ᠣᠶᠢᠷ᠎ᠠ ᠳᠤ᠂ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠢᠪᠠᠭ᠎ᠠ ᠬᠤᠲᠠ ᠲᠣᠭᠤᠷᠢᠭ ᠤᠨ | ᠲᠣᠮᠢᠯᠠᠭᠰᠠᠨ ᠰᠠᠯᠪᠤᠷᠢ ᠠᠵᠢᠯ ᠤᠨ ᠳᠤᠮᠳᠠ ᠪᠠᠨ ᠴᠠᠬᠢᠯᠭᠠᠨ ᠬᠤᠷᠢᠶᠠᠭᠤᠷ ᠬᠤᠯᠠᠭᠠᠶᠢᠯᠠᠭᠰᠠᠨ ᠬᠡᠷᠡᠭ ᠤᠨ ᠰᠦᠪᠡᠭᠴᠢ ᠣᠯᠪᠠ᠃ ᠰᠦᠪᠡᠭᠴᠢ ᠶᠢ ᠣᠯᠣᠭᠰᠠᠨ ᠤ | ᠳᠠᠷᠠᠭ᠎ᠠ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠳᠠᠷᠤᠶ ᠲᠦᠷᠭᠡᠨ ᠬᠥᠳᠡᠯᠦᠯᠴᠡᠵᠦ᠂ ᠬᠤᠰᠢᠭᠤᠨ ᠲᠣᠪᠴᠢᠶ᠎ᠠ ᠶᠢᠨ | ︽ᠴᠢᠮᠡᠭᠡ ᠮᠡᠳᠡᠭᠡ᠂ ᠵᠢᠯᠤᠭᠤᠳᠤᠯᠭ᠎ᠠ᠂ ᠠᠵᠢᠯᠯᠠᠭ᠎ᠠ︾ ᠶᠢ ᠨᠢᠭᠡ ᠴᠤᠭᠴᠠᠵᠢᠭᠤᠯᠤᠭᠰᠠᠨ ᠪᠣᠳᠠᠲᠤ ᠪᠠᠶᠢᠯᠳᠤᠭᠠᠨ ᠤ ᠠᠵᠢᠯᠯᠠᠭᠠᠨ ᠤ ᠲᠣᠭᠲᠠᠴᠠ ᠳᠤ ᠲᠦᠰᠢᠭᠯᠡᠨ᠂ | ᠡᠷᠬᠢᠨ ᠲᠣᠭᠤᠷᠢᠨ ᠤ ᠬᠢᠨᠠᠨ ᠡᠵᠡᠮᠳᠡᠭᠦᠷ ᠢ ᠰᠢᠯᠵᠢᠭᠦᠯᠦᠨ ᠦᠵᠡᠬᠦ ᠪᠠᠷ ᠳᠠᠮᠵᠢᠭᠤᠯᠤᠨ ᠬᠡᠷᠡᠭ ᠬᠢᠭᠰᠡᠨ ᠰᠡᠵᠢᠭᠳᠡᠨ ᠢ ᠳᠠᠷᠤᠶ ᠲᠦᠷᠭᠡᠨ ᠲᠣᠭᠲᠠᠭᠠᠵᠤ᠂ 7 ᠴᠠᠭ ᠤᠨ | ᠴᠥᠬᠦᠷᠡᠰᠢ ᠥᠬᠡᠶ ᠴᠢᠷᠮᠠᠶᠢᠯᠭ᠎ᠠ ᠪᠠᠷ ᠳᠡᠮᠵᠢᠨ᠂ ᠡᠴᠦᠰ ᠲᠤ ᠪᠠᠨ ᠲᠢᠶᠠᠨᠱᠠᠨ ᠪᠠᠯᠭᠠᠰᠤᠨ ᠤ ᠨᠢᠭᠡ ᠰᠦᠯᠵᠢᠶᠡᠨ ᠤ ᠪᠠᠭᠠᠷ ᠲᠤ ᠰᠡᠵᠢᠭᠳᠡᠨ ᠬᠤᠸᠠᠩ ᠣᠪᠣᠭᠲᠤ ᠶᠢ | ᠲᠤᠬᠠᠶ ᠶᠢᠨ ᠲᠠᠯᠠᠪᠤᠷ ᠲᠤ ᠨᠢ ᠪᠠᠷᠢᠪᠴᠢᠯᠠᠪᠠ᠃ | | | | ᠶᠠᠯ᠎ᠠ ᠬᠢᠭᠰᠡᠨ ᠰᠡᠵᠢᠭᠳᠡᠨ ᠬᠤᠸᠠᠩ ᠣᠪᠣᠭᠲᠤ ᠥᠪᠡᠷ ᠤᠨ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠴᠠᠬᠢᠯᠭᠠᠨ ᠬᠤᠷᠢᠶᠠᠭᠤᠷ ᠢ ᠬᠤᠯᠠᠭᠠᠶᠢᠯᠠᠭᠰᠠᠨ | ᠶᠠᠯ᠎ᠠ ᠶᠢᠨ ᠪᠣᠳᠠᠲᠤ ᠶᠠᠪᠤᠳᠠᠯ ᠢᠶᠠᠨ ᠥᠴᠢᠭᠯᠡᠨ ᠮᠡᠳᠡᠷᠡᠵᠡᠶ᠃ ᠰᠢᠭᠦᠨ ᠠᠰᠠᠭᠤᠬᠤ ᠪᠠᠷ ᠳᠠᠮᠵᠢᠭᠠᠳ ᠬᠤᠸᠠᠩ ᠣᠪᠣᠭᠲᠤ ᠪᠠᠰᠠ ᠲᠢᠶᠠᠨᠱᠠᠨ ᠪᠠᠯᠭᠠᠰᠤᠨ ᠤ | ᠬᠤᠳᠠ ᠶᠢᠨ ᠲᠣᠭᠤᠷᠢᠭ ᠲᠤ 8 ᠴᠠᠬᠢᠯᠭᠠᠨ ᠬᠥᠳᠡᠯᠭᠡᠭᠦᠷᠲᠦ ᠲᠡᠷᠭᠡ ᠪᠠ 33 ᠴᠠᠬᠢᠯᠭᠠᠨ ᠬᠥᠳᠡᠯᠭᠡᠭᠦᠷᠲᠦ ᠲᠡᠷᠭᠡᠨ ᠤ ᠴᠠᠬᠢᠯᠭᠠᠨ ᠬᠤᠷᠢᠶᠠᠭᠤᠷ ᠢ ᠬᠤᠯᠠᠭᠠᠶᠢᠯᠠᠭᠰᠠᠨ | ᠶᠠᠯᠠᠲᠤ ᠬᠡᠷᠡᠭ ᠢᠶᠠᠨ ᠲᠤᠰᠢᠶᠠᠪᠠ᠃ ᠣᠳᠣᠬᠠᠨ ᠳᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠶᠠᠯ᠎ᠠ ᠬᠢᠭᠰᠡᠨ ᠰᠡᠵᠢᠭᠳᠡᠨ ᠬᠤᠸᠠᠩ ᠣᠪᠣᠭᠲᠤ ᠳᠤ ᠨᠢᠭᠡᠨᠲᠡ | ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠤᠭᠰᠠᠨ ᠪᠠᠶᠢᠨ᠎ᠠ᠃ | |