᠮᠤᠷ ᠢ ᠬᠠᠮᠠᠭᠠᠯᠠᠬᠤ ᠴᠠᠭᠳᠠᠭ᠎ᠠ ᠨᠠᠷ ᠤᠨ ᠬᠦᠴᠦᠷᠭᠡᠭᠯᠡᠯ ᠢ ᠡᠰᠡᠷᠭᠦᠴᠡᠬᠦ ᠪᠠᠭᠠᠵᠢ ᠬᠡᠷᠡᠭᠰᠡᠯ ᠢ ᠵᠦᠪ ᠪᠦᠬᠡᠳ ᠪᠤᠯᠪᠠᠰᠤᠷᠠᠩᠭᠤᠢ ᠡᠵᠡᠮᠰᠢᠬᠦ ᠶᠢ ᠪᠠᠳᠤᠯᠠᠵᠤ᠂ ᠰᠤᠷᠭᠠᠭᠤᠯᠢ ᠶᠢᠨ ᠬᠦᠷᠢᠶᠡᠨ  ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠲᠡᠭᠡᠭᠰᠢᠯᠡᠬᠦᠯᠪᠡ᠃ ᠲᠠᠷᠠᠭ᠎ᠠ ᠨᠢ ᠰᠤᠷᠢᠯᠳᠠ ᠵᠢᠩᠭᠢᠨᠢ ᠪᠠᠷ ᠡᠬᠢᠯᠡᠵᠦ᠂ ᠲᠤᠬᠠᠢ ᠶᠢᠨ ᠲᠠᠯᠠᠪᠠᠢ ᠳᠤ ᠤᠷᠮ᠎ᠠ ᠰᠡᠳᠬᠢᠯ ᠶᠡᠷᠤ ᠪᠤᠰᠤ ᠪᠠᠷ ᠬᠦᠭᠰᠡᠵᠦ ᠲᠤᠭᠳᠤᠯᠤᠭᠰᠠᠨ ᠬᠤᠶᠠᠷ ᠡᠷᠡᠭᠳᠠᠢ ᠰᠤᠷᠭᠠᠭᠤᠯᠢ ᠳᠤ ᠬᠡᠨᠡᠳᠳᠡ ᠪᠠᠷ ᠲᠠᠭᠠᠷᠢᠨ ᠤᠷᠤᠵᠦ᠂ ᠠᠮᠤᠷ ᠢ ᠬᠠᠮᠠᠭᠠᠯᠠᠬᠤ ᠠᠵᠢᠯᠳᠠᠨ ᠲᠠᠢ ᠰᠦᠷᠭᠡᠦ ᠠᠭᠠᠰᠢᠯᠠᠨ᠂ ᠦᠭᠡ ᠶᠠᠷᠢᠶ᠎ᠠ ᠪᠠᠯᠠᠮᠠᠳ ᠬᠡᠷᠴᠡᠭᠡᠢ᠂ ᠶᠠᠮᠠᠷ ᠴᠦ ᠢᠳᠬᠠᠯ ᠢ ᠰᠤᠨᠤᠰᠬᠤ ᠦᠭᠡᠢ ᠤᠯᠠᠶᠢᠷᠠᠨ ᠠᠭᠠᠰᠢᠯᠠᠬᠤ ᠳᠤ ᠠᠮᠤᠷ ᠢ ᠬᠠᠮᠠᠭᠠᠯᠠᠬᠤ ᠠᠵᠢᠯᠳᠠᠳ ᠲᠠᠷᠤᠢ ᠲᠦᠷᠭᠡᠨ ᠬᠠᠷᠢᠭᠤ ᠲᠤᠰᠬᠠᠯ ᠠᠪᠴᠦ᠂ ᠲᠦᠭᠰᠢᠬᠦᠷᠢ ᠮᠡᠳᠡᠬᠦᠯᠬᠦ ᠲᠠᠷᠤᠪᠴᠢ ᠶᠢ ᠲᠠᠷᠤᠨ᠂ ᠴᠠᠭᠳᠠᠭ᠎ᠠ ᠶᠢᠨ ᠬᠢᠨ ᠳᠤ ᠮᠡᠳᠡᠭᠳᠡᠵᠠᠢ᠃ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠵᠠᠷᠯᠢᠭ ᠢ ᠤᠯᠤᠭᠰᠠᠨ ᠤ ᠲᠠᠷᠠᠭ᠎ᠠ᠂ ᠴᠠᠭᠳᠠᠭᠠᠨ ᠤ ᠬᠦᠴᠦᠨ ᠢᠶᠠᠨ ᠦᠳᠳᠡᠷ ᠲᠦᠷᠭᠡᠨ ᠵᠤᠬᠢᠶᠠᠨ ᠪᠠᠶᠢᠭᠤᠯᠵᠦ᠂ ᠲᠤᠭᠳᠠᠭᠰᠠᠨ ᠴᠠᠭ ᠲᠤ ᠲᠤᠬᠠᠢ ᠶᠢᠨ ᠲᠠᠯᠠᠪᠠᠢ ᠳᠤ ᠬᠦᠷᠴᠦ ᠬᠡᠷᠡᠭ ᠢ ᠰᠢᠢᠳᠪᠦᠷᠢᠯᠡᠵᠠᠢ᠃ ︽ᠨᠢᠭᠡᠳᠦᠯᠳᠠᠢ ᠵᠢᠯᠤᠭᠤᠳᠴᠦ᠂ ᠬᠠᠮᠵᠢᠯᠴᠠᠨ ᠠᠵᠢᠯᠯᠠᠵᠦ᠂ ᠪᠦᠬᠦ ᠴᠤᠭᠴᠠ ᠪᠠᠷ ᠪᠠᠶᠢᠯᠳᠤᠬᠤ︾ ᠵᠠᠷᠴᠢᠮ ᠤᠨ ᠶᠤᠰᠤᠭᠠᠷ᠂ ᠡᠯ᠎ᠡ ᠰᠠᠯᠠᠭ᠎ᠠ ᠮᠦᠴᠢᠷ᠂ ᠡᠯ᠎ᠡ ᠴᠠᠭᠳᠠᠭᠠᠨ ᠤ ᠲᠦᠷᠦᠯ ᠤᠨ ᠬᠢᠨ ᠬᠠᠮᠳᠤᠷᠠᠨ ᠪᠠᠶᠢᠯᠳᠤᠵᠦ᠂ ︽ᠪᠠᠯᠠᠮᠠᠳ ᠠᠮᠢᠳᠠᠳ︾ ᠢ ᠦᠳᠳᠡᠷ ᠲᠦᠷᠭᠡᠨ ᠨᠤᠮᠤᠬᠠᠳᠬᠠᠨ ᠡᠵᠡᠮᠳᠡᠵᠦ ᠠᠪᠴᠦ ᠶᠠᠪᠤᠪᠠ᠃ ᠰᠤᠷᠢᠯᠳᠠ ᠲᠤᠮᠳᠠ᠂ ᠡᠯ᠎ᠡ ᠰᠠᠯᠠᠭ᠎ᠠ ᠮᠦᠴᠢᠷ ᠤᠨ ᠴᠠᠭᠳᠠᠭ᠎ᠠ ᠨᠠᠷ ᠨᠢᠭᠳᠠ ᠬᠠᠮᠵᠢᠯᠴᠠᠨ᠂ ᠮᠠᠰᠢ ᠤᠬᠤᠷᠬᠠᠨ ᠬᠤᠭᠤᠴᠠᠭᠠᠨ ᠳᠤ ᠠᠰᠠᠭᠤᠳᠠᠯ ᠢ ᠰᠢᠢᠳᠪᠦᠷᠢᠯᠡᠨ᠂ ᠵᠢᠱᠢᠭᠰᠡᠨ ᠦᠷ᠎ᠡ ᠳ᠋ᠦᠩ ᠳᠤ ᠪᠠᠨ ᠬᠦᠷᠴᠠᠢ᠃
锡林浩特市公安局开展多警钟联合校园安全演练活动(5).jpg   
     ᠲᠤᠰ ᠤᠳᠠᠭᠠᠨ ᠤ ᠰᠤᠷᠢᠯᠳᠠ ᠪᠠᠷ ᠲᠠᠮᠵᠢᠨ᠂ ᠰᠤᠷᠭᠠᠭᠤᠯᠢ ᠶᠢᠨ ᠪᠦᠬᠦ ᠪᠠᠭᠰᠢ ᠰᠤᠷᠤᠭᠴᠢᠳ ᠪᠤᠯᠤᠨ ᠰᠤᠷᠭᠠᠭᠤᠯᠢ ᠶᠢᠨ ᠠᠮᠤᠷ ᠢ ᠬᠠᠮᠠᠭᠠᠯᠠᠬᠤ ᠠᠵᠢᠯᠳᠠᠳ ᠠᠮᠤᠷ ᠲᠦᠪᠰᠢᠨ ᠤ ᠰᠡᠷᠭᠡᠶᠢᠯᠡᠯᠳᠡ ᠶᠢᠨ ᠤᠬᠠᠮᠰᠠᠷ ᠢᠶᠠᠨ ᠴᠢᠩᠭᠠᠳᠬᠠᠵᠦ᠂ ᠰᠦᠷᠳᠡᠬᠦᠯᠦᠯ ᠤᠨ ᠬᠡᠨᠡᠳᠳᠡ ᠶᠢᠨ ᠭᠡᠷᠡᠭ ᠢ ᠡᠰᠡᠷᠭᠦᠴᠡᠬᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠤᠯᠤᠨ ᠪᠡᠯᠡᠳᠬᠡᠯ ᠲᠦᠰᠦᠯ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠴᠢᠳᠠᠪᠤᠷᠢ ᠶᠢ ᠤᠯᠠᠮ ᠨᠢᠭᠡ ᠠᠯᠬᠤᠮ ᠲᠡᠭᠡᠭᠰᠢᠯᠡᠬᠦᠯᠵᠦ᠂ ᠰᠤᠷᠭᠠᠭᠤᠯᠢ ᠶᠢᠨ ᠠᠮᠤᠷ ᠲᠦᠪᠰᠢᠨ ᠤ ᠰᠡᠷᠭᠡᠶᠢᠯᠡᠯᠳᠡ ᠶᠢᠨ ᠤᠬᠠᠮᠰᠠᠷ ᠪᠤᠯᠤᠨ ᠪᠠᠭᠰᠢ ᠰᠤᠷᠤᠭᠴᠢᠳ ᠤᠨ ᠦᠪᠡᠷ ᠢ ᠪᠠᠨ ᠬᠠᠮᠠᠭᠠᠯᠠᠬᠤ ᠴᠢᠳᠠᠪᠤᠷᠢ ᠶᠢ ᠴᠢᠩᠭᠠᠳᠬᠠᠵᠦ᠂ ᠬᠠᠷᠢᠶ᠎ᠠ ᠤᠷᠤᠨ ᠤ ᠪᠠᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠳᠡ ᠶᠢᠨ ᠱᠤᠭᠤᠮ ᠢ ᠪᠠᠬᠢᠵᠢᠭᠦᠯᠪᠡ᠃ ︵ᠰᠢᠯᠢ ᠶᠢᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ  ᠴᠢ ᠵᠧᠨ ᠵᠢᠶᠦ᠋ᠨ᠂ ᠤᠶᠤᠨᠴᠢᠮᠡᠭ ᠮᠡᠳᠡᠭᠡᠯᠡᠪᠡ︶ 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ