ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢᠭᠡᠨ ᠮᠡᠬᠡᠯᠡᠭᠰᠡᠨ ᠬᠡᠷᠡᠭ ᠢ ᠢᠯᠡᠷᠡᠭᠦᠯᠪᠡ
ᠨᠡᠶᠢᠲᠡᠯᠡᠭᠰᠡᠨ ᠴᠠᠭ᠄
2023/12/22
      ᠣᠶᠢᠷ᠎ᠠ ᠳᠤ᠂ ᠰᠢᠯᠢ ᠶᠢᠨ ᠭᠤᠤᠯ ᠠᠶᠢᠮᠠᠭ ᠤᠨ ᠰᠥᠨᠢᠳ ᠪᠠᠷᠠᠭᠤᠨ ᠬᠤᠰᠢᠭᠤᠨ ᠤ ᠰᠠᠭᠤᠭᠠᠯᠢ ᠠᠷᠠᠳ ᠥᠪᠡᠷ ᠢ ᠪᠠᠨ 95636 ᠲᠥᠭᠦᠷᠢᠭ ᠮᠡᠬᠡᠯᠡᠭᠳᠡᠪᠡ ᠭᠡᠵᠦ ᠲᠥᠭᠰᠢᠭᠦᠷᠢ ᠮᠡᠳᠡᠭᠦᠯᠵᠡᠶ᠃ ᠬᠡᠷᠡᠭ ᠤᠨ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠡᠷᠡ ᠳᠠᠷᠤᠶ ᠳᠤ ᠨᠢ ᠲᠤᠰᠬᠠᠶ ᠬᠡᠷᠡᠭ ᠤᠨ ᠳᠤᠭᠤᠶᠢᠯᠠᠩ ᠪᠠᠶᠢᠭᠤᠯᠵᠤ᠂ ᠵᠠᠳᠠᠯᠤᠨ ᠰᠢᠨᠵᠢᠯᠡᠵᠦ ᠰᠤᠳᠤᠯᠤᠨ ᠮᠠᠭᠠᠳᠯᠠᠬᠤ ᠪᠠ ᠶᠡᠭᠡ ᠬᠡᠮᠵᠢᠶ᠎ᠡ ᠪᠠᠷ ᠵᠢᠭᠰᠠᠭᠠᠨ ᠪᠠᠶᠢᠴᠠᠭᠠᠬᠤ ᠪᠠᠷ ᠳᠡᠮᠵᠢᠨ᠂ ᠡᠴᠦᠰ ᠲᠤ ᠪᠠᠨ ᠶᠠᠯ᠎ᠠ ᠬᠢᠭᠰᠡᠨ ᠰᠡᠵᠢᠭᠳᠡᠨ ᠯᠢᠨ ᠣᠪᠣᠭᠲᠤ ᠶᠢ ᠪᠠᠶᠢᠴᠠᠭᠠᠨ ᠳᠣᠲᠣᠯᠠᠬᠤ ᠶᠢᠨ ᠬᠠᠮᠲᠤ ᠲᠡᠭᠦᠨ ᠢ ᠰᠦᠯᠵᠢᠶᠡᠨ ᠳᠡᠭᠡᠷ᠎ᠡ ᠪᠠᠷᠢᠪᠴᠢᠯᠠᠬᠤ ᠪᠠᠷ ᠵᠠᠷᠯᠠᠪᠠ᠃     ᠣᠶᠢᠷ᠎ᠠ ᠶᠢᠨ ᠬᠤᠭᠤᠴᠠᠭᠠᠨ ᠳᠤ᠂ ᠬᠡᠷᠡᠭ ᠰᠢᠢᠳᠪᠦᠷᠢᠯᠡᠬᠦ ᠠᠷᠠᠳ ᠤᠨ ᠴᠠᠭᠳᠠᠭ᠎ᠠ ᠯᠢᠨ ᠣᠪᠣᠭᠲᠤ ᠶᠢᠨ ᠹᠦᠵᠢᠶᠠᠨ ᠳᠤ ᠶᠠᠪᠤᠵᠤ ᠰᠠᠭᠤᠭᠰᠠᠨ ᠮᠡᠳᠡᠭᠡ ᠵᠠᠩᠭᠢ ᠶᠢ  ᠣᠯᠤᠭᠰᠠᠨ ᠪᠥᠭᠡᠳ ᠲᠡᠷᠡ ᠳᠠᠷᠤᠶ ᠳᠤ ᠨᠢ ᠲᠡᠨᠳᠡ ᠬᠦᠷᠦᠭᠡᠳ ᠲᠡᠭᠦᠨ ᠢ ᠪᠠᠷᠢᠪᠴᠢᠯᠠᠪᠠ᠃     ᠰᠢᠭᠦᠨ ᠠᠰᠠᠭᠤᠬᠤ ᠪᠠᠷ ᠳᠠᠮᠵᠢᠭᠠᠳ ᠯᠢᠨ ᠣᠪᠣᠭᠲᠤ ᠥᠪᠡᠷ ᠤᠨ ᠬᠠᠤᠯᠢ ᠶᠢ ᠵᠥᠷᠢᠴᠡᠵᠦ ᠶᠠᠯ᠎ᠠ ᠬᠢᠭᠰᠡᠨ ᠪᠣᠳᠠᠲᠤ ᠶᠠᠪᠤᠳᠠᠯ ᠢᠶᠠᠨ ᠥᠴᠢᠭᠯᠡᠨ ᠮᠡᠳᠡᠷᠡᠵᠦ᠂ ᠬᠡᠷᠡᠭ ᠲᠤ ᠬᠤᠯᠪᠣᠭᠳᠠᠭᠰᠠᠨ ᠪᠤᠵᠠᠷ ᠵᠣᠭᠤᠰ ᠢ ᠨᠢᠭᠡᠨᠲᠡ ᠪᠦᠬᠦᠨ ᠢ ᠬᠤᠬᠢᠷᠠᠯ ᠠᠮᠰᠠᠭᠴᠢ ᠳᠤ ᠪᠤᠴᠠᠭᠠᠵᠤ ᠥᠭᠪᠡ᠃
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ