ᠨᠢᠩᠴᠧᠩ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠬᠤᠯᠠᠭᠠᠶᠢᠯᠠᠭᠰᠠᠨ ᠰᠢᠷᠢᠰ ᠬᠡᠷᠡᠭ ᠢ ᠢᠯᠡᠷᠡᠭᠦᠯᠪᠡ
ᠨᠡᠶᠢᠲᠡᠯᠡᠭᠰᠡᠨ ᠴᠠᠭ᠄
2023/12/22
    ᠣᠶᠢᠷ᠎ᠠ ᠳᠤ᠂ ᠤᠯᠠᠭᠠᠨᠬᠠᠳᠠ ᠬᠤᠲᠠ ᠶᠢᠨ ᠨᠢᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠲᠢᠶᠠᠨ ᠢ ᠲᠡᠮᠦᠷ ᠵᠠᠮ ᠤᠨ ᠪᠠᠷᠠᠭᠤᠨᠳᠠᠬᠢ ᠲᠣᠮᠢᠯᠠᠭᠰᠠᠨ ᠰᠠᠯᠪᠤᠷᠢ ᠳᠤ᠂ ᠰᠠᠭᠤᠭᠠᠯᠢ ᠲᠣᠭᠤᠷᠢᠭ ᠲᠤ ᠲᠠᠯᠪᠢᠵᠤ ᠪᠠᠶᠢᠭᠰᠠᠨ ᠬᠤᠶᠠᠷ ᠲᠦᠮᠡ ᠭᠠᠷᠤᠶ ᠲᠥᠭᠦᠷᠢᠭ ᠤᠨ ᠥᠷᠲᠡᠭ ᠪᠥᠬᠦᠶ ᠮᠣᠲ᠋ᠣᠷ ᠲᠡᠷᠭᠡ ᠨᠢ ᠬᠤᠯᠠᠭᠠᠶᠢᠯᠠᠭᠳᠠᠪᠠ ᠭᠡᠵᠦ ᠨᠢᠭᠡᠨ ᠬᠥᠮᠥᠨ ᠬᠡᠷᠡᠭ ᠮᠡᠳᠡᠭᠦᠯᠪᠡ᠃ ᠬᠡᠷᠡᠭ ᠤᠨ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ᠂ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠨᠠᠷ ᠰᠠᠭᠤᠭᠠᠯᠢ ᠲᠣᠭᠤᠷᠢᠭ ᠪᠣᠯᠤᠨ ᠵᠡᠭᠡᠯᠢ ᠳᠠᠭᠠᠤ ᠶᠢᠨ ᠬᠢᠨᠠᠨ ᠡᠵᠡᠮᠳᠡᠭᠦᠷ ᠢ ᠪᠠᠶᠢᠴᠠᠭᠠᠨ ᠦᠵᠡᠬᠦ ᠪᠠᠷ ᠳᠠᠮᠵᠢᠭᠤᠯᠤᠨ᠂ ᠬᠡᠷᠡᠭ ᠤᠨ ᠰᠡᠵᠢᠭᠳᠡᠨ ᠪᠣᠯᠤᠨ ᠲᠡᠭᠦᠨ ᠤ ᠳᠤᠲᠠᠭᠠᠬᠤ ᠵᠠᠮ ᠢ ᠲᠣᠭᠲᠠᠭᠠᠭᠰᠠᠨ ᠪᠥᠭᠡᠳ ᠯᠢᠶᠣᠤᠨᠢᠩ ᠮᠤᠵᠢ ᠶᠢᠨ ᠵᠢᠶᠠᠨ ᠫᠢᠩ ᠰᠢᠶᠠᠨ ᠤ ᠨᠢᠭᠡᠨ ᠲᠣᠰᠬᠤᠨ ᠤ ᠬᠠᠪᠢ ᠳᠤ ᠬᠦᠷᠲᠡᠯ᠎ᠡ ᠨᠡᠬᠡᠮᠵᠢᠯᠡᠵᠡᠶ᠃ ᠣᠯᠠᠨ ᠲᠠᠯ᠎ᠠ ᠪᠠᠷ ᠵᠢᠭᠰᠠᠭᠠᠨ ᠪᠠᠶᠢᠴᠠᠭᠠᠵᠤ ᠡᠵᠡᠮᠳᠡᠬᠦ ᠪᠠᠷ ᠳᠡᠮᠵᠢᠨ᠂ ᠡᠴᠦᠰ ᠲᠤ ᠪᠠᠨ ᠲᠣᠰ ᠲᠣᠰᠬᠤᠨ ᠠᠴᠠ ᠬᠤᠯᠠᠭᠠᠶᠢᠯᠠᠭᠳᠠᠭᠰᠠᠨ ᠮᠣᠲ᠋ᠣᠷ ᠲᠡᠷᠭᠡ ᠶᠢ ᠡᠷᠢᠵᠦ ᠣᠯᠤᠭᠰᠠᠨ ᠪᠥᠭᠡᠳ ᠶᠠᠯ᠎ᠠ ᠬᠢᠭᠰᠡᠨ ᠰᠡᠵᠢᠭᠳᠡᠨ ᠸᠠᠩ ᠣᠪᠣᠭᠲᠤ ᠵᠡᠷᠭᠡ ᠬᠤᠶᠠᠷ ᠬᠥᠮᠦᠨ ᠢ ᠪᠠᠷᠢᠪᠴᠢᠯᠠᠵᠠᠶ᠃
8.jpg
    ᠲᠤᠰ ᠬᠤᠶᠠᠷ ᠬᠥᠮᠦᠨ ᠮᠣᠲ᠋ᠣᠷ ᠲᠡᠷᠭᠡ ᠬᠤᠯᠠᠭᠠᠶᠢᠯᠠᠭᠰᠠᠨ ᠶᠠᠯ᠎ᠠ ᠶᠢᠨ ᠪᠣᠳᠠᠲᠤ ᠶᠠᠪᠤᠳᠠᠯ ᠢᠶᠠᠨ ᠥᠴᠢᠭᠯᠡᠨ ᠮᠡᠳᠡᠷᠡᠭᠰᠡᠨ ᠪᠥᠭᠡᠳ ᠤᠷᠢᠳ ᠬᠤᠵᠢᠳ 5 ᠴᠠᠬᠢᠯᠭᠠᠨ ᠬᠥᠳᠡᠯᠭᠡᠭᠦᠷᠲᠦ ᠲᠡᠷᠭᠡ᠂ 1 ᠮᠣᠲ᠋ᠣᠷ ᠲᠡᠷᠭᠡ ᠬᠤᠯᠠᠭᠠᠶᠢᠯᠠᠭᠰᠠᠨ ᠪᠥᠭᠡᠳ ᠬᠡᠰᠡᠭ ᠲᠡᠷᠭᠡ ᠪᠠᠨ ᠬᠠᠤᠯᠢ ᠪᠤᠰᠤ ᠪᠠᠷ ᠬᠤᠳᠠᠯᠳᠤᠭᠠᠳ ᠠᠰᠢᠭ ᠣᠯᠤᠭᠰᠠᠨ ᠶᠠᠯ᠎ᠠ ᠶᠢᠨ ᠪᠣᠳᠠᠲᠤ ᠶᠠᠪᠤᠳᠠᠯ ᠢᠶᠠᠨ ᠦᠨᠡᠨ ᠮᠥᠨ ᠢᠶᠠᠷ ᠨᠢ ᠦᠴᠢᠭᠯᠡᠪᠡ᠃    ᠣᠳᠣᠬᠠᠨ ᠳᠤ᠂ ᠶᠠᠯ᠎ᠠ ᠬᠢᠭᠰᠡᠨ ᠰᠡᠵᠢᠭᠳᠡᠨ ᠳᠤ ᠨᠢᠭᠡᠨᠲᠡ ᠡᠷᠡᠭᠦᠦ ᠶᠢᠨ ᠬᠡᠷᠡᠭ ᠤᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠤ᠂ ᠬᠡᠷᠡᠭ ᠢ ᠤᠯᠠᠮ ᠨᠢᠭᠡ ᠠᠯᠬᠤᠮ ᠳᠡᠩᠨᠡᠨ ᠰᠢᠢᠳᠪᠦᠷᠢᠯᠡᠵᠦ ᠪᠠᠶᠢᠨ᠎ᠠ᠃
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ