ᠣᠯᠠᠭᠠᠢ ᠬᠠᠮᠢᠶᠠᠷᠤᠯᠲᠠ ᠶᠢᠨ ᠣᠷᠣᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠠᠬᠢᠯᠭᠠᠨ ᠬᠤᠯᠪᠣᠭ᠎ᠠ ᠰᠦᠯᠵᠢᠶ᠎ᠡ ᠶᠢᠨ ᠮᠡᠬᠡᠯᠡᠯ ᠤᠨ ᠬᠡᠷᠡᠭ ᠲᠤ ᠬᠤᠯᠪᠤᠭᠳᠠᠭᠰᠠᠨ ᠣᠷᠭᠤᠳᠠᠭᠤᠯ ᠬᠡᠷᠡᠭᠳᠡᠨ ᠢ ᠪᠠᠷᠢᠪᠴᠢᠯᠠᠪᠠ
ᠨᠡᠶᠢᠲᠡᠯᠡᠭᠰᠡᠨ ᠴᠠᠭ᠄
2023/12/22
      2021 ᠣᠨ ᠤ 11 ᠳ᠋ᠦ᠋ᠭᠡᠷ ᠰᠠᠷ᠎ᠠ ᠶᠢᠨ 28 ᠤ ᠡᠳᠦᠷ᠂ ᠰᠢᠯᠢ ᠶᠢᠨ ᠭᠤᠤᠯ ᠠᠶᠢᠮᠠᠭ ᠤᠨ ᠤᠯᠠᠭᠠᠶ ᠶᠢᠨ ᠬᠠᠮᠢᠶᠠᠷᠤᠯᠲᠠ ᠶᠢᠨ ᠲᠣᠭᠤᠷᠢᠭ ᠲᠤ ᠰᠦᠯᠵᠢᠶ᠎ᠡ ᠪᠠᠷ ᠨᠠᠶᠢᠵᠠᠯᠠᠨ ᠮᠡᠬᠡᠯᠡᠭᠰᠡᠨ ᠬᠡᠷᠡᠭ ᠭᠠᠷᠴᠤ᠂ ᠯᠦᠸᠧ ᠣᠪᠣᠭᠲᠤ ᠲᠠᠭᠤ ᠬᠤᠪᠢᠷᠠᠭᠤᠯᠬᠤ ᠲᠥᠬᠦᠭᠡᠷᠦᠮᠵᠢ ᠪᠠᠷ ᠡᠮᠡᠭᠲᠡᠶ ᠬᠥᠮᠦᠨ ᠢᠶᠠᠷ ᠣᠪᠯᠠᠨ᠂ ᠰᠦᠯᠵᠢᠶ᠎ᠡ ᠪᠠᠷ ᠢᠨᠠᠭᠯᠠᠬᠤ ᠠᠷᠭ᠎ᠠ ᠪᠠᠷ ᠬᠤᠬᠢᠷᠠᠯ ᠠᠮᠰᠠᠭᠴᠢ ᠶᠢ 3 ᠲᠦᠮᠡ ᠭᠠᠷᠤᠶ ᠲᠥᠭᠦᠷᠢᠭ ᠮᠡᠬᠡᠯᠡᠨ ᠠᠪᠤᠭᠠᠳ ᠲᠤᠳᠠᠭᠠᠪᠠ᠃ ᠬᠤᠶᠠᠷ ᠵᠢᠯ ᠤᠨ ᠲᠤᠷᠰᠢ᠂ ᠬᠡᠷᠡᠭ ᠰᠢᠢᠳᠪᠦᠷᠢᠯᠡᠬᠦ ᠠᠷᠠᠳ ᠤᠨ ᠴᠠᠭᠳᠠᠭ᠎ᠠ ᠶᠡᠭᠡ ᠬᠡᠮᠵᠢᠶᠡᠨ ᠤ ᠵᠠᠳᠠᠯᠤᠯᠲᠠ᠂ ᠰᠤᠳᠤᠯᠤᠨ ᠮᠠᠭᠠᠳᠯᠠᠯᠲᠠ ᠪᠠᠷ ᠳᠠᠮᠵᠢᠭᠤᠯᠤᠨ᠂ ᠣᠶᠢᠷ᠎ᠠ ᠶᠢᠨ ᠬᠤᠭᠤᠴᠠᠭᠠᠨ ᠳᠤ ᠭᠤᠸᠠᠩᠳᠦ᠋ᠩ ᠮᠤᠵᠢ ᠳᠤ ᠶᠠᠯ᠎ᠠ ᠬᠢᠭᠰᠡᠨ ᠰᠡᠵᠢᠭᠳᠡᠨ ᠤ ᠮᠡᠬᠡᠯᠡᠯ ᠶᠠᠪᠤᠭᠤᠯᠬᠤ ᠣᠷᠤᠮᠵᠢ ᠶᠢ ᠲᠣᠭᠲᠠᠭᠠᠭᠰᠠᠨ ᠪᠥᠭᠡᠳ ᠲᠡᠷᠡ ᠳᠠᠷᠤᠶ ᠳᠤ ᠨᠢ ᠭᠠᠪᠰᠢᠭᠠᠢ ᠴᠠᠭᠳᠠᠭᠠᠨ ᠤ ᠬᠦᠴᠦᠨ ᠢ ᠵᠣᠬᠢᠶᠠᠨ ᠪᠠᠶᠢᠭᠤᠯᠵᠤ ᠪᠠᠷᠢᠪᠴᠢᠯᠠᠬᠤ ᠪᠠᠷ ᠣᠴᠢᠪᠠ᠃ ᠲᠤᠬᠠᠶ ᠶᠢᠨ ᠭᠠᠵᠠᠷ ᠤᠨ ᠴᠠᠭᠳᠠᠭᠠᠨ ᠤ ᠲᠠᠯ᠎ᠠ ᠶᠢᠨ ᠬᠢᠨ ᠤ ᠬᠠᠮᠵᠢᠯᠴᠠᠭ᠎ᠠ ᠪᠠᠷ ᠭᠤᠸᠠᠩᠳᠦ᠋ᠩ ᠮᠤᠵᠢ ᠳᠤ ᠡᠭᠦᠷᠯᠡᠵᠦ ᠪᠠᠶᠢᠭᠰᠠᠨ ᠨᠢᠭᠡᠨ ᠮᠡᠬᠡᠯᠡᠯ ᠤᠨ ᠣᠷᠤᠮᠵᠢ ᠶᠢ ᠰᠦᠢᠷᠡᠭᠦᠯᠵᠦ᠂ ᠬᠡᠷᠡᠭ ᠤᠨ ᠪᠠᠭᠠᠵᠢ ᠬᠡᠷᠡᠭᠰᠡᠯ ᠢ ᠳᠠᠷᠤᠵᠤ ᠠᠪᠤᠭᠰᠠᠨ ᠪᠥᠭᠡᠳ ᠳᠤᠲᠠᠭᠠᠵᠤ ᠪᠠᠶᠢᠭ᠎ᠠ ᠯᠦᠸᠧ ᠣᠪᠣᠭᠲᠤ ᠶᠢ ᠪᠠᠷᠢᠪᠴᠢᠯᠠᠪᠠ᠃
7.jpg
      ᠯᠦᠸᠧ ᠣᠪᠣᠭᠲᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠶᠢᠨ ᠪᠣᠳᠠᠲᠤ ᠬᠡᠷᠡᠭ ᠢ ᠥᠴᠢᠭᠯᠡᠨ ᠮᠡᠳᠡᠷᠡᠵᠦ᠂ ᠬᠡᠷᠡᠭ ᠢ ᠤᠯᠠᠮ ᠨᠢᠭᠡ ᠠᠯᠬᠤᠮ ᠳᠡᠩᠨᠡᠨ ᠰᠢᠢᠳᠪᠦᠷᠢᠯᠡᠵᠦ ᠪᠠᠶᠢᠨ᠎ᠠ᠃
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ