ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠦᠬᠦ ᠴᠠᠭᠳᠠᠭ᠎ᠠ ᠮᠥᠰᠥ ᠴᠠᠰᠤ ᠶᠢ ᠴᠡᠪᠡᠷᠯᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/22
     ᠦᠢᠷ᠎ᠠ ᠶᠢᠨ ᠡᠳᠦᠷ᠂ ᠰᠢᠯᠢ ᠶᠢᠨ ᠭᠤᠤᠯ ᠠᠶᠢᠮᠠᠭ ᠤᠨ ᠲᠠᠶᠢᠹᠤᠰᠧ ᠬᠤᠰᠢᠭᠤᠨ ᠤ ᠬᠢᠯᠢ ᠳᠣᠲᠣᠷ᠎ᠠ ᠴᠠᠰᠤ ᠰᠢᠭᠤᠷᠭ᠎ᠠ ᠳᠡᠭᠳᠡᠵᠦ᠂ ᠠᠭᠠᠷ ᠤᠨ ᠳᠤᠯᠠᠭᠠᠨ ᠲᠦᠷᠭᠡᠨ ᠪᠠᠭᠤᠷᠠᠵᠤ᠂ ᠪᠣᠤᠴᠠᠩ ᠪᠠᠯᠭᠠᠰᠤᠨ ᠳᠤ ᠠᠳᠠᠯᠢ ᠪᠤᠰᠤ ᠬᠡᠮᠵᠢᠶᠡᠨ ᠤ ᠴᠠᠰᠤ ᠮᠥᠰᠥ ᠬᠤᠷᠠᠵᠤ᠂ ᠣᠯᠠᠨ ᠲᠦᠮᠡᠨ ᠤ ᠶᠠᠪᠤᠵᠤ ᠰᠠᠭᠤᠬᠤ ᠶᠢ ᠬᠦᠨᠳᠦ ᠨᠣᠴᠢᠲᠠᠶ ᠨᠥᠯᠥᠭᠡᠯᠡᠵᠦ᠂ ᠵᠠᠮ ᠤᠨ ᠠᠮᠤᠷ ᠲᠦᠪᠰᠢᠨ ᠤ ᠬᠡᠮ ᠰᠣᠭᠤᠭ ᠢ ᠨᠡᠮᠡᠭᠳᠡᠭᠦᠯᠪᠡ᠃ ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠨᠢᠭᠡᠳᠦᠯᠲᠡᠶ ᠲᠣᠬᠢᠷᠠᠭᠤᠯᠤᠯᠲᠠ ᠳᠤᠤᠷ᠎ᠠ᠂ ᠡᠯ᠎ᠡ ᠰᠠᠯᠠᠭ᠎ᠠ ᠮᠥᠴᠢᠷ ᠤᠨ ᠠᠷᠠᠳ ᠤᠨ ᠴᠠᠭᠳᠠᠭ᠎ᠠ ᠶᠢ ᠵᠣᠬᠢᠶᠠᠨ ᠪᠠᠶᠢᠭᠤᠯᠵᠤ᠂ ᠳᠠᠭᠠᠭᠠᠴᠢᠯᠠᠨ ᠬᠠᠷᠢᠭᠤᠴᠠᠬᠤ ᠲᠣᠭᠤᠷᠢᠭ ᠲᠤ ᠬᠦᠷᠴᠦ᠂ ᠴᠠᠰᠤ ᠮᠥᠰᠥ ᠠᠷᠢᠯᠭᠠᠬᠤ ᠠᠵᠢᠯ ᠥᠷᠨᠢᠭᠦᠯᠪᠡ᠃
微信图片_20231221160008.jpg 
微信图片_20231221160149.jpg
     ᠬᠠᠬᠢᠷ ᠬᠦᠢᠳᠡᠨ ᠰᠠᠯᠬᠢ ᠰᠢᠭᠤᠷᠭ᠎ᠠ ᠨᠢ ᠣᠯᠠᠨ ᠤ ᠴᠠᠰᠤ ᠮᠥᠰᠥ ᠶᠢ ᠠᠷᠢᠯᠭᠠᠬᠤ ᠬᠠᠯᠠᠭᠤᠨ ᠰᠡᠳᠬᠢᠯᠭᠡ ᠶᠢ ᠥᠴᠦᠬᠡᠨ ᠴᠦ ᠨᠥᠯᠥᠭᠡᠯᠡᠭᠰᠡᠨ ᠥᠬᠡᠶ᠂ 3 ᠴᠠᠭ ᠰᠢᠬᠠᠮ ᠴᠡᠪᠡᠷᠯᠡᠬᠦ ᠪᠠᠷ ᠳᠡᠮᠵᠢᠨ᠂ ᠬᠠᠷᠢᠭᠤᠴᠠᠯᠭ᠎ᠠ ᠶᠢᠨ ᠣᠷᠣᠨ ᠤ ᠵᠠᠮ ᠳᠡᠭᠡᠷᠡᠬᠢ ᠮᠥᠰᠥ ᠴᠠᠰᠤ ᠶᠢ ᠲᠦᠢᠯᠪᠤᠷᠢᠲᠠᠶ ᠴᠡᠪᠡᠷᠯᠡᠵᠦ᠂ ᠣᠯᠠᠨ ᠲᠦᠮᠡᠨ ᠤ ᠠᠮᠤᠷ ᠲᠦᠪᠰᠢᠨ ᠢᠶᠠᠷ ᠶᠠᠪᠤᠵᠤ ᠰᠠᠭᠤᠬᠤ ᠵᠠᠮ ᠢ ᠨᠡᠪᠲᠡᠷᠡᠭᠦᠯᠵᠦ᠂ ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ︽ᠬᠦᠢᠳᠡᠨ ᠠᠴᠠ ᠠᠶᠤᠬᠤ ᠥᠬᠡᠶ᠂ ᠶᠠᠳᠠᠷᠠᠬᠤ ᠠᠴᠠ ᠠᠶᠤᠬᠤ ᠥᠬᠡᠶ︾ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠷᠠᠳ ᠲᠦᠮᠡᠨ ᠳᠤ ᠦᠢᠯᠡᠴᠢᠯᠡᠬᠦ ᠡᠷᠬᠢᠮ ᠳᠡᠭᠡᠳᠦ ᠡᠭᠦᠷᠭᠡ ᠬᠠᠷᠢᠭᠤᠴᠠᠯᠭᠠᠲᠤ ᠰᠡᠳᠬᠢᠯᠭᠡ ᠶᠢ ᠢᠯᠡᠷᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠲᠠᠶᠢᠹᠤᠰᠧ ᠬᠤᠰᠢᠭᠤᠨ ᠳᠤ ᠣᠷᠣᠰᠢᠨ ᠰᠠᠭᠤᠬᠤ ᠳᠤ ᠲᠣᠬᠢᠷᠠᠮᠵᠢᠲᠠᠶ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ᠂ ᠳᠣᠲᠣᠭᠠᠳᠤ ᠶᠢ ᠬᠠᠮᠠᠭᠠᠯᠠᠬᠤ ᠬᠦᠴᠦᠨ ᠴᠢᠳᠠᠯ ᠢᠶᠠᠨ ᠡᠷᠭᠦᠪᠡ᠃ 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ