ᠤᠷᠴᠢᠨ ᠲᠤᠭᠤᠷᠢᠨ ᠢᠳᠡᠭᠡᠨ ᠤᠮᠳᠠᠭᠠᠨ ᠡᠮ ᠡᠮᠨᠡᠯᠭᠡ ᠶᠢᠨ ᠬᠡᠷᠡᠭ ᠢ ᠲᠠᠩᠨᠠᠨ ᠪᠠᠶᠢᠴᠠᠭᠠᠬᠤ ᠶᠡᠭᠡ ᠠᠩᠭᠢ ᠶᠢᠨ ᠬᠢᠨ ᠮᠤᠵᠢ ᠠᠯᠤᠰᠯᠠᠨ ᠨᠡᠬᠡᠮᠵᠢᠯᠡᠨ ᠴᠤᠬᠢᠵᠦ ᠬᠠᠭᠤᠷᠮᠠᠭ ᠨᠡᠷᠡᠳᠤ ᠲᠡᠮᠳᠡᠭᠳᠤ ᠬᠤᠪᠴᠠᠰᠤ ᠬᠤᠳᠠᠯᠳᠤᠨ ᠪᠤᠷᠤᠯᠠᠭᠤᠯᠤᠭᠰᠠᠨ ᠬᠡᠷᠡᠭ ᠢ ᠢᠯᠡᠷᠡᠬᠦᠯᠪᠡ
ᠨᠡᠶᠢᠲᠡᠯᠡᠭᠰᠡᠨ ᠴᠠᠭ᠄
2023/12/26
    ᠰᠢᠯᠢ ᠶᠢᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠤᠷᠴᠢᠨ ᠲᠤᠭᠤᠷᠢᠨ ᠢᠳᠡᠭᠡᠨ ᠤᠮᠳᠠᠭᠠᠨ ᠡᠮ ᠡᠮᠨᠡᠯᠭᠡ ᠶᠢᠨ ᠬᠡᠷᠡᠭ ᠢ ᠲᠠᠩᠨᠠᠨ ᠪᠠᠶᠢᠴᠠᠭᠠᠬᠤ ᠶᠡᠭᠡ ᠠᠩᠭᠢ ᠨᠢ ︽ᠺᠦᠨᠯᠦ᠋ᠨ 2023︾ ᠲᠤᠰᠬᠠᠢ ᠠᠵᠢᠯᠯᠠᠭ᠎ᠠ ᠪᠠ ᠵᠤᠨ ᠤ ᠤᠯᠠᠷᠢᠯ ᠤᠨ ᠠᠮᠤᠷ ᠲᠦᠪᠰᠢᠨ ᠤ ᠴᠤᠬᠢᠯᠳᠠ ᠦᠭᠴᠦ ᠴᠡᠭᠴᠡᠯᠡᠨ ᠵᠠᠰᠠᠬᠤ ᠠᠵᠢᠯᠯᠠᠭ᠎ᠠ ᠶᠢᠨ ᠲᠤᠭᠤᠷᠢᠨ ᠳᠤ᠂ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠡᠪᠳᠡᠭᠰᠡᠨ᠂ ᠠᠵᠤ ᠠᠬᠤᠶᠢᠯᠠᠯ ᠤᠨ ᠬᠠᠤᠯᠢ ᠶᠤᠰᠤᠨ ᠤ ᠡᠷᠭᠡ ᠠᠰᠢᠭ  ᠲᠤ ᠬᠠᠯᠳᠠᠭᠰᠠᠨ ᠬᠠᠤᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠤᠬᠢᠯᠳᠠ ᠦᠭᠭᠦ ᠠᠵᠢᠯ ᠢ ᠴᠢᠩᠭ᠎ᠠ ᠠᠳᠬᠤᠪᠠ᠃     ᠡᠨᠡ ᠵᠢᠯ ᠰᠢᠯᠢ ᠶᠢᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠤᠷᠴᠢᠨ ᠲᠤᠭᠤᠷᠢᠨ ᠢᠳᠡᠭᠡᠨ ᠤᠮᠳᠠᠭᠠᠨ ᠡᠮ ᠡᠮᠨᠡᠯᠭᠡ ᠶᠢᠨ ᠬᠡᠷᠡᠭ ᠢ ᠲᠠᠩᠨᠠᠨ ᠪᠠᠶᠢᠴᠠᠭᠠᠬᠤ ᠶᠡᠭᠡ ᠠᠩᠭᠢ ᠶᠢᠨ ᠬᠢᠨ ᠬᠤᠶᠠᠷ ᠤᠳᠠᠭ᠎ᠠ ᠡᠮᠤᠨᠡᠳᠤ ᠤᠷᠤᠨ ᠳᠤ ᠭᠦᠷᠴᠦ ᠲᠦᠮᠡ ᠭᠠᠷᠤᠢ ᠭᠠᠵᠠᠷ ᠠᠶᠠᠯᠠᠨ᠂ ᠬᠠᠭᠤᠷᠮᠠᠭ ᠨᠡᠷᠡᠳᠤ ᠲᠡᠮᠳᠡᠭᠳᠤ ᠬᠤᠪᠴᠠᠰᠤ ᠬᠤᠳᠠᠯᠳᠤᠨ ᠪᠤᠷᠤᠯᠠᠭᠤᠯᠤᠭᠰᠠᠨ ᠬᠡᠷᠡᠭ ᠢ ᠢᠯᠡᠷᠡᠬᠦᠯᠵᠦ᠂ ᠬᠡᠷᠡᠭ ᠤᠨ ᠰᠡᠵᠢᠭᠳᠡᠨ ᠬᠤᠶᠠᠷ ᠬᠦᠮᠤᠨ ᠢ ᠪᠠᠷᠢᠪᠴᠢᠯᠠᠵᠦ᠂ ᠬᠡᠷᠡᠭ ᠲᠤ ᠬᠤᠯᠪᠤᠭᠳᠠᠭᠰᠠᠨ ᠶᠡᠷᠤᠩᠭᠡᠢ ᠦᠷᠳᠡᠭ ᠨᠢ 560 ᠭᠠᠷᠤᠢ ᠲᠦᠮᠡᠨ ᠲᠦᠭᠦᠷᠢᠭ ᠲᠤ ᠬᠦᠷᠦᠭᠰᠡᠨ ᠪᠠᠶᠢᠨ᠎ᠠ᠃ ᠶᠡᠭᠡ ᠠᠩᠭᠢ ᠶᠢᠨ ᠬᠢᠨ ᠠᠵᠢᠯ ᠤᠨ ᠲᠤᠮᠳᠠ ᠪᠠᠨ ᠤᠯᠵᠦ ᠮᠡᠳᠡᠭᠰᠡᠨ ᠢᠶᠠᠷ᠂ ᠲᠤᠬᠠᠢ ᠶᠢᠨ ᠭᠠᠵᠠᠷ ᠤᠨ ᠨᠢᠭᠡᠨ ᠬᠤᠪᠴᠠᠰᠤᠨ ᠤ ᠬᠤᠳᠠᠯᠳᠤᠭ᠎ᠠ ᠲᠡᠯᠭᠡᠭᠦᠷ ᠲᠤ ᠶᠡᠭᠡ ᠬᠡᠮᠵᠢᠶᠡᠨ ᠤ ︽ᠭᠤᠸᠠᠨ ᠵᠢᠶᠦ᠋ᠨ︾ ᠲᠡᠮᠳᠡᠭᠳᠤ ᠬᠠᠭᠤᠷᠮᠠᠭ ᠨᠡᠷᠡᠳᠤ ᠲᠡᠮᠳᠡᠭᠳᠤ ᠬᠤᠪᠴᠠᠰᠤ ᠬᠤᠳᠠᠯᠳᠤᠵᠦ ᠪᠠᠶᠢᠬᠤ ᠶᠢ ᠢᠯᠡᠷᠡᠭᠦᠯᠪᠡ᠃ ᠪᠠᠶᠢᠴᠠᠭᠠᠵᠦ ᠰᠤᠷᠪᠤᠯᠵᠢᠯᠠᠨ᠂ ᠮᠡᠳᠡᠭᠡ ᠵᠠᠩᠭᠢ ᠶᠢᠨ ᠵᠠᠳᠠᠯᠤᠯᠳᠠ ᠬᠢᠵᠦ ᠰᠤᠳᠤᠯᠤᠨ ᠮᠠᠭᠠᠳᠯᠠᠬᠤ  ᠪᠠᠷ ᠲᠠᠮᠵᠢᠨ᠂ ᠬᠡᠷᠡᠭ ᠤᠨ ᠦᠨᠡᠨ ᠮᠦᠨ ᠴᠢᠨᠠᠷ ᠨᠢ ᠢᠯᠡᠷᠡᠵᠦ᠂ ᠲᠤᠰ ᠬᠤᠪᠴᠠᠰᠤᠨ ᠤ ᠺᠤᠮᠫᠠᠨᠢ ᠶᠢᠨ ᠬᠠᠤᠯᠢ ᠶᠢᠨ ᠬᠦᠮᠦᠨ ᠵᠸᠤ ᠤᠪᠤᠭᠳᠤ ᠶᠢᠨ ᠬᠤᠪᠴᠠᠰᠤ ᠬᠤᠳᠠᠯᠳᠤᠨ ᠤᠷᠤᠭᠤᠯᠬᠤ ᠪᠠᠷᠠᠭᠠᠨ ᠤ ᠢᠷᠡᠯᠳᠡ ᠶᠢᠨ ᠠᠷᠭ᠎ᠠ ᠵᠠᠮ ᠳᠤ ᠵᠠᠯᠢ ᠮᠡᠭᠡ ᠤᠷᠤᠰᠢᠵᠦ ᠪᠠᠶᠢᠬᠤ ᠶᠢ ᠮᠡᠳᠡᠵᠦ᠂ ᠵᠢᠩᠭᠢᠨᠢ ︽ᠭᠤᠸᠠᠨ ᠵᠢᠶᠦ᠋ᠨ︾ ᠲᠡᠮᠳᠡᠭᠳᠤ ᠬᠤᠪᠴᠠᠰᠤ ᠬᠤᠨᠠᠷ ᠤᠷᠤᠭᠤᠯᠬᠤ ᠠᠷᠭ᠎ᠠ ᠵᠠᠮ ᠲᠠᠢ ᠮᠠᠰᠢ ᠶᠡᠭᠡ ᠵᠦᠷᠢᠶ᠎ᠡ ᠲᠠᠢ ᠪᠠᠶᠢᠵᠦ᠂ ᠡᠬᠦᠨ ᠠᠴᠠ ᠵᠸᠤ ᠤᠪᠤᠭᠳᠤ ᠶᠢ ᠬᠤᠳᠠᠯ ᠬᠠᠭᠤᠷᠮᠠᠭ ᠡᠳ᠋ ᠪᠠᠷᠠᠭ᠎ᠠ ᠪᠤᠷᠤᠯᠠᠭᠤᠯᠤᠭᠰᠠᠨ ᠰᠡᠵᠢᠭᠳᠡᠢ ᠬᠡᠵᠦ ᠮᠠᠭᠠᠳᠯᠠᠵᠠᠢ᠃ ᠨᠡᠷᠡᠳᠦ ᠲᠡᠮᠳᠡᠭᠳᠤ ᠬᠤᠪᠴᠠᠰᠤ ᠨᠢ ᠬᠢᠨᠠᠨ ᠲᠤᠭᠳᠠᠭᠠᠯᠳᠠ ᠪᠠᠷ ᠲᠠᠮᠵᠢᠨ ᠬᠠᠭᠤᠷᠮᠠᠭ ᠲᠠᠩᠰᠠᠯᠠᠭᠤᠯᠤᠭᠰᠠᠨ ᠲᠠᠸᠠᠷ ᠤᠨ ᠲᠡᠮᠳᠡᠭ ᠲᠠᠢ ᠲᠠᠸᠠᠷ ᠢᠶᠠᠷ ᠲᠤᠭᠳᠠᠭᠠᠪᠠ᠃ ᠡᠨᠡ ᠵᠢᠯ ᠤᠨ 5 ᠳ᠋ᠤᠭᠠᠷ ᠰᠠᠷ᠎ᠠ ᠶᠢᠨ 25 ᠤ ᠡᠳᠤᠷ᠂ ᠬᠡᠷᠡᠭ ᠪᠤᠯᠭᠠᠨ ᠳᠠᠩᠰᠠᠯᠠᠨ ᠬᠠᠤᠯᠢ ᠶᠤᠰᠤᠭᠠᠷ ᠲᠤᠷᠰᠢᠨ ᠪᠠᠶᠢᠴᠠᠭᠠᠵᠠᠢ᠃ ᠲᠤᠰ ᠺᠤᠮᠫᠠᠨᠢ ᠶᠢᠨ ᠬᠠᠤᠯᠢ ᠶᠢᠨ ᠬᠦᠮᠦᠨ ᠵᠸᠤ ᠤᠪᠤᠭᠳᠤ ᠶᠢᠨ ᠠᠵᠢᠯᠯᠠᠭᠠᠨ ᠤ ᠤᠯᠠ ᠮᠦᠷ᠂ ᠪᠡᠯᠡ ᠮᠦᠩᠭᠦᠨ ᠤ ᠬᠦᠢᠯᠭᠡᠭᠡ᠂ ᠮᠡᠳᠡᠭᠡ ᠬᠤᠯᠪᠤᠭ᠎ᠠ ᠵᠡᠷᠭᠡ ᠪᠦᠬᠦ ᠲᠠᠯ᠎ᠠ ᠪᠠᠷ ᠪᠠᠶᠢᠴᠠᠭᠠᠨ᠂ ᠤᠯᠠᠨ ᠲᠠᠬᠢᠨ ᠰᠤᠳᠤᠯᠤᠨ ᠮᠠᠭᠠᠳᠯᠠᠭᠰᠠᠨ ᠤ ᠳ᠋ᠦᠩ ᠳᠤ ᠬᠠᠤᠯᠢ ᠪᠤᠰᠤ ᠠᠰᠢᠭ ᠤᠯᠵᠠᠪᠤᠷᠢ ᠶᠢᠨ ᠬᠡᠯᠭᠢᠶ᠎ᠡ᠂ ᠪᠤᠵᠠᠷ ᠡᠳ᠋ ᠢᠶᠠᠨ ᠬᠤᠷᠢᠶᠠᠨ ᠬᠠᠳᠠᠭᠠᠯᠠᠬᠤ ᠬᠦᠮᠦᠷᠭᠡ ᠶᠢᠨ ᠤᠷᠤᠨ ᠪᠠᠶᠢᠷᠢ ᠵᠡᠷᠭᠡ ᠬᠤᠯᠪᠤᠭᠳᠠᠯ ᠪᠦᠬᠦᠢ ᠬᠡᠷᠡᠴᠢ ᠪᠠᠷᠢᠮᠳᠠ ᠶᠢ ᠲᠤᠭᠳᠠᠭᠠᠭᠰᠠᠨ ᠤ ᠲᠠᠷᠠᠭ᠎ᠠ᠂ ᠬᠡᠷᠡᠭ ᠰᠢᠢᠳᠪᠤᠷᠢᠯᠡᠬᠦ ᠠᠷᠠᠳ ᠤᠨ ᠴᠠᠭᠳᠠᠭ᠎ᠠ ᠨᠠᠷ ᠡᠾᠧᠪᠸᠢ ᠮᠤᠵᠢ ᠶᠢᠨ ᠴᠢᠭᠤᠯᠤᠯᠳᠤ ᠬᠠᠭᠠᠯᠭ᠎ᠠ᠂ ᠴᠦᠩᠴᠢᠩ ᠬᠤᠳᠠ ᠵᠡᠷᠭᠡ ᠭᠠᠵᠠᠷ ᠲᠤ ᠬᠦᠷᠴᠦ᠂ ᠲᠤᠬᠠᠢ ᠶᠢᠨ ᠭᠠᠵᠠᠷ ᠤᠨ ᠲᠤᠳᠤᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠤᠨ ᠬᠠᠪᠰᠤᠷᠤᠯᠭ᠎ᠠ ᠲᠤᠤᠷ᠎ᠠ᠂ ᠰᠧᠴᠤᠸᠠᠨ ᠮᠤᠵᠢ ᠶᠢᠨ ᠴᠧᠩᠳᠦ᠋ ᠬᠤᠳᠠ ᠶᠢᠨ ᠨᠢᠭᠡᠨ ᠬᠡᠳᠦ ᠲᠡᠯᠭᠡᠭᠦᠷ ᠠᠴᠠ ᠬᠡᠷᠡᠭ ᠤᠨ ᠰᠡᠵᠢᠭᠳᠡᠨ ᠵᠸᠤ ᠤᠪᠤᠭᠳᠤ ᠶᠢ ᠪᠠᠷᠢᠪᠴᠢᠯᠠᠪᠠ᠃ ᠰᠢᠬᠦᠨ ᠠᠰᠠᠭᠤᠬᠤ ᠪᠠᠷ ᠲᠠᠮᠵᠢᠨ᠂ ᠵᠸᠤ ᠤᠪᠤᠭᠳᠤ ᠬᠠᠭᠤᠷᠮᠠᠭ ᠨᠡᠷᠡᠳᠤ ᠲᠡᠮᠳᠡᠭᠳᠤ ᠬᠤᠪᠴᠠᠰᠤ ᠪᠤᠷᠤᠯᠠᠭᠤᠯᠤᠭᠰᠠᠨ ᠶᠠᠯᠠᠳᠤ ᠬᠡᠷᠡᠭ ᠢᠶᠠᠨ ᠦᠴᠢᠭᠯᠡᠵᠠᠢ᠃ ᠵᠸᠤ ᠤᠪᠤᠭᠳᠤ ᠶᠢᠨ ᠦᠴᠢᠭᠯᠡᠯ ᠲᠠᠢ ᠤᠶᠠᠯᠳᠤᠭᠤᠯᠤᠨ᠂ ᠶᠡᠭᠡ ᠠᠩᠭᠢ ᠶᠢᠨ ᠬᠢᠨ ᠰᠤᠯᠢᠯᠴᠠᠭᠠᠨ ᠤ ᠮᠡᠳᠡᠭᠡ ᠵᠠᠩᠭᠢ᠂ ᠡᠳ᠋ ᠪᠠᠷᠠᠭᠠᠨ ᠤ ᠬᠦᠢᠯᠭᠡᠭᠡᠨ ᠤ ᠲᠤᠭ᠎ᠠ ᠪᠠᠷᠢᠮᠳᠠ᠂ ᠪᠡᠯᠡ ᠮᠦᠩᠭᠦᠨ ᠤ ᠬᠦᠢᠯᠭᠡᠭᠡᠨ ᠤ ᠬᠠᠨᠳᠤᠰᠢ ᠵᠡᠷᠭᠡ ᠲᠤᠭ᠎ᠠ ᠪᠠᠷᠢᠮᠳᠠ ᠶᠢ ᠰᠤᠳᠤᠯᠤᠨ ᠮᠠᠭᠠᠳᠯᠠᠵᠦ ᠵᠠᠳᠠᠯᠤᠭᠰᠠᠨ ᠢᠶᠠᠷ᠂ ᠬᠡᠷᠡᠭ ᠤᠨ ᠪᠠᠶᠢᠳᠠᠯ ᠤᠯᠠᠮ ᠲᠤᠳᠤᠷᠬᠠᠢ ᠪᠤᠯᠵᠦ᠂ ᠵᠸᠤ ᠤᠪᠤᠭᠳᠤ ᠶᠢᠨ ᠪᠠᠷᠠᠭᠠᠨ ᠤ ᠢᠷᠡᠯᠳᠡ ᠶᠢ ᠬᠠᠩᠭᠠᠵᠦ ᠪᠠᠶᠢᠭ᠎ᠠ ᠳ᠋ᠦ᠋ ᠤᠪᠤᠭᠳᠤ ᠶᠢ ᠠᠯᠢ ᠲᠦᠷᠭᠡᠨ ᠢᠶᠠᠷ ᠪᠠᠷᠢᠪᠴᠢᠯᠠᠵᠦ᠂ ᠶᠠᠯᠠᠳᠤ ᠬᠡᠷᠡᠭ ᠤᠨ ᠭᠡᠯᠬᠢᠶ᠎ᠡ ᠶᠢ ᠡᠷᠡᠰ ᠲᠠᠰᠤᠯᠬᠤ ᠶᠢᠨ ᠲᠦᠯᠦᠭᠡ᠂ ᠶᠡᠭᠡ ᠠᠩᠭᠢ ᠶᠢᠨ ᠬᠢᠨ ᠴᠠᠭᠳᠠᠭᠠᠨ  ᠤ ᠬᠦᠴᠦᠨ ᠢᠶᠠᠨ ᠵᠤᠬᠢᠶᠠᠨ ᠪᠠᠶᠢᠭᠤᠯᠤᠨ᠂ ᠬᠡᠷᠡᠭ ᠤᠨ ᠰᠡᠵᠢᠭᠳᠡᠨ ᠳ᠋ᠦ᠋ ᠤᠪᠤᠭᠳᠤ ᠶᠢ ᠪᠠᠷᠢᠪᠴᠢᠯᠠᠬᠤ ᠪᠠᠷ ᠮᠤᠷᠳᠠᠪᠠ᠃ ᠰᠡᠵᠢᠭᠳᠡᠨ ᠳ᠋ᠦ᠋ ᠤᠪᠤᠭᠳᠤ ᠲᠤᠶᠢᠯ ᠤᠨ ᠬᠤᠯᠵᠢᠨ᠂ ᠲᠤᠷᠰᠢᠨ ᠪᠠᠶᠢᠴᠠᠭᠠᠬᠤ ᠶᠢ ᠡᠰᠡᠷᠬᠦᠴᠡᠬᠦ ᠤᠬᠠᠮᠰᠠᠷ ᠮᠠᠰᠢ ᠴᠢᠩᠭ᠎ᠠ᠂ ᠶᠡᠷᠤ ᠳᠤ ᠪᠠᠨ ᠨᠢᠭᠡ ᠯᠡ ᠭᠠᠵᠠᠷ ᠤᠳᠠᠭᠠᠨ ᠰᠠᠭᠤᠬᠤ ᠦᠭᠡᠢ ᠪᠠᠶᠢᠵᠤ᠂ ᠬᠦᠳᠡᠯᠵᠦ ᠪᠠᠷᠢᠬᠤ ᠶᠠᠪᠤᠵᠤ ᠰᠠᠭᠤᠬᠤ ᠨᠢ ᠨᠢᠭᠤᠴᠠᠯᠢᠭ᠂ ᠲᠤᠭᠳᠠᠪᠤᠷᠢ ᠦᠭᠡᠢ ᠪᠠᠶᠢᠵᠦ᠂ ᠪᠠᠷᠢᠪᠴᠢᠯᠠᠬᠤ ᠠᠵᠢᠯ ᠳᠤ ᠭᠦᠴᠢᠷᠳᠡᠯ ᠤᠴᠠᠷᠠᠭᠤᠯᠵᠠᠢ᠃ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠤᠬᠢᠯᠳᠠ ᠦᠭᠭᠦ ᠠᠴᠠ ᠨᠢᠭᠤᠭᠳᠠᠨ ᠲᠤᠳᠠᠭᠠᠵᠦ᠂ ᠳ᠋ᠦ᠋ ᠤᠪᠤᠭᠳᠤ ᠬᠦᠮᠦᠨ ᠠᠮᠢᠳᠠᠨ ᠦᠭᠡᠢ ᠠᠭᠯᠠᠭ ᠠᠭᠤᠯᠠ᠂ ᠪᠠᠯᠠᠷ ᠤᠢ ᠳᠤ ᠰᠢᠷᠭᠤᠨ᠂ ᠡᠨᠡ ᠬᠤᠭᠤᠴᠠᠭᠠᠨ ᠳᠤ ᠭᠠᠷ ᠤᠳᠠᠰᠤ ᠪᠠᠨ ᠬᠠᠭᠠᠵᠦ᠂ ᠭᠠᠳᠠᠨᠠᠬᠢ ᠶᠢᠷᠳᠢᠨᠴᠦ ᠯᠤᠭ᠎ᠠ ᠶᠢᠨ ᠠᠯᠢᠪᠠ ᠬᠠᠷᠢᠯᠴᠠᠭ᠎ᠠ ᠪᠠᠨ ᠲᠠᠰᠤᠯᠤᠭᠰᠠᠨ ᠪᠠᠶᠢᠨ᠎ᠠ᠃ ᠲᠠᠪᠬᠤᠷ ᠲᠠᠪᠬᠤᠷ ᠬᠦᠴᠢᠷ ᠪᠡᠷᠬᠡᠰᠢᠶᠡᠯ ᠤᠨ ᠡᠮᠤᠨ᠎ᠡ᠂ ᠠᠷᠠᠳ ᠤᠨ ᠴᠠᠭᠳᠠᠭ᠎ᠠ ᠨᠠᠷ ᠤᠬᠤᠷᠢᠭᠰᠠᠨ ᠦᠭᠡᠢ ᠪᠠᠷ ᠦᠯᠦ ᠪᠠᠷᠠᠨ ᠠᠷᠭ᠎ᠠ ᠪᠦᠬᠦᠨ ᠢ ᠰᠦᠪᠡᠭᠴᠢᠯᠡᠵᠦ᠂ ︽ᠪᠡᠷᠭᠡ ᠠᠰᠠᠭᠤᠳᠠᠯ ᠢ ᠰᠢᠢᠳᠪᠦᠷᠢᠯᠡᠬᠦ︾ ᠠᠵᠢᠯ ᠤᠨ ᠰᠢᠨ᠎ᠡ ᠵᠠᠭᠪᠤᠷ ᠢ ᠨᠡᠭᠡᠭᠡᠪᠡ᠃ ᠨᠢᠭᠡ ᠲᠠᠯ᠎ᠠ ᠪᠠᠷ᠂ ᠬᠦᠮᠦᠨ ᠤ ᠭᠠᠵᠠᠷ ᠬᠦᠨᠳᠡᠯᠡᠨ ᠤ ᠨᠤᠳᠤᠭ ᠲᠤ ᠦᠨᠳᠦᠷ ᠠᠭᠤᠯᠠ ᠲᠠᠪᠠᠭᠠᠨ ᠤ ᠲᠤᠮᠳᠠ ᠶᠡᠭᠡ ᠬᠡᠮᠵᠢᠶᠡᠨ ᠤ ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠬᠤ ᠠᠵᠢᠯ ᠬᠢᠵᠦ᠂ ︽ᠤᠯᠠ ᠮᠦᠷ︾ ᠬᠠᠶᠢᠪᠠ᠃ ᠨᠦᠬᠦᠭᠡ ᠲᠠᠯ᠎ᠠ ᠪᠠᠷ᠂ ᠲᠤᠮᠤ ᠳ᠋ᠠᠶᠢᠲ᠋ᠠ ᠶᠢᠨ ᠬᠦᠮᠦᠷᠭᠡ ᠰᠦᠯᠵᠢᠶᠡᠨ ᠤ ᠲᠠᠪᠴᠠᠩ ᠢ ᠠᠰᠢᠭᠯᠠᠨ᠂ ᠰᠡᠵᠢᠭᠳᠡᠨ ᠤ ᠠᠵᠢᠯᠯᠠᠭ᠎ᠠ ᠶᠢ ᠵᠠᠳᠠᠯᠤᠨ ᠰᠢᠨᠵᠢᠯᠡᠬᠦ ᠵᠠᠮ ᠢ ᠡᠯᠭᠦᠪᠡ᠃ ᠬᠠᠮᠤᠭ ᠡᠴᠤᠰ  ᠲᠤ᠂ ᠰᠢᠯᠢ ᠶᠢᠨ ᠭᠤᠤᠯ ᠠᠶᠢᠮᠠᠭ ᠤᠨ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠴᠠᠭᠳᠠᠭᠠᠨ ᠤ ᠲᠦᠷᠦᠯ ᠤᠨ ᠵᠢᠯᠤᠭᠤᠳᠤᠯᠭ᠎ᠠ ᠪᠠ ᠲᠡᠮᠵᠢᠯᠭᠡ ᠲᠤᠤᠷ᠎ᠠ᠂ ᠬᠡᠳᠦᠶᠢᠳᠤᠭ᠍ᠰᠡᠨ ᠲᠤᠷᠰᠢᠨ ᠪᠠᠶᠢᠴᠠᠭᠠᠬᠤ ᠠᠷᠭ᠎ᠠ ᠪᠠᠷᠢᠯ ᠪᠠ ᠡᠷᠡᠰ ᠪᠠᠳᠤ ᠵᠤᠷᠢᠭ ᠰᠠᠨᠠᠭ᠎ᠠ ᠳᠤ ᠪᠠᠨ ᠲᠦᠰᠢᠭᠯᠡᠨ᠂ 9 ᠳ᠋ᠤᠭᠡᠷ ᠰᠠᠷ᠎ᠠ ᠶᠢᠨ 11 ᠤ ᠡᠳᠦᠷ ᠰᠧᠴᠤᠸᠠᠨ ᠮᠤᠵᠢ ᠶᠢᠨ ᠴᠧᠩᠳᠦ᠋ ᠬᠤᠳᠠ ᠶᠢᠨ ᠳ᠋ᠠ ᠢ ᠰᠢᠶᠠᠨ ᠤ ᠬᠦᠨ ᠠᠭᠤᠯᠠᠨ ᠤ ᠵᠢᠵᠢᠭ ᠪᠠᠶᠢᠰᠢᠩ ᠠᠴᠠ ᠦᠪᠡᠷ ᠢ ᠪᠠᠨ ᠬᠠᠤᠯᠢ ᠴᠠᠭᠠᠵᠠ ᠶᠢᠨ ᠰᠢᠢᠳᠭᠡᠯ ᠠᠴᠠ ᠮᠤᠯᠳᠤᠷᠠᠵᠦ ᠴᠢᠳᠠᠨ᠎ᠠ ᠬᠡᠵᠦ ᠢᠳᠡᠭᠡᠵᠦ ᠪᠠᠶᠢᠭᠰᠠᠨ ᠳ᠋ᠦ᠋ ᠤᠪᠤᠭᠳᠤ ᠶᠢ ᠪᠠᠷᠢᠪᠴᠢᠯᠠᠪᠠ᠃ ᠢᠩᠭᠢᠭᠡᠳ ᠮᠤᠵᠢ ᠠᠯᠤᠰᠯᠠᠨ ᠪᠠᠷᠢᠪᠴᠢᠯᠠᠬᠤ ᠡᠬᠦᠷᠭᠡ ᠪᠠᠨ ᠲᠡᠭᠦᠰ ᠠᠮᠵᠢᠯᠳᠠᠳᠠᠢ ᠪᠡᠶᠡᠯᠡᠬᠦᠯᠵᠦ᠂ ᠬᠡᠷᠡᠭ ᠤᠨ ᠰᠡᠵᠢᠭᠳᠡᠨ ᠵᠸᠤ ᠤᠪᠤᠭᠳᠤ᠂ ᠳ᠋ᠦ᠋ ᠤᠪᠤᠭᠳᠤ ᠶᠢ ᠰᠢᠯᠢ ᠶᠢᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠳᠤ ᠠᠪᠴᠢᠷᠠᠵᠦ᠂ ᠬᠠᠤᠯᠢ ᠶᠤᠰᠤᠭᠠᠷ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠦ᠂ ᠲᠤᠰ ᠬᠡᠷᠡᠭ ᠢ ᠤᠯᠠᠮ ᠨᠢᠭᠡ ᠠᠯᠬᠤᠮ ᠠᠭᠤᠳᠠᠯᠤᠨ ᠦᠷᠭᠡᠳᠭᠡᠵᠦ ᠬᠡᠷᠡᠭ ᠢ ᠰᠢᠢᠳᠪᠦᠷᠢᠯᠡᠪᠡ᠃ ︵ᠰᠢᠯᠢ ᠶᠢᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠴᠢ ᠵᠧᠨ ᠵᠢᠶᠦ᠋ᠨ᠂ ᠤᠶᠤᠨᠴᠢᠮᠡᠭ ᠮᠡᠳᠡᠭᠡᠯᠡᠪᠡ︶ 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ