ᠡᠷᠢᠶᠡᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠠᠬᠢᠶᠠᠯᠠᠭ᠎ᠠ ᠶᠢᠨ ᠬᠤᠭᠤᠯᠠᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/22
    ᠣᠶᠢᠷ᠎ᠠ ᠳᠤ᠂ ᠡᠷᠢᠶᠡᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠬᠠᠷᠢᠶᠠᠲᠤ ᠣᠷᠣᠨ ᠤ ᠪᠠᠨ ᠵᠠᠬᠢᠶᠠᠯᠠᠭ᠎ᠠ ᠶᠢᠨ ᠬᠤᠭᠤᠯᠠᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ︽ᠨᠢᠭᠡ ᠳᠤᠭᠤᠯᠠᠭ᠎ᠠ ᠨᠢᠭᠡ ᠪᠦᠰᠡ︾ ᠶᠢᠨ ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠥᠷᠨᠢᠭᠦᠯᠪᠡ᠃
14.jpg
    ᠠᠵᠢᠯᠯᠠᠭ᠎ᠠ ᠶᠢᠨ ᠳᠤᠮᠳᠠ᠂ ᠠᠷᠠᠳ ᠤᠨ ᠴᠠᠭᠳᠠᠭ᠎ᠠ ᠬᠠᠷᠢᠶᠠᠲᠤ ᠣᠷᠣᠨ ᠤ ᠣᠳᠣᠬᠠᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠳᠠᠯ ᠳᠤ ᠵᠠᠳᠠᠯᠤᠯᠲᠠ ᠬᠢᠵᠦ᠂ ᠬᠦᠷᠭᠡᠭᠴᠢ ᠬᠤᠭᠤᠯᠠ ᠬᠦᠷᠭᠡᠬᠦ ᠶᠠᠪᠤᠴᠠ ᠳᠤ ᠣᠷᠣᠰᠢᠵᠤ ᠪᠠᠶᠢᠭ᠎ᠠ ᠡᠯ᠎ᠡ ᠲᠥᠷᠥᠯ ᠤᠨ ᠵᠠᠮ ᠬᠠᠷᠢᠯᠴᠠᠭᠠᠨ ᠤ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠵᠢᠴᠢ ᠬᠤᠤᠷ ᠬᠥᠨᠥᠭᠡᠯ ᠢ ᠨᠠᠷᠢᠨ ᠲᠠᠶᠢᠯᠪᠤᠷᠢᠯᠠᠵᠤ᠂ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠨ᠂ ᠵᠠᠮ ᠬᠠᠷᠢᠯᠴᠠᠭᠠᠨ ᠤ ᠮᠠᠭᠤ ᠳᠠᠳᠬᠠᠯ ᠢ ᠣᠷᠬᠢᠵᠦ᠂ ᠠᠮᠤᠷ ᠲᠦᠪᠰᠢᠨ ᠢᠶᠠᠷ ᠶᠠᠪᠤᠵᠤ ᠰᠠᠭᠤᠬᠤ ᠶᠢ ᠣᠯᠠᠨ ᠳᠤ ᠰᠠᠨᠠᠭᠤᠯᠪᠠ᠃ ᠡᠭᠦᠨ ᠤ ᠵᠡᠷᠭᠡ ᠳᠤ᠂ ᠠᠷᠠᠳ ᠤᠨ ᠴᠠᠭᠳᠠᠭ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠬᠤᠪᠢ ᠬᠥᠮᠦᠨ ᠤ ᠮᠡᠳᠡᠭᠡ ᠵᠠᠩᠭᠢ ᠶᠢᠨ ᠡᠬᠡ ᠳᠠᠩᠰᠠ ᠶᠢ ᠬᠢᠨᠠᠮᠠᠭᠠᠶ ᠵᠢᠷᠤᠮᠵᠢᠭᠤᠯᠤᠨ᠂ ᠬᠦᠷᠭᠡᠭᠴᠢ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠲᠤᠬᠠᠶ ᠬᠥᠮᠦᠵᠢᠯ ᠢ ᠴᠢᠩᠭᠠᠳᠬᠠᠵᠤ᠂ ᠴᠠᠭᠳᠠᠭ᠎ᠠ ᠪᠣᠯᠤᠨ ᠠᠵᠤ ᠠᠬᠤᠶᠢᠯᠠᠯ ᠭᠠᠷ ᠬᠤᠯᠪᠣᠨ ᠠᠮᠤᠷ ᠲᠦᠪᠰᠢᠨ᠂ ᠪᠣᠯᠪᠠᠰᠤᠨ ᠵᠠᠮ ᠬᠠᠷᠢᠯᠴᠠᠭᠠᠨ ᠤ ᠣᠷᠴᠢᠨ ᠨᠥᠬᠦᠴᠡᠯ ᠢ ᠬᠠᠮᠲᠤ ᠪᠠᠷ ᠪᠤᠶ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ