ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠤ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ ᠶᠢᠨ ᠠᠷᠠᠳ ᠤᠨ ᠴᠠᠭᠳᠠᠭ᠎ᠠ ᠣᠯᠠᠨ ᠤᠳᠠᠭ᠎ᠠ ᠬᠤᠯᠠᠭᠠᠶᠢᠯᠠᠭᠰᠠᠨ ᠬᠡᠷᠡᠭ ᠢ ᠢᠯᠡᠷᠡᠭᠦᠯᠪᠡ
ᠨᠡᠶᠢᠲᠡᠯᠡᠭᠰᠡᠨ ᠴᠠᠭ᠄
2023/12/22
    ᠣᠶᠢᠷ᠎ᠠ ᠳᠤ᠂ ᠰᠢᠯᠢ ᠶᠢᠨ ᠭᠤᠤᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠤ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ᠂ ᠪᠠᠷᠢᠯᠭ᠎ᠠ ᠶᠢᠨ ᠲᠤᠬᠠᠶ ᠶᠢᠨ ᠭᠠᠵᠠᠷ ᠤᠨ 3 ᠲᠦᠮᠡ ᠭᠠᠷᠤᠶ ᠲᠥᠭᠦᠷᠢᠭ ᠤᠨ ᠥᠷᠲᠡᠭ ᠪᠥᠬᠦᠶ ᠲᠥᠬᠦᠭᠡᠷᠦᠮᠵᠢ ᠨᠢ ᠬᠤᠯᠠᠭᠠᠶᠢᠯᠠᠭᠳᠠᠪᠠ ᠭᠡᠰᠡᠨ ᠰᠠᠭᠤᠭᠠᠯᠢ ᠠᠷᠠᠳ ᠤᠨ ᠬᠡᠷᠡᠭ ᠤᠨ ᠮᠡᠳᠡᠭᠦᠯᠦᠯᠲᠡ ᠶᠢ ᠲᠣᠰᠪᠠ᠃ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ ᠶᠢᠨ ᠠᠷᠠᠳ ᠤᠨ ᠴᠠᠭᠳᠠᠭ᠎ᠠ ᠦᠳᠲᠡᠷ ᠲᠦᠷᠭᠡᠨ ᠢᠶᠠᠷ ᠲᠤᠬᠠᠶ ᠶᠢᠨ ᠲᠠᠯᠠᠪᠤᠷ ᠲᠤ ᠬᠦᠷᠴᠦ ᠬᠠᠶᠢᠨ ᠪᠠᠶᠢᠴᠠᠭᠠᠵᠤ ᠭᠡᠷᠡᠴᠢ ᠠᠪᠴᠤ᠂ ᠬᠡᠷᠡᠭ ᠬᠢᠭᠰᠡᠨ ᠠᠷᠭ᠎ᠠ ᠪᠠᠷᠢᠯ᠂ ᠣᠷᠣ ᠮᠥᠷ ᠲᠠᠢ ᠬᠠᠷᠢᠴᠠᠭᠤᠯᠵᠤ ᠪᠠᠶᠢᠭᠠᠳ ᠶᠠᠯ᠎ᠠ ᠬᠢᠭᠰᠡᠨ ᠰᠡᠵᠢᠭᠳᠡᠨ 2 ᠬᠥᠮᠥᠨ ᠪᠥᠭᠡᠳ ᠬᠠᠷᠢᠶ᠎ᠠ ᠣᠷᠣᠨ ᠤ ᠣᠶᠢᠷ᠎ᠠ ᠶᠢᠨ ᠬᠤᠭᠤᠴᠠᠭᠠᠨ ᠳᠠᠬᠢ ᠣᠯᠠᠨ ᠤᠳᠠᠭᠠᠨ ᠤ ᠬᠤᠯᠠᠭᠠᠶᠢᠯᠠᠭᠰᠠᠨ ᠬᠡᠷᠡᠭ ᠤᠨ ᠬᠡᠷᠡᠭ ᠬᠢᠭᠰᠡᠨ ᠠᠷᠭ᠎ᠠ ᠪᠠᠷᠢᠯ ᠲᠠᠢ ᠲᠦᠢᠯ ᠤᠨ ᠠᠳᠠᠯᠢᠪᠲᠤᠷ ᠭᠡᠵᠦ ᠲᠣᠳᠣᠯᠠᠵᠠᠢ᠃
11.jpg
    ᠬᠡᠷᠡᠭ ᠰᠢᠢᠳᠪᠦᠷᠢᠯᠡᠬᠦ ᠠᠷᠠᠳ ᠤᠨ ᠴᠠᠭᠳᠠᠭ᠎ᠠ ᠤᠯᠠᠮ ᠨᠢᠭᠡ ᠠᠯᠬᠤᠮ ᠵᠠᠳᠠᠯᠤᠨ ᠰᠤᠳᠤᠯᠵᠤ ᠮᠠᠭᠠᠳᠯᠠᠬᠤ ᠪᠠᠷ ᠳᠡᠮᠵᠢᠨ᠂ ᠬᠠᠷᠢᠶ᠎ᠠ ᠣᠷᠣᠨ ᠤ ᠭᠦ᠋ ᠣᠪᠤᠭᠲᠤ ᠡᠴᠢᠭᠡ ᠬᠦᠦ ᠬᠤᠶᠠᠭᠤᠯᠠ ᠬᠦᠨᠳᠦ ᠶᠡᠭᠡ ᠬᠡᠷᠡᠭ ᠬᠢᠭᠰᠡᠨ ᠰᠡᠵᠢᠭ ᠲᠠᠢ ᠪᠠᠶᠢᠬᠤ ᠶᠢ ᠳᠣᠲᠣᠯᠠᠭᠰᠠᠨ ᠪᠥᠭᠡᠳ ᠬᠤᠶᠠᠭᠤᠯᠠ ᠶᠢ ᠠᠮᠵᠢᠯᠲᠠᠲᠠᠶ ᠪᠠᠷᠢᠪᠴᠢᠯᠠᠪᠠ᠃    ᠰᠢᠭᠦᠨ ᠠᠰᠠᠭᠤᠬᠤ ᠪᠠᠷ ᠳᠠᠮᠵᠢᠭᠠᠳ᠂ ᠭᠦ᠋ ᠣᠪᠤᠭᠲᠤ ᠡᠴᠢᠭᠡ ᠬᠦᠦ ᠬᠤᠶᠠᠭᠤᠯᠠ ᠬᠤᠯᠠᠭᠠᠶᠢᠯᠠᠭᠰᠠᠨ ᠪᠣᠳᠠᠲᠤ ᠬᠡᠷᠡᠭ ᠢᠶᠠᠨ ᠥᠴᠢᠭᠯᠡᠨ ᠮᠡᠳᠡᠷᠡᠭᠰᠡᠨ ᠪᠥᠭᠡᠳ ᠬᠤᠯᠠᠭᠠᠶᠢᠯᠠᠭᠰᠠᠨ ᠪᠤᠰᠤᠳ ᠣᠯᠠᠨ ᠶᠠᠯᠠᠲᠤ ᠠᠵᠢᠯᠯᠠᠭ᠎ᠠ ᠪᠠᠨ ᠲᠤᠰᠢᠶᠠᠪᠠ᠃ ᠣᠳᠣᠬᠠᠨ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠶᠠᠯ᠎ᠠ ᠬᠢᠭᠰᠡᠨ 2 ᠰᠡᠵᠢᠭᠳᠡᠨ ᠳᠤ ᠡᠷᠡᠭᠦᠦ ᠶᠢᠨ ᠬᠡᠷᠡᠭ ᠤᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠤ᠂ ᠲᠤᠰ ᠬᠡᠷᠡᠭ ᠢ ᠤᠯᠠᠮ ᠨᠢᠭᠡ ᠠᠯᠬᠤᠮ ᠳᠡᠩᠨᠡᠨ ᠰᠢᠢᠳᠪᠦᠷᠢᠯᠡᠵᠦ ᠪᠠᠶᠢᠨ᠎ᠠ᠃ 
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ