︽ᠹᠧᠩᠴᠢᠶᠣᠣ ᠶᠢᠨ ᠲᠤᠷᠰᠢᠯᠭ᠎ᠠ︾ ᠨᠢ ᠰᠢᠨ᠎ᠡ ᠴᠠᠭ ᠦᠶ᠎ᠡ ᠶᠢᠨ ᠠᠭᠤᠤ ᠶᠡᠭᠡ ᠦᠢᠯᠡᠳᠦᠯᠭᠡ ᠶᠢᠨ ᠳᠤᠮᠳᠠ ᠪᠠᠶᠠᠯᠢᠭᠵᠢᠨ᠂ ᠨᠠᠮ ᠤᠨ ᠤᠳᠤᠷᠢᠳᠤᠯᠭ᠎ᠠ ᠶᠢ | ᠨᠡᠩ ᠴᠢᠬᠤᠯᠠᠴᠢᠯᠠᠵᠤ᠂ ᠬᠠᠤᠯᠢᠵᠢᠯ ᠤᠨ ᠦᠵᠡᠯ ᠤᠬᠠᠮᠰᠠᠷ ᠢ ᠨᠡᠩ ᠢᠯᠡᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠨᠡᠩ ᠲᠤᠪᠤᠶᠢᠯᠭᠠᠵᠦ᠂ | ᠨᠡᠶᠢᠭᠡᠮ ᠤᠨ ᠣᠷᠣᠯᠴᠠᠯᠭ᠎ᠠ ᠶᠢ ᠨᠡᠩ ᠴᠢᠬᠤᠯᠠᠴᠢᠯᠠᠵᠤ᠂ ᠰᠢᠨ᠎ᠡ ᠬᠡᠪ ᠨᠠᠮᠪᠠ ᠪᠠᠨ ᠢᠯᠡᠷᠡᠭᠦᠯᠪᠡ᠃ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠨᠠᠮ ᠤᠨ ᠪᠠᠶᠢᠭᠤᠯᠤᠯᠲᠠ ᠶᠢ ᠠᠳᠬᠤᠬᠤ᠂ ᠬᠡᠪ ᠴᠢᠨᠠᠷ ᠢ ᠴᠢᠩᠭᠠᠳᠬᠠᠬᠤ᠂ ᠰᠤᠷᠲᠠᠯ ᠢ ᠴᠡᠭᠴᠡᠯᠡᠬᠦ᠂ ᠳᠦᠷᠢ | ᠲᠥᠷᠬᠦ ᠶᠢ ᠪᠣᠢ ᠪᠣᠯᠭᠠᠬᠤ︾ ᠲᠤᠰᠬᠠᠢ ᠠᠵᠢᠯᠯᠠᠭ᠎ᠠ ᠲᠠᠢ ᠤᠶᠠᠯᠳᠤᠭᠤᠯᠵᠤ᠂ ᠰᠢᠨ᠎ᠡ ᠴᠠᠭ ᠦᠶ᠎ᠡ ᠶᠢᠨ ︽ᠹᠧᠩᠴᠢᠶᠣᠣ ᠶᠢᠨ ᠲᠤᠷᠰᠢᠯᠭ᠎ᠠ︾ ᠶᠢ ᠪᠠᠷᠢᠮᠲᠠᠯᠠᠨ | ᠬᠥᠭᠵᠢᠭᠦᠯᠦᠨ᠂ ᠦᠨᠳᠦᠰᠦᠨ ᠱᠠᠲᠤᠨ ᠤ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠤᠨ ᠦᠢᠯᠡᠳᠦᠯᠭᠡᠵᠢᠭᠦᠯᠵᠡᠢ᠃ | ᠠᠷᠠᠳ ᠤᠨ ᠪᠠᠶᠢᠳᠠᠯ ᠢ ᠪᠠᠶᠢᠴᠠᠭᠠᠪᠠ - ︽ᠪᠠᠭ᠎ᠠ ᠳᠠᠯᠳᠠ ᠭᠡᠮ︾ ᠠᠴᠠ ᠪᠣᠯᠵᠤ ︽ᠶᠡᠭᠡ ᠶᠠᠷᠰᠢᠭ︾ ᠭᠠᠷᠬᠤ ᠶᠢ ᠰᠡᠷᠭᠡᠶᠢᠯᠡᠶ᠎ᠡ | ᠡᠪᠦᠯ ᠤᠨ ᠤᠯᠠᠷᠢᠯ ᠤᠷᠤᠭᠰᠠᠨ ᠤ ᠳᠠᠷᠠᠭ᠎ᠠ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠭᠡ᠂ ᠨᠠᠰᠤᠲᠠᠶᠢᠴᠤᠳ ᠵᠢᠷᠦᠬᠡ ᠲᠠᠷᠢᠬᠢᠨ ᠰᠤᠳᠠᠯ ᠤᠨ | ᠡᠪᠡᠳᠴᠢᠨ ᠳᠤ ᠲᠤᠩ ᠠᠮᠠᠷᠬᠠᠨ ᠨᠡᠷᠪᠡᠭᠳᠡᠳᠡᠭ᠂ ᠣᠨᠴᠠᠭᠠᠶᠢᠯᠠᠨ ᠭᠠᠭᠴᠠᠭᠠᠷ ᠰᠠᠭᠤᠭ᠎ᠠ ᠨᠠᠰᠤᠲᠠᠶᠢᠴᠤᠳ ᠲᠤ ᠠᠪᠴᠤ ᠬᠡᠯᠡᠪᠡᠯ ᠲᠤᠩ ᠬᠡᠴᠡᠭᠦᠦ ᠶᠤᠮ᠃ | ᠣᠶᠢᠷ᠎ᠠ ᠳᠤ᠂ ᠪᠤᠭᠤᠲᠤ ᠶᠢᠨ ᠴᠠᠭᠳᠠᠭᠠᠨ ᠤ ᠲᠠᠯ᠎ᠠ ᠶᠢᠨ ᠬᠢᠨ ᠨᠢᠭᠡᠨ ᠳᠠᠯ᠎ᠠ ᠭᠠᠷᠤᠭᠰᠠᠨ ᠨᠠᠰᠤᠲᠠᠨ ᠢ ᠴᠠᠭ ᠲᠤᠬᠠᠢ ᠳᠤ ᠨᠢ ᠣᠯᠵᠤ ᠮᠡᠳᠡᠭᠰᠡᠨ ᠪᠥᠭᠡᠳ ᠠᠪᠤᠷᠠᠨ | ᠲᠤᠰᠠᠯᠠᠵᠠᠢ᠃ ᠬᠠᠷᠢᠶ᠎ᠠ ᠣᠷᠣᠨ ᠢᠶᠠᠷ ᠲᠣᠭᠤᠷᠢᠨ ᠴᠠᠭᠳᠠᠵᠤ ᠪᠠᠶᠢᠭᠰᠠᠨ ᠲᠢᠶᠧ ᠰᠢ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠰᠠᠭᠤᠭᠠᠯᠢ ᠠᠷᠠᠳ ᠸᠠᠩ | ᠡᠵᠢ ᠶᠢᠨ ᠪᠠᠷᠬᠢᠷᠠᠬᠤ ᠳᠠᠭᠤᠨ ᠢᠶᠠᠷ ᠲᠡᠷᠡ ᠳᠠᠷᠤᠢ ᠳᠤ ᠨᠢ ᠬᠦᠷᠴᠦ ᠪᠠᠶᠢᠳᠠᠯ ᠢ ᠯᠠᠪᠯᠠᠨ ᠠᠰᠠᠭᠤᠪᠠ᠃ ᠯᠢ ᠨᠠᠰᠤᠲᠠᠨ ᠪᠣᠯ ᠲᠤᠰ ᠬᠤᠷᠢᠶᠠᠯᠠᠯ ᠤᠨ ᠭᠠᠭᠴᠠᠭᠠᠷ | ᠰᠠᠭᠤᠵᠤ ᠪᠠᠶᠢᠭ᠎ᠠ ᠨᠢᠭᠡᠨ ᠨᠠᠰᠤᠲᠠᠨ ᠪᠣᠯᠤᠨ᠎ᠠ᠂ ᠪᠠᠶᠢᠳᠠᠯ ᠢ ᠣᠶᠢᠯᠠᠭᠠᠭᠰᠠᠨ ᠢᠶᠠᠷ ᠯᠢ ᠨᠠᠰᠤᠲᠠᠨ ᠤ ᠡᠰᠡᠷᠭᠦ ᠲᠠᠯ᠎ᠠ ᠶᠢᠨ ᠸᠠᠩ ᠡᠵᠢ ᠲᠤᠰᠠᠯᠠᠮᠵᠢ ᠭᠤᠶᠤᠭᠰᠠᠨ | ᠪᠠᠶᠢᠨ᠎ᠠ᠃ | ᠪᠠᠶᠢᠳᠠᠯ ᠢ ᠣᠶᠢᠯᠭᠠᠭᠰᠠᠨ ᠢᠶᠠᠷ᠂ ᠬᠠᠭᠠᠰ ᠴᠠᠭ ᠤᠨ ᠡᠮᠦᠨ᠎ᠡ᠂ ᠯᠢ ᠨᠠᠰᠤᠲᠠᠨ ᠸᠠᠩ ᠡᠵᠢ ᠳᠤ ᠪᠡᠶ᠎ᠡ ᠨᠢ ᠡᠪ ᠦᠭᠡᠢ ᠪᠠᠶᠢᠨ᠎ᠠ ᠭᠡᠵᠦ ᠬᠡᠯᠡᠵᠡᠢ᠃ ᠭᠡᠪᠡᠴᠦ ᠸᠠᠩ | ᠡᠵᠢ ᠣᠮᠪᠣᠯᠣ ᠪᠠᠨ ᠬᠠᠷᠠᠵᠤ ᠪᠠᠶᠢᠭ᠎ᠠ ᠤᠴᠢᠷ ᠠᠴᠠ ᠭᠠᠷ ᠤᠲᠠᠰᠤ ᠪᠠᠨ ᠦᠵᠡᠭᠰᠡᠨ ᠦᠭᠡᠢ᠂ ᠴᠢᠮᠡᠭᠡ ᠶᠢ ᠨᠢ ᠣᠯᠵᠤ ᠦᠵᠡᠭᠡᠳ ᠶᠠᠭᠠᠷᠠᠤ ᠰᠠᠨᠳᠤᠷᠤᠤ ᠪᠠᠷ ᠯᠢ | ᠨᠠᠰᠤᠲᠠᠨ ᠳᠤ ᠤᠲᠠᠰᠤᠳᠠᠭᠰᠠᠨ ᠪᠣᠯᠪᠠᠴᠤ ᠤᠲᠠᠰᠤ ᠨᠡᠪᠲᠡᠷᠡᠭᠰᠡᠨ ᠦᠭᠡᠢ᠂ ᠲᠡᠭᠡᠭᠡᠳ ᠪᠠᠴᠢᠮᠳᠠᠨ ᠯᠢ ᠨᠠᠰᠤᠲᠠᠨ ᠤ ᠡᠭᠦᠳᠡ ᠶᠢ ᠣᠯᠠᠨᠲᠠ ᠲᠣᠭᠰᠢᠭᠰᠠᠨ ᠪᠣᠯᠪᠠᠴᠤ | ᠬᠠᠷᠢᠭᠤ ᠴᠢᠮᠡᠭᠡ ᠶᠡᠷᠦ ᠪᠠᠶᠢᠬᠤ ᠦᠭᠡᠢ᠃ ᠸᠠᠩ ᠡᠵᠢ ᠰᠠᠨᠳᠤᠷᠬᠤ ᠳᠤ ᠪᠠᠨ ᠶᠠᠭ ᠰᠠᠶᠢᠬᠠᠨ ᠨᠡᠶᠢᠭᠡᠮ ᠲᠣᠭᠤᠷᠢᠭ ᠢᠶᠠᠷ ᠴᠠᠭᠳᠠᠵᠤ ᠪᠠᠶᠢᠭ᠎ᠠ ᠴᠠᠭᠳᠠᠭ᠎ᠠ ᠲᠠᠢ | ᠲᠠᠭᠠᠷᠠᠯᠳᠤᠭᠠᠳ ᠲᠤᠰᠠᠯᠠᠮᠵᠢ ᠭᠤᠶᠤᠵᠠᠢ᠃ | ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ ᠡᠭᠦᠨ ᠢ ᠰᠣᠨᠣᠰᠤᠭᠠᠳ᠂ ᠯᠢ ᠨᠠᠰᠤᠲᠠᠨ ᠤ ᠳᠤ ᠬᠦᠷᠴᠦ ᠢᠷᠡᠪᠡ᠃ ᠡᠭᠦᠳᠡ ᠶᠢ ᠳᠠᠬᠢᠨ ᠳᠠᠪᠲᠠᠨ | ᠲᠣᠭᠰᠢᠭᠰᠠᠨ ᠪᠣᠯᠪᠠᠴᠤ ᠴᠢᠮᠡᠭᠡ ᠦᠭᠡᠢ ᠲᠤᠯᠠ ᠳᠠᠷᠤᠢ ᠲᠦᠷᠭᠡᠨ ᠨᠡᠶᠢᠭᠡᠮ ᠲᠣᠭᠤᠷᠢᠭ ᠤᠨ ᠡᠷᠬᠢᠯᠡᠭᠴᠢ ᠪᠣᠯᠤᠨ 120 ᠲᠠᠢ ᠬᠠᠷᠢᠯᠴᠠᠭᠰᠠᠨ ᠪᠥᠭᠡᠳ ᠯᠢ | ᠨᠠᠰᠤᠲᠠᠨ ᠤ ᠥᠬᠢᠨ ᠲᠠᠢ ᠨᠢ ᠬᠠᠷᠢᠯᠴᠠᠵᠤ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠡᠬᠢᠯᠡᠨ ᠬᠡᠷᠡᠭᠵᠢᠭᠦᠯᠵᠡᠢ᠃ ᠭᠡᠷ ᠤᠨ ᠬᠥᠮᠦᠰ ᠤᠨ ᠬᠢᠨᠢ ᠵᠥᠪᠰᠢᠶᠡᠷᠡᠯ ᠢ | ᠣᠯᠵᠤ ᠭᠡᠷ ᠲᠤ ᠨᠢ ᠣᠷᠣᠨ ᠯᠢ ᠨᠠᠰᠤᠲᠠᠨ ᠢ ᠡᠮᠨᠡᠯᠭᠡ ᠳᠤ ᠬᠦᠷᠭᠡᠭᠰᠡᠨ ᠠᠴᠠ ᠯᠢ ᠨᠠᠰᠤᠲᠠᠨ ᠠᠶᠤᠯ ᠠᠴᠠ ᠮᠤᠯᠲᠤᠷᠠᠵᠠᠢ᠃ | ᠠᠷᠠᠳ ᠤᠨ ᠰᠠᠨᠠᠭᠠᠰᠢᠷᠠᠯ ᠢ ᠰᠢᠢᠳᠪᠦᠷᠢᠯᠡᠪᠡ — ︽ᠰᠢᠨ᠎ᠡ ᠲᠣᠭᠲᠠᠴᠠ︾ ᠶᠢᠨ ᠰᠢᠨ᠎ᠡ ᠶᠢ ᠡᠭᠦᠳᠴᠦ ︽ᠡᠶᠡᠳᠡᠭᠦᠯᠬᠦ ᠠᠩᠭᠢ︾ ᠶᠢ ᠵᠣᠬᠢᠶᠠᠨ | ᠪᠠᠶᠢᠭᠤᠯᠪᠠ | ᠵᠥᠷᠢᠴᠡᠯ ᠢ ᠡᠶᠡᠳᠡᠭᠦᠯᠦᠨ ᠰᠢᠢᠳᠪᠦᠷᠢᠯᠡᠬᠦ ᠪᠣᠯ ᠨᠡᠶᠢᠭᠡᠮ ᠤᠨ ᠡᠷᠦᠬᠡ ᠶᠢᠨ ᠡᠵᠡᠨ ᠵᠣᠬᠢᠴᠠᠯ ᠪᠠ ᠲᠣᠭᠲᠠᠭᠤᠨ ᠪᠠᠶᠢᠳᠠᠯ ᠢ ᠨᠥᠯᠥᠭᠡᠯᠡᠬᠦ ᠵᠠᠩᠭᠢᠯᠠᠭ᠎ᠠ ᠶᠢᠨ | ᠬᠦᠴᠦᠨ ᠵᠦᠢᠯ ᠮᠥᠨ᠃ ᠣᠶᠢᠷ᠎ᠠ ᠶᠢᠨ ᠵᠢᠯ ᠤᠳ ᠲᠤ᠂ ᠤᠷᠤᠭ ᠭᠡᠷ ᠪᠦᠯᠢ ᠶᠢᠨ ᠵᠠᠭᠤᠷᠠᠯᠳᠤᠭᠠᠨ᠂ ᠬᠥᠳᠡᠯᠮᠦᠷᠢ ᠴᠠᠯᠢᠩ ᠤᠨ ᠵᠠᠭᠤᠷᠠᠯᠳᠤᠭᠠᠨ᠂ ᠭᠠᠵᠠᠷ | ᠡᠵᠡᠯᠡᠭᠰᠡᠨ ᠨᠥᠬᠦᠪᠥᠷᠢ ᠵᠡᠷᠭᠡ ᠠᠴᠠ ᠪᠣᠯᠤᠭᠰᠠᠨ ᠵᠥᠷᠢᠴᠡᠯ ᠵᠠᠭᠤᠷᠠᠯᠳᠤᠭᠠᠨ ᠡᠳᠦᠷ ᠢᠷᠡᠬᠦᠶ᠎ᠡ ᠣᠯᠠᠰᠢᠷᠠᠵᠤ᠂ ᠡᠭᠦᠨ ᠤ ᠳᠡᠭᠡᠷ᠎ᠡ ᠬᠠᠷᠢᠶ᠎ᠠ ᠣᠷᠣᠨ ᠤ ᠲᠠᠯᠠᠪᠠᠢ ᠨᠢ | ᠶᠡᠭᠡ᠂ ᠬᠤᠳᠠᠯᠳᠤᠭᠠᠨ ᠤ ᠫᠦᠰᠡ ᠳᠡᠯᠭᠡᠭᠦᠷ ᠨᠢ ᠣᠯᠠᠨ᠂ ᠨᠡᠭᠦᠳᠡᠯ ᠬᠥᠮᠦᠨ ᠠᠮᠠ ᠣᠯᠠᠨ ᠵᠡᠷᠭᠡ ᠪᠣᠳᠠᠲᠤ ᠪᠠᠶᠢᠳᠠᠯ ᠳᠤ ᠬᠠᠨᠳᠤᠭᠤᠯᠤᠨ᠂ ᠳ᠋ᠦᠩ ᠾᠧ | ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠲᠢᠶᠧ ᠰᠢ ᠲᠣᠮᠢᠯᠠᠭᠰᠠᠨ ᠰᠠᠯᠪᠤᠷᠢ ᠶᠢᠨ ᠬᠢᠨ ︽ᠹᠧᠩᠴᠢᠶᠣᠣ ᠶᠢᠨ ᠲᠤᠷᠰᠢᠯᠭ᠎ᠠ︾ ᠶᠢ | ᠬᠢᠨᠠᠮᠠᠭᠠᠢ ᠰᠤᠷᠤᠯᠴᠠᠨ ᠦᠢᠯᠡᠳᠦᠯᠭᠡᠵᠢᠭᠦᠯᠵᠦ᠂ ︽ᠵᠥᠷᠢᠴᠡᠯ ᠢ ᠵᠢᠭᠰᠠᠭᠠᠨ ᠪᠠᠶᠢᠴᠠᠭᠠᠬᠤ ᠨᠢ ᠪᠦᠷᠢᠨ᠂ ᠵᠥᠷᠢᠴᠡᠯ ᠢ ᠰᠤᠷᠪᠤᠯᠵᠢᠯᠠᠬᠤ ᠬᠥᠮᠦᠨ ᠲᠠᠢ᠂ ᠵᠥᠷᠢᠴᠡᠯ ᠢ | ᠡᠷᠲᠡ ᠰᠢᠢᠳᠪᠦᠷᠢᠯᠡᠬᠦ︾ ᠠᠰᠠᠭᠤᠳᠠᠯ ᠢ ᠰᠢᠢᠳᠪᠦᠷᠢᠯᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠨᠠᠷᠢᠨ ᠬᠢᠨᠠᠮᠠᠭᠠᠢ ᠵᠠᠳᠠᠯᠤᠨ ᠰᠢᠨᠵᠢᠯᠡᠵᠦ᠂ ᠭᠠᠵᠠᠷ ᠣᠷᠣᠨ ᠤ | ᠪᠠᠶᠢᠳᠠᠯ ᠳᠤ ᠨᠢ ᠲᠣᠬᠢᠷᠠᠭᠤᠯᠤᠨ᠂ ᠬᠠᠶᠢᠨ ᠰᠦᠪᠡᠭᠴᠢᠯᠡᠵᠦ ᠰᠢᠨ᠎ᠡ ᠶᠢ ᠡᠭᠦᠳᠴᠦ᠂ ᠵᠥᠷᠢᠴᠡᠯ ᠵᠠᠭᠤᠷᠠᠯᠳᠤᠭᠠᠨ ᠢ ᠨᠠᠮᠳᠠᠭᠤᠯᠬᠤ ᠠᠵᠢᠯ ᠢ ᠢᠳᠡᠪᠬᠢᠲᠡᠢ | ᠥᠷᠨᠢᠭᠦᠯᠵᠦ᠂ ᠵᠥᠷᠢᠴᠡᠯ ᠵᠠᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ︽ᠳᠥᠷᠪᠡ ᠶᠢ ᠬᠤᠯᠪᠣᠭᠠᠯᠠᠬᠤ︾ ᠠᠵᠢᠯ ᠤᠨ ᠲᠣᠭᠲᠠᠴᠠ ᠶᠢ ᠭᠠᠷᠭᠠᠪᠠ᠃ | ᠲᠤᠬᠠᠶᠢᠯᠠᠪᠠᠯ᠄ ᠵᠠᠰᠠᠭ ᠤᠨ ᠣᠷᠳᠣᠨ ᠤ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠬᠠᠷᠢᠯᠴᠠᠬᠤ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠲᠠᠢ | ᠰᠠᠨᠠᠭᠠᠴᠢᠯᠠᠭ᠎ᠠ ᠠᠴᠠ ᠪᠠᠨ ᠬᠠᠷᠢᠯᠴᠠᠬᠤ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠲᠠᠢ ᠰᠠᠨᠠᠭᠠᠴᠢᠯᠠᠭ᠎ᠠ ᠠᠴᠠ ᠪᠠᠨ ᠬᠠᠷᠢᠯᠴᠠᠬᠤ᠂ ᠵᠥᠷᠢᠴᠡᠯ ᠵᠠᠭᠤᠷᠠᠯᠳᠤᠭᠠᠨ ᠤ | ᠬᠤᠶᠠᠷ ᠲᠠᠯ᠎ᠠ ᠲᠠᠢ ᠰᠠᠨᠠᠭᠠᠴᠢᠯᠠᠭ᠎ᠠ ᠠᠴᠠ ᠪᠠᠨ ᠬᠠᠷᠢᠯᠴᠠᠬᠤ ᠵᠡᠷᠭᠡ ᠪᠣᠯᠤᠨ᠎ᠠ᠃ ᠠᠷᠠᠳ ᠣᠯᠠᠨ ᠤ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠬᠦᠴᠦ ᠪᠠᠨ | ᠬᠠᠮᠲᠤᠳᠬᠠᠨ ᠡᠶᠡᠳᠡᠭᠦᠯᠵᠦ᠂ ᠵᠥᠷᠢᠴᠡᠯ ᠪᠠ ᠠᠰᠠᠭᠤᠳᠠᠯ ᠢ ᠬᠠᠮᠤᠭ ᠤᠨ ᠶᠡᠭᠡ ᠬᠡᠮᠵᠢᠶ᠎ᠡ ᠪᠠᠷ ᠡᠭᠦᠰᠦᠯ ᠤᠨ ᠦᠶ᠎ᠡ ᠳᠤ ᠨᠢ ᠰᠢᠢᠳᠪᠦᠷᠢᠯᠡᠨ᠂ ︽ᠵᠥᠷᠢᠴᠡᠯ ᠢ | ᠲᠦᠪᠰᠢᠳᠬᠡᠵᠦ ᠪᠣᠯᠬᠤ᠂ ᠵᠥᠷᠢᠴᠡᠯ ᠢ ᠰᠢᠢᠳᠪᠦᠷᠢᠯᠡᠵᠦ ᠪᠣᠯᠬᠤ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ︾ ᠪᠠᠶᠢᠬᠤ ᠠᠵᠢᠯ ᠤᠨ ᠲᠣᠭᠲᠠᠴᠠ ᠶᠢ ᠪᠡᠶᠡᠯᠡᠭᠦᠯᠪᠡ᠃ | ᠲᠢᠶᠧ ᠰᠢ ᠲᠣᠮᠢᠯᠠᠭᠰᠠᠨ ᠰᠠᠯᠪᠤᠷᠢ ᠨᠢ ᠡᠶᠡᠳᠡᠭᠦᠯᠬᠦ ᠠᠵᠢᠯᠲᠠᠨ ᠤ ᠡᠶᠡᠳᠡᠭᠦᠯᠬᠦ ᠳᠤ ᠪᠠᠨ ᠴᠢᠳᠠᠮᠠᠭᠠᠢ ᠪᠠᠶᠢᠳᠠᠭ ᠣᠨᠴᠠᠯᠢᠭ ᠢ ᠦᠨᠳᠦᠰᠦᠯᠡᠨ᠂ ᠡᠶᠡᠳᠡᠭᠦᠯᠬᠦ | ᠪᠦᠯᠬᠦᠮ ᠪᠠ ᠲᠤᠰᠬᠠᠢ ᠮᠡᠷᠭᠡᠵᠢᠯ ᠡᠶᠡᠳᠡᠭᠦᠯᠦᠭᠴᠢ ᠶᠢᠨ ᠮᠡᠳᠡᠭᠡ ᠵᠠᠩᠭᠢ ᠶᠢᠨ ᠬᠥᠮᠥᠷᠭᠡ ᠶᠢ ᠲᠥᠷᠥᠯ ᠬᠤᠪᠢᠶᠠᠨ ᠪᠠᠶᠢᠭᠤᠯᠵᠤ᠂ ᠭᠡᠷ ᠪᠦᠯᠢ ᠶᠢᠨ ᠵᠠᠭᠤᠷᠠᠯᠳᠤᠭᠠᠨ᠂ | ᠬᠥᠷᠰᠢ ᠵᠡᠷᠭᠡᠯᠡᠳᠡᠭᠡ ᠶᠢᠨ ᠵᠠᠭᠤᠷᠠᠯᠳᠤᠭᠠᠨ᠂ ᠬᠡᠷᠡᠭᠯᠡᠭᠴᠢᠳ ᠤᠨ ᠵᠠᠭᠤᠷᠠᠯᠳᠤᠭᠠᠨ ᠵᠡᠷᠭᠡ ᠲᠥᠷᠥᠯ ᠬᠡᠯᠪᠡᠷᠢ ᠶᠢᠨ ᠵᠥᠷᠢᠴᠡᠯ ᠵᠠᠭᠤᠷᠠᠯᠳᠤᠭᠠᠨ ᠢ ᠲᠤᠰ ᠲᠤᠰ | ᠡᠶᠡᠳᠡᠭᠦᠯᠳᠡᠭ᠃ | ᠵᠥᠷᠢᠴᠡᠯ ᠵᠠᠭᠤᠷᠠᠯᠳᠤᠭᠠᠨ ᠨᠢᠭᠡᠪᠦᠷᠢ ᠶᠢ ᠡᠶᠡᠳᠡᠭᠦᠯᠬᠦ ᠶᠠᠪᠤᠴᠠ ᠳᠤ ᠡᠶᠡᠳᠡᠭᠦᠯᠬᠦ ᠪᠦᠯᠬᠦᠮ ᠪᠠ ᠲᠤᠰᠬᠠᠢ ᠮᠡᠷᠭᠡᠵᠢᠯ ᠤᠨ ᠡᠶᠡᠳᠡᠭᠦᠯᠦᠭᠴᠢ ᠶᠢ ᠲᠦᠷᠭᠡᠨ | ᠣᠨᠣᠪᠴᠢᠲᠠᠢ ᠡᠷᠢᠵᠦ ᠣᠯᠬᠤ ᠶᠢ ᠦᠨᠡᠨ ᠬᠦ ᠪᠠᠲᠤᠯᠠᠵᠤ᠂ ᠡᠯ᠎ᠡ ᠲᠥᠷᠥᠯ ᠤᠨ ᠵᠥᠷᠢᠴᠡᠯ ᠵᠠᠭᠤᠷᠠᠯᠳᠤᠭᠠᠨ ᠢ ᠪᠦᠲᠦᠮᠵᠢᠲᠡᠢ ᠪᠠᠷ ᠨᠠᠷᠢᠯᠢᠭ ᠣᠨᠣᠪᠴᠢᠲᠠᠢ ᠪᠠᠷ | ᠰᠢᠢᠳᠪᠦᠷᠢᠯᠡᠨ᠎ᠡ᠃ | ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ — ᠴᠠᠭ ᠢᠮᠠᠭᠲᠠ ᠪᠡᠯᠡᠬᠡᠨ ᠪᠠᠶᠢᠵᠤ᠂ ᠦᠨᠡᠨ ᠰᠡᠳᠬᠢᠯ ᠠᠴᠠ ᠪᠠᠨ ᠠᠪᠤᠷᠠᠨ ᠲᠤᠰᠠᠯᠠᠨ᠎ᠠ | ᠣᠯᠠᠨ ᠲᠦᠮᠡᠨ ᠤ ᠶᠠᠪᠤᠳᠠᠯ ᠳᠤ ᠪᠠᠭ᠎ᠠ ᠶᠠᠪᠤᠳᠠᠯ ᠭᠡᠵᠦ ᠦᠭᠡᠢ᠂ ᠨᠠᠷᠢᠨ ᠵᠦᠢᠯᠡᠰ ᠲᠤ ᠦᠨᠡᠨ ᠰᠡᠳᠬᠢᠯᠭᠡ ᠶᠢ ᠢᠯᠡᠷᠡᠭᠦᠯᠵᠦ᠂ ᠳ᠋ᠦᠩ ᠾᠧ ᠲᠣᠭᠤᠷᠢᠭ ᠤᠨ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠣᠯᠠᠨ ᠲᠦᠮᠡᠨ ᠤ | ᠲᠤᠯᠭᠠᠮᠳᠠᠵᠤ᠂ ᠪᠣᠳᠣᠵᠤ᠂ ᠬᠦᠰᠡᠵᠦ ᠪᠠᠶᠢᠭ᠎ᠠ ᠵᠦᠢᠯ ᠢ ᠰᠠᠨᠠᠭᠠᠨ ᠳᠤ ᠪᠠᠨ ᠠᠪᠴᠤ᠂ ᠠᠷᠠᠳ ᠲᠦᠮᠡᠨ ᠳᠤ ᠦᠢᠯᠡᠴᠢᠯᠡᠬᠦ ᠶᠢ ᠦᠨᠡᠨ ᠬᠦ ᠪᠣᠳᠠᠲᠠᠢ | ᠨᠠᠶᠢᠳᠠᠪᠤᠷᠢᠵᠢᠭᠤᠯᠵᠤ᠂ ᠦᠨᠡᠨ ᠰᠡᠳᠬᠢᠯ ᠠᠴᠠ ᠪᠠᠨ ᠠᠷᠠᠳ ᠤᠨ ᠵᠣᠪᠠᠨᠢᠯ ᠢ ᠠᠷᠢᠯᠭᠠᠵᠤ᠂ ᠠᠷᠠᠳ ᠲᠦᠮᠡᠨ ᠳᠤ ᠦᠢᠯᠡᠴᠢᠯᠡᠬᠦ ᠶᠢ ᠦᠢᠯᠡᠳᠦᠯᠭᠡᠵᠢᠭᠦᠯᠬᠦ ᠪᠠᠷ ᠤᠭ | ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠣᠯᠭᠠᠭᠰᠠᠨ ᠪᠠᠶᠢᠨ᠎ᠠ᠃ | ᠨᠠᠰᠤᠲᠠᠨ ᠵᠠᠩ ᠣᠪᠣᠭᠲᠤ ᠰᠢᠭᠡᠰᠦᠨ ᠬᠤᠣᠷᠳᠠᠯᠭ᠎ᠠ ᠳᠤ ᠨᠡᠷᠪᠡᠭᠳᠡᠵᠦ᠂ ᠭᠠᠷᠠᠭ ᠪᠦᠷᠢ ᠬᠤᠶᠠᠷ ᠤᠳᠠᠭ᠎ᠠ ᠨᠡᠪᠴᠢᠭᠦᠯᠦᠨ ᠢᠯᠭᠠᠷᠠᠭᠤᠯᠬᠤ ᠵᠠᠰᠠᠯ ᠬᠢᠳᠡᠭ | ᠪᠣᠯᠬᠤᠷ ᠡᠳᠦᠷ ᠲᠤᠲᠤᠮ ᠤᠨ ᠠᠮᠢᠳᠤᠷᠠᠯ ᠢᠶᠠᠨ ᠦᠨᠳᠦᠰᠦᠨ ᠳᠤ ᠪᠠᠨ ᠥᠪᠡᠷ ᠢᠶᠠᠨ ᠠᠷᠭᠠᠴᠠᠵᠤ ᠳᠡᠶᠢᠯᠬᠦ ᠦᠭᠡᠢ ᠪᠥᠭᠡᠳ ᠲᠢᠶᠧ ᠰᠢ ᠲᠣᠮᠢᠯᠠᠭᠰᠠᠨ ᠰᠠᠯᠪᠤᠷᠢ ᠶᠢᠨ | ᠬᠠᠷᠢᠶᠠᠲᠤ ᠣᠷᠣᠨ ᠳᠤ ᠨᠢᠭᠡᠨ ᠬᠡᠲᠦ ᠳᠡᠯᠭᠡᠭᠦᠷ ᠨᠡᠭᠡᠭᠡᠵᠦ᠂ ᠡᠩ ᠤᠨ ᠦᠶ᠎ᠡ ᠳᠤ ᠬᠦᠦ ᠨᠢ ᠠᠮᠢᠳᠤᠷᠠᠯ ᠢ ᠨᠢ ᠬᠠᠷᠠᠭᠠᠯᠵᠠᠳᠠᠭ ᠪᠠᠶᠢᠪᠠ᠃ ᠣᠶᠢᠷ᠎ᠠ ᠳᠤ᠂ ᠵᠠᠩ | ᠡᠵᠢ ᠶᠢᠨ ᠬᠦᠦ ᠨᠢ ᠶᠠᠯᠠᠲᠤ ᠠᠵᠢᠯᠯᠠᠭ᠎ᠠ ᠳᠤ ᠬᠤᠯᠪᠣᠭᠳᠠᠨ᠂ ᠬᠠᠤᠯᠢ ᠶᠣᠰᠣᠭᠠᠷ ᠡᠷᠡᠭᠦᠦ ᠶᠢᠨ ᠬᠡᠷᠡᠭ ᠢᠶᠠᠷ ᠲᠦᠷ ᠬᠤᠷᠢᠭᠳᠠᠵᠠᠢ᠃ ᠪᠠᠶᠢᠳᠠᠯ ᠢ ᠣᠶᠢᠯᠠᠭᠠᠭᠰᠠᠨ ᠤ | ᠳᠠᠷᠠᠭ᠎ᠠ ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ ᠰᠠᠨᠠᠭᠠᠴᠢᠯᠠᠭ᠎ᠠ ᠠᠴᠠ ᠪᠠᠨ ᠨᠠᠰᠤᠲᠠᠨ ᠢ ᠬᠠᠷᠠᠭᠠᠯᠵᠠᠨ᠂ ᠢᠳᠡᠭᠡᠨ ᠤᠮᠳᠠᠭᠠᠨ ᠤ ᠲᠠᠯ᠎ᠠ ᠪᠠᠷ | ᠣᠨᠴᠠᠭᠠᠶᠢᠯᠠᠨ ᠠᠩᠬᠠᠷᠤᠨ᠂ ᠡᠮᠴᠢ ᠠᠴᠠ ᠣᠯᠠᠨ ᠤᠳᠠᠭ᠎ᠠ ᠠᠰᠠᠭᠤᠨ ᠯᠠᠪᠯᠠᠵᠤ᠂ ᠨᠠᠰᠤᠲᠠᠨ ᠢ ᠡᠮᠨᠡᠯᠭᠡ ᠶᠢᠨ ᠬᠤᠷᠢᠶᠠᠨ ᠳᠤ ᠬᠦᠷᠭᠡᠵᠦ ᠨᠡᠪᠴᠢᠭᠦᠯᠦᠨ | ᠢᠯᠭᠠᠷᠠᠭᠤᠯᠬᠤ ᠵᠠᠰᠠᠯ ᠬᠢᠯᠭᠡᠵᠡᠢ᠃ ︽ᠡᠪᠦᠯ ᠤᠨ ᠤᠯᠠᠷᠢᠯ ᠪᠣᠯᠵᠤ ᠬᠦᠢᠲᠡᠷᠡᠭᠰᠡᠨ ᠴᠤ ᠨᠠᠰᠤᠲᠠᠨ ᠤ ᠬᠠᠯᠠᠭᠤᠨ ᠴᠠᠢ ᠬᠤᠭᠤᠯᠠ ᠢᠳᠡᠬᠦ ᠶᠢ ᠨᠢ ᠬᠠᠷᠠᠭᠠᠳ | ᠪᠢᠳᠡᠨ ᠤ ᠰᠡᠳᠬᠢᠯ ᠲᠤᠩ ᠲᠠᠭᠠᠲᠠᠢ ᠪᠠᠶᠢᠳᠠᠭ︾ ᠭᠡᠵᠦ ᠴᠠᠭᠳᠠᠭ᠎ᠠ ᠨᠠᠷ ᠪᠠᠶᠠᠷᠲᠠᠶᠢᠬᠠᠨ ᠶᠠᠷᠢᠨ᠎ᠠ᠃ | ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠢᠮᠠᠭᠲᠠ ᠠᠵᠢᠯ ᠤᠨ ᠪᠠᠶᠢᠷᠢ ᠪᠠᠨ ᠪᠠᠲᠤ ᠰᠠᠬᠢᠵᠤ᠂ ︽ᠪᠠᠭ᠎ᠠ ᠶᠠᠪᠤᠳᠠᠯ︾ ᠢᠶᠠᠷ | ᠤᠷᠢᠬᠠᠨ ᠬᠠᠪᠤᠷ ᠤᠨ ᠡᠶᠡᠪᠡᠷᠭᠦᠦ ᠨᠠᠷᠠ ᠰᠢᠭ ᠣᠯᠠᠨ ᠲᠦᠮᠡᠨ ᠤ ᠰᠡᠳᠬᠢᠯ ᠢ ᠳᠤᠯᠠᠭᠠᠴᠠᠭᠤᠯᠤᠨ᠎ᠠ᠃ |