︽ᠴᠠᠩ ᠠᠨ ᠨᠢᠭᠡᠳᠦᠭᠡᠷ ᠨᠣᠮᠧᠷᠲᠤ︾ ᠣᠨᠳᠣᠤ ᠭᠠᠵᠠᠷ ᠲᠤ ᠴᠠᠭᠳᠠᠭ᠎ᠠ ᠬᠡᠷᠡᠭᠯᠡᠬᠦ ᠨᠢᠭᠡᠳᠦᠯᠲᠡᠶ ᠠᠵᠢᠯᠯᠠᠭ᠎ᠠ ᠣᠨᠳᠣᠤ ᠭᠠᠵᠠᠷ ᠲᠤ ᠬᠠᠤᠯᠢ ᠬᠡᠷᠡᠭᠵᠢᠭᠦᠯᠬᠦ ᠪᠣᠭᠤᠮᠲᠠ ᠰᠢᠪᠲᠤᠯᠬᠤ ᠠᠩᠭᠢ ᠠᠷᠤ ᠬᠤᠷᠴᠢᠨ ᠬᠤᠰᠢᠭᠤᠨ ᠳᠤ ᠭᠦᠨᠵᠡᠭᠡᠶᠢᠷᠡᠨ ᠬᠠᠤᠯᠢ ᠬᠡᠷᠡᠭᠵᠢᠭᠦᠯᠬᠦ ᠨᠢᠭᠡᠳᠦᠯᠲᠡᠶ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/20
    12 ᠰᠠᠷ᠎ᠠ ᠶᠢᠨ 13 ᠤ ᠡᠳᠦᠷ᠂ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠶᠢ ᠪᠦᠲᠦᠮᠵᠢᠲᠡᠶ ᠥᠷᠨᠢᠭᠦᠯᠬᠦ ᠶᠢ ᠭᠦᠨᠵᠡᠭᠡᠶ ᠠᠬᠢᠭᠤᠯᠬᠤ᠂ ᠬᠠᠷᠢᠶᠠᠲᠤ ᠣᠷᠣᠨ ᠤ ᠠᠮᠤᠷ ᠲᠦᠪᠰᠢᠨ᠂ ᠲᠣᠭᠲᠠᠭᠤᠨ᠂ ᠡᠮᠬᠢ ᠵᠢᠷᠤᠮ ᠲᠠᠢ᠂ ᠰᠠᠭᠠᠳ ᠥᠬᠡᠶ ᠨᠡᠪᠲᠡᠷᠡᠬᠦ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠶᠢᠨ ᠲᠤᠰᠠᠳᠠ᠂ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ 2023 ᠵᠠᠭᠤᠨ ᠡᠳᠦᠷ ᠤᠨ ᠪᠣᠭᠤᠮᠲᠠ ᠰᠢᠪᠲᠤᠯᠬᠤ ︽ᠴᠠᠩ ᠠᠨ ᠨᠢᠭᠡᠳᠦᠭᠡᠷ ᠨᠣᠮᠧᠷᠲᠤ︾ ᠣᠨᠳᠣᠤ ᠭᠠᠵᠠᠷ ᠲᠤ ᠴᠠᠭᠳᠠᠭ᠎ᠠ ᠬᠡᠷᠡᠭᠯᠡᠬᠦ ᠨᠢᠭᠡᠳᠦᠯᠲᠡᠶ ᠠᠵᠢᠯᠯᠠᠭᠠᠨ ᠤ ᠲᠥᠰᠦᠯ ᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠢᠬᠢ ᠤᠤᠭᠤᠭᠠᠳ ᠲᠡᠷᠭᠡ ᠵᠢᠯᠣᠭᠤᠳᠬᠤ᠂ ᠰᠣᠭᠲᠣᠭᠤ ᠪᠠᠷ ᠲᠡᠷᠭᠡ ᠵᠢᠯᠣᠭᠤᠳᠬᠤ ᠵᠡᠷᠭᠡ ᠵᠠᠮ ᠬᠠᠷᠢᠯᠴᠠᠭᠠᠨ ᠤ ᠬᠠᠤᠯᠢ ᠶᠢ ᠵᠥᠷᠢᠴᠡᠭᠰᠡᠨ ᠭᠤᠤᠯᠳᠠᠯᠭ᠎ᠠ ᠲᠠᠢ ᠦᠢᠯᠡ ᠠᠵᠢᠯᠯᠠᠭ᠎ᠠ ᠳᠤ ᠬᠠᠤᠯᠢ ᠬᠡᠷᠡᠭᠵᠢᠭᠦᠯᠬᠦ ᠨᠢᠭᠡᠳᠦᠯᠲᠡᠶ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃
图片2.png
      ᠬᠠᠤᠯᠢ ᠬᠡᠷᠡᠭᠵᠢᠭᠦᠯᠬᠦ ᠪᠣᠭᠤᠮᠲᠠ ᠰᠢᠪᠲᠤᠯᠬᠤ ᠠᠩᠭᠢ ᠠᠷᠤ ᠬᠤᠷᠴᠢᠨ ᠬᠤᠰᠢᠭᠤᠨ ᠳᠤ ᠭᠦᠷᠦᠭᠰᠡᠨ ᠤ ᠳᠠᠷᠠᠭ᠎ᠠ᠂ ᠲᠡᠷᠡ ᠳᠠᠷᠤᠶ ᠳᠤ ᠨᠢ ᠠᠷᠤ ᠬᠤᠷᠴᠢᠨ ᠬᠤᠰᠢᠭᠤᠨ ᠤ ᠶᠡᠭᠡ ᠠᠩᠭᠢ ᠲᠠᠢ ᠳᠣᠭᠢᠷᠠᠭᠤᠯᠤᠨ ᠪᠠᠶᠢᠷᠢᠯᠠᠭᠤᠯᠬᠤ ᠬᠤᠷᠠᠯ ᠬᠢᠪᠠ᠃ ᠬᠤᠷᠠᠯ ᠤᠨ ᠲᠠᠷᠠᠭ᠎ᠠ᠂ ᠠᠷᠤ ᠬᠤᠷᠴᠢᠨ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠬᠢ ᠪᠣᠯᠤᠨ ᠬᠠᠤᠯᠢ ᠬᠡᠷᠡᠭᠵᠢᠭᠦᠯᠬᠦ ᠪᠣᠭᠤᠮᠲᠠ ᠰᠢᠪᠲᠤᠯᠬᠤ ᠬᠤᠪᠢᠶᠠᠷᠢ ᠠᠩᠬᠢ ᠬᠠᠮᠲᠤᠷᠠᠨ ᠬᠥᠳᠡᠯᠦᠯᠴᠡᠵᠦ᠂ ᠬᠠᠮᠲᠤᠪᠠᠷ ᠪᠠᠶᠢᠯᠳᠤᠵᠤ᠂ ᠬᠠᠷᠢᠶ᠎ᠠ ᠣᠷᠣᠨ ᠤ ᠪᠠᠨ ᠡᠯ᠎ᠡ ᠡᠭᠦᠷᠭᠡ ᠭᠦᠢᠴᠡᠳᠬᠡᠬᠦ ᠭᠠᠵᠠᠷ ᠲᠤ ᠬᠦᠷᠪᠡ᠃ ︽ᠲᠣᠭᠲᠠᠭᠰᠠᠨ ᠭᠠᠵᠠᠷ ᠲᠤ ᠬᠤᠷᠢᠭ᠎ᠠ ᠴᠢᠭ ᠭᠠᠷᠭᠠᠬᠤ ᠪᠠ ᠲᠣᠭᠤᠷᠢᠨ ᠴᠠᠭᠳᠠᠬᠤ︾ ᠶᠢ ᠤᠶᠠᠯᠳᠤᠭᠤᠯᠬᠤ ᠠᠷᠭ᠎ᠠ ᠪᠠᠷ ᠳᠠᠮᠵᠢᠭᠤᠯᠤᠨ᠂ ᠬᠠᠷᠢᠶᠠᠲᠤ ᠣᠷᠣᠨ ᠤ G303 ᠤᠯᠤᠰ ᠤᠨ ᠵᠠᠮ ᠤᠨ ᠵᠡᠭᠦᠨ᠂ G303 ᠤᠯᠤᠰ ᠤᠨ ᠵᠠᠮ ᠤᠨ ᠪᠠᠷᠠᠭᠤᠨ᠂ 210 ᠮᠤᠵᠢ ᠶᠢᠨ ᠵᠠᠮ ᠤᠨ ᠡᠮᠦᠨ᠎ᠡ᠂ 210 ᠮᠤᠵᠢ ᠶᠢᠨ ᠵᠠᠮ ᠤᠨ ᠬᠤᠶᠢᠲᠤ ᠵᠢᠴᠢ ᠯᠦ ᠪᠦᠦ ᠱᠤᠭᠤᠮ ᠤᠨ ᠡᠮᠦᠨ᠎ᠡ ᠵᠡᠷᠭᠡ ᠠᠳᠡᠯ ᠣᠯᠠᠨ ᠭᠠᠷᠳᠠᠭ ᠵᠠᠮ ᠤᠨ ᠬᠡᠰᠡᠭ ᠪᠠ ᠲᠡᠷᠭᠡᠨ ᠤ ᠤᠷᠤᠰᠬᠠᠯ ᠤᠨ ᠬᠡᠮᠵᠢᠶ᠎ᠡ ᠨᠡᠯᠢᠶᠡᠳ ᠶᠡᠭᠡ ᠵᠠᠮ ᠤᠨ ᠬᠡᠰᠡᠭ ᠲᠤ ᠨᠠᠭᠠᠰᠢ ᠴᠠᠭᠠᠰᠢ ᠥᠩᠭᠡᠷᠡᠬᠦ ᠲᠡᠷᠭᠡ ᠬᠥᠰᠬᠡ ᠶᠢ ᠨᠢᠭᠡᠳ ᠨᠢᠭᠡ ᠪᠠᠷ ᠪᠠᠶᠢᠴᠠᠭᠠᠵᠤ᠂ ᠠᠷᠢᠬᠢ ᠤᠤᠭᠤᠭᠠᠳ ᠲᠡᠷᠭᠡ ᠵᠢᠯᠣᠭᠤᠳᠬᠤ᠂ ᠰᠣᠭᠲᠣᠭᠤ ᠪᠠᠷ ᠲᠡᠷᠭᠡ ᠵᠢᠯᠣᠭᠤᠳᠬᠤ᠂ ᠬᠤᠷᠳᠤᠴᠠ ᠠᠴᠠ ᠬᠡᠲᠦᠷᠡᠭᠦᠯᠬᠦ᠂ ᠠᠴᠢᠶ᠎ᠠ ᠬᠡᠲᠦᠷᠡᠭᠦᠯᠬᠦ᠂ ᠬᠥᠮᠦᠨ ᠤ ᠲᠤᠭ᠎ᠠ ᠠᠴᠠ ᠬᠡᠲᠦᠷᠡᠭᠦᠯᠬᠦ᠂ ᠶᠠᠳᠠᠷᠠᠭᠤ ᠪᠠᠷ ᠲᠡᠷᠭᠡ ᠵᠢᠯᠣᠭᠤᠳᠬᠤ᠂ ᠬᠠᠤᠯᠢ ᠠᠴᠠ ᠵᠥᠷᠢᠴᠡᠨ ᠬᠥᠮᠦᠨ ᠰᠠᠭᠤᠯᠭᠠᠬᠤ ᠵᠡᠷᠭᠡ 7 ᠲᠥᠷᠥᠯ ᠤᠨ ᠭᠤᠤᠯᠳᠠᠯᠭ᠎ᠠ ᠲᠠᠢ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠬᠠᠷᠢᠶᠠᠲᠤ ᠣᠷᠣᠨ ᠳᠤ ᠥᠨᠳᠥᠷ ᠳᠠᠷᠤᠯᠲᠠᠲᠤ ᠪᠠᠶᠢᠳᠠᠯ ᠢ ᠪᠣᠶ ᠪᠣᠯᠭᠠᠪᠠ᠃       ᠰᠥᠨᠢ ᠪᠠᠷ᠂ ᠠᠷᠤ ᠬᠤᠷᠴᠢᠨ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠬᠢ ᠪᠣᠯᠤᠨ ᠬᠠᠤᠯᠢ ᠬᠡᠷᠡᠭᠵᠢᠭᠦᠯᠬᠦ ᠪᠣᠭᠤᠮᠲᠠ ᠰᠢᠪᠲᠤᠯᠬᠤ ᠠᠩᠬᠢ ᠶᠢᠨ ᠬᠢᠨ ᠪᠦᠬᠦ ᠴᠠᠭᠳᠠᠭ᠎ᠠ ᠶᠢᠨ ᠬᠦᠴᠦᠨ ᠢᠶᠠᠨ ᠬᠥᠳᠡᠯᠭᠡᠨ ᠬᠠᠷᠢᠶ᠎ᠠ ᠣᠷᠣᠨ ᠤ ᠪᠠᠨ ᠬᠡᠪᠴᠢᠶᠡᠨ ᠳᠤ ᠰᠥᠨᠢ ᠶᠢᠨ ᠪᠠᠶᠢᠴᠠᠭᠠᠯᠲᠠ ᠶᠢᠨ ᠬᠠᠮᠲᠤᠷᠠᠭᠰᠠᠨ ᠨᠢᠭᠡᠳᠦᠯᠲᠡᠢ ᠠᠵᠢᠯᠯᠠᠭ᠎ᠠ ᠶᠢ ᠥᠷᠨᠢᠭᠦᠯᠵᠦ᠂ ︽ᠨᠠᠢᠮᠠᠨ ᠪᠦᠬᠦᠨ︾ ᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠰᠣᠭᠲᠣᠭᠤ ᠪᠠᠷ ᠲᠡᠷᠭᠡ ᠵᠢᠯᠣᠭᠤᠳᠬᠤ ᠲᠤᠬᠠᠢ ᠶᠢᠨ ᠲᠠᠯᠠᠪᠠᠢ ᠶᠢᠨ ᠠᠮᠤᠷ ᠲᠦᠪᠰᠢᠨ ᠤ ᠬᠠᠮᠠᠭᠠᠯᠠᠯᠲᠠ ᠶᠢ ᠰᠠᠶᠢᠲᠤᠷ ᠬᠢᠪᠡ᠃ ᠡᠭᠦᠨ ᠤ ᠵᠡᠷᠭᠡ ᠳᠤ ︽ᠲᠣᠭᠲᠠᠭᠰᠠᠨ ᠴᠡᠭ + ᠲᠣᠭᠤᠷᠢᠨ ᠴᠠᠭᠳᠠᠬᠤ︾ ᠦᠢᠯᠡᠴᠢᠯᠡᠭᠡᠨ ᠤ ᠵᠠᠭᠪᠤᠷ ᠢ ᠬᠡᠷᠡᠭᠯᠡᠨ᠂ ᠰᠣᠯᠪᠢᠴᠠᠨ ᠬᠠᠷᠢᠯᠴᠠᠨ ᠪᠠᠶᠢᠴᠠᠭᠠᠵᠤ ᠬᠠᠤᠯᠢ ᠬᠡᠷᠡᠭᠵᠢᠭᠦᠯᠬᠦ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠠᠷᠢᠬᠢ ᠤᠤᠭᠤᠭᠠᠳ ᠲᠡᠷᠭᠡ ᠵᠢᠯᠣᠭᠤᠳᠤᠭᠰᠠᠨ ᠬᠠᠤᠯᠢ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠠᠷᠢᠬᠢ ᠤᠤᠭᠤᠭᠠᠳ ᠲᠡᠷᠭᠡ ᠵᠢᠯᠣᠭᠤᠳᠤᠭᠰᠠᠨ᠂ ᠰᠣᠭᠲᠣᠭᠤ ᠪᠠᠷ ᠲᠡᠷᠭᠡ ᠵᠢᠯᠣᠭᠤᠳᠤᠭᠰᠠᠨ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ︽ᠥᠴᠦᠬᠡᠨ ᠴᠦ ᠢᠯᠳᠠᠷ ᠬᠠᠶᠠᠬᠤ ᠥᠬᠡᠶ︾ ᠴᠣᠬᠢᠯᠲᠠ ᠥᠭᠬᠦ ᠪᠠᠶᠢᠳᠠᠯ ᠢ ᠦᠷᠭᠦᠯᠵᠢᠯᠡᠨ ᠪᠠᠲᠤᠯᠠᠪᠠ᠃       ᠲᠤᠬᠠᠶ ᠶᠢᠨ ᠡᠳᠦᠷ ᠨᠡᠶᠢᠲᠡ 80 ᠭᠠᠷᠤᠶ ᠴᠠᠭᠳᠠᠭ᠎ᠠ᠂ 16 ᠴᠠᠭᠳᠠᠭᠠᠨ ᠤ ᠲᠡᠷᠭᠡ ᠶᠢ ᠬᠥᠳᠡᠯᠭᠡᠵᠦ᠂ ᠠᠷᠤ ᠬᠤᠷᠴᠢᠨ ᠬᠤᠰᠢᠭᠤᠨ ᠤ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠪᠣᠯᠤᠨ ᠣᠨᠳᠣᠣ ᠭᠠᠵᠠᠷ ᠲᠤ ᠴᠠᠭᠳᠠᠭ᠎ᠠ ᠬᠡᠷᠡᠭᠯᠡᠨ ᠬᠠᠤᠯᠢ ᠬᠡᠷᠡᠭᠵᠢᠭᠦᠯᠬᠦ ᠪᠣᠭᠤᠮᠲᠠ ᠰᠢᠪᠲᠤᠯᠬᠤ ᠠᠩᠭᠢ ᠶᠢᠨ ᠬᠠᠮᠲᠤ ᠶᠢᠨ ᠪᠠᠶᠢᠯᠳᠤᠭᠠᠨ ᠢᠶᠠᠷ ᠳᠡᠮᠵᠢᠨ᠂ ᠦᠨᠡᠮᠯᠡᠯ ᠥᠬᠡᠶ ᠪᠠᠷ ᠮᠠᠰᠢᠨᠲᠤ ᠲᠡᠷᠭᠡ ᠵᠢᠯᠣᠭᠤᠳᠤᠭᠰᠠᠨ 1᠂ ᠦᠨᠡᠮᠯᠡᠯ ᠥᠬᠡᠶ ᠪᠠᠷ ᠬᠤᠶᠠᠳᠠᠭᠢ ᠤᠳᠠᠭ᠎ᠠ ᠠᠷᠢᠬᠢ ᠤᠤᠭᠤᠵᠤ ᠮᠠᠰᠢᠨᠲᠤ ᠲᠡᠷᠭᠡ ᠵᠢᠯᠣᠭᠤᠳᠤᠭᠰᠠᠨ 1᠂ ᠠᠷᠢᠬᠢ ᠤᠤᠭᠤᠵᠤ ᠮᠠᠰᠢᠨᠲᠤ ᠲᠡᠷᠭᠡ ᠵᠢᠯᠣᠭᠤᠳᠤᠭᠰᠠᠨ 3᠂ ᠰᠣᠭᠲᠣᠭᠤ ᠪᠠᠷ ᠮᠠᠰᠢᠨᠲᠤ ᠲᠡᠷᠭᠡ ᠵᠢᠯᠣᠭᠤᠳᠤᠭᠰᠠᠨ 3 ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠬᠦᠨᠳᠦ ᠨᠣᠴᠢᠲᠠᠶ ᠦᠢᠯᠡ ᠠᠵᠢᠯᠯᠠᠭ᠎ᠠ ᠶᠢ ᠪᠠᠶᠢᠴᠠᠭᠠᠨ ᠢᠯᠡᠷᠡᠭᠦᠯᠵᠦ᠂ ᠬᠠᠷᠢᠶᠠᠲᠤ ᠣᠷᠣᠨ ᠤ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠵᠠᠮ ᠬᠠᠷᠢᠯᠴᠠᠭᠠᠨ ᠤ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠦᠨᠡᠨ ᠬᠦ ᠬᠠᠮᠠᠭᠠᠯᠠᠪᠠ᠃ 
ᠢᠷᠡᠯᠲᠡ᠄ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ