ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠬᠤᠤᠷᠲᠤ ᠡᠳ᠋ ᠫᠠᠨᠽᠠᠯᠠᠭᠴᠢ ᠶᠢ ᠪᠠᠷᠢᠪᠴᠢᠯᠠᠭᠰᠠᠨ ᠪᠠᠭᠠᠲᠤᠷᠴᠤᠳ ᠲᠤ ᠬᠦᠨᠳᠦᠳᠬᠡᠯ ᠳᠡᠪᠰᠢᠭᠦᠯᠵᠦ ᠬᠤᠤᠷᠲᠤ ᠡᠳ᠋ ᠴᠠᠭᠠᠵᠠᠯᠠᠬᠤ ᠵᠣᠷᠢᠭ ᠰᠠᠨᠠᠭ᠎ᠠ ᠶᠢ ᠪᠠᠳᠠᠷᠠᠭᠤᠯᠬᠤ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/26
      ᠣᠶᠢᠷ᠎ᠠ ᠳᠤ᠂ ᠰᠢᠯᠢ ᠶᠢᠨ ᠭᠤᠣᠯ ᠠᠶᠢᠮᠠᠭ ᠤᠨ ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠤ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ ᠬᠤᠰᠢᠭᠤᠨ ᠤ ᠬᠤᠶᠠᠳᠤᠭᠠᠷ ᠪᠠᠭ᠎ᠠ ᠰᠤᠷᠭᠠᠭᠤᠯᠢ ᠳᠤ ᠬᠦᠷᠴᠦ ︽ᠬᠤᠤᠷᠲᠤ ᠡᠳ᠋ ᠢ ᠪᠠᠷᠢᠪᠴᠢᠯᠠᠭᠰᠠᠨ ᠪᠠᠭᠠᠲᠤᠷᠴᠤᠳ ᠲᠤ ᠬᠦᠨᠳᠦᠳᠬᠡᠯ ᠳᠡᠪᠰᠢᠭᠦᠯᠵᠦ ᠬᠤᠤᠷᠲᠤ ᠡᠳ᠋ ᠢ ᠴᠠᠭᠠᠵᠠᠯᠠᠬᠤ ᠵᠣᠷᠢᠭ ᠰᠠᠨᠠᠭ᠎ᠠ ᠶᠢ ᠪᠠᠳᠠᠷᠠᠭᠤᠯᠬᠤ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
供稿1图片1.jpg
      ᠠᠵᠢᠯᠯᠠᠭ᠎ᠠ ᠶᠢᠨ ᠳᠤᠮᠳᠠ᠂ ᠠᠷᠠᠳ ᠤᠨ ᠴᠠᠭᠳᠠᠭ᠎ᠠ ᠯᠢᠨ ᠽᠧ ᠰᠢᠤᠢ᠂ ᠵᠠᠩ ᠼᠦᠩ ᠱᠦᠨ᠂ ᠡᠦ ᠭᠤᠸᠠᠩ ᠯᠢᠨ ᠵᠡᠷᠭᠡ ᠬᠤᠣᠷ ᠴᠠᠭᠠᠵᠠᠯᠠᠭᠰᠠᠨ ᠪᠠᠭᠠᠲᠤᠷᠴᠤᠳ ᠢᠶᠠᠷ ᠬᠤᠣᠷᠲᠤ ᠡᠳ᠋ ᠫᠠᠨᠽᠠᠯᠠᠭᠴᠢ ᠲᠠᠢ ᠠᠷᠭ᠎ᠠ ᠰᠠᠮᠪᠠᠭ᠎ᠠ ᠤᠷᠤᠯᠳᠤᠨ ᠡᠷᠡᠯᠬᠡᠭᠯᠡᠨ ᠲᠡᠮᠡᠴᠡᠵᠦ᠂ ᠠᠷᠠᠳ ᠲᠦᠮᠡᠨ ᠤ ᠠᠮᠤᠷ ᠲᠦᠪᠰᠢᠨ ᠢ ᠬᠠᠮᠠᠭᠠᠯᠠᠭᠰᠠᠨ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ ᠶᠢ ᠠᠮᠢᠳᠤᠯᠢᠭ ᠢᠶᠠᠷ ᠬᠢᠵᠦ᠂ ᠰᠤᠷᠤᠭᠴᠢᠳ ᠲᠤ ᠬᠠᠷ᠎ᠠ ᠲᠠᠮᠠᠬᠢ ᠶᠢᠨ ᠲᠡᠶᠢᠠ ᠠᠴᠠ ᠤᠳᠦ ᠪᠣᠯᠲᠠᠯᠠᠬᠢ ᠬᠤᠣᠷᠲᠤ ᠡᠳ᠋ ᠢ ᠴᠠᠭᠠᠵᠠᠯᠠᠬᠤ ᠦᠯᠢᠭᠡᠷ ᠢ ᠶᠠᠷᠢᠵᠤ᠂ ᠰᠤᠷᠤᠭᠴᠢᠳ ᠲᠤ ᠤᠳᠦ ᠶᠢᠨ ︽ᠪᠣᠬᠢᠷᠲᠤᠯ ᠤᠢᠭᠡᠢ᠂ ᠬᠤᠣᠷ ᠤᠢᠭᠡᠢ᠂ ᠠᠮᠤᠷ ᠲᠦᠪᠰᠢᠨ︾ ᠣᠷᠴᠢᠨ ᠲᠣᠭᠤᠷᠢᠨ ᠳᠤ ᠠᠮᠢᠳᠤᠷᠠᠵᠤ ᠪᠠᠶᠢᠭ᠎ᠠ ᠶᠠᠪᠤᠳᠠᠯ ᠢ ᠦᠷᠡᠭᠳᠡᠭᠰᠡᠨ ᠪᠠᠭᠠᠲᠤᠷᠴᠤᠳ ᠠᠮᠢ ᠨᠠᠰᠤ ᠪᠠ ᠠᠷᠢᠭᠤᠨ ᠴᠢᠰᠤ ᠪᠠᠷ ᠢᠶᠠᠨ ᠰᠣᠯᠢᠵᠤ ᠠᠪᠴᠢᠷᠠᠭᠰᠠᠨ ᠶᠤᠮ᠂ ᠡᠷᠬᠡᠪᠰᠢ ᠠᠮᠢ ᠨᠠᠰᠤ ᠪᠠᠨ ᠨᠠᠨᠳᠢᠩᠨᠠᠵᠤ᠂ ᠬᠤᠣᠷᠲᠤ ᠡᠳ᠋ ᠠᠴᠠ ᠬᠤᠯᠠ ᠪᠠᠶᠢᠬᠤ ᠬᠡᠷᠡᠭᠲᠡᠶ ᠭᠡᠳᠡᠭ ᠢ ᠲᠠᠨᠢᠭᠤᠯᠵᠠᠶ᠃ ᠳᠠᠷᠠᠭ᠎ᠠ ᠨᠢ ᠠᠷᠠᠳ ᠤᠨ ᠴᠠᠭᠳᠠᠭ᠎ᠠ ᠰᠤᠷᠤᠭᠴᠢᠳ ᠲᠤ ᠬᠤᠤᠷᠲᠤ ᠡᠳ᠋ ᠢ ᠴᠠᠭᠠᠵᠠᠯᠠᠬᠤ ᠳᠠᠭᠤᠷᠢᠶᠠᠮᠠᠯ ᠵᠠᠭᠪᠤᠷ ᠤᠨ ᠬᠠᠶᠢᠷᠴᠠᠭ ᠢ ᠳᠡᠯᠭᠡᠨ ᠦᠵᠡᠭᠦᠯᠵᠦ᠂ ᠰᠤᠷᠤᠭᠴᠢᠳ ᠤᠨ ᠬᠤᠤᠷᠲᠤ ᠡᠳ᠋ ᠢ ᠬᠡᠷᠬᠢᠨ ᠢᠯᠭᠠᠨ ᠲᠠᠨᠢᠬᠤ ᠶᠢ ᠵᠢᠭᠠᠨ ᠰᠤᠷᠭᠠᠵᠤ᠂ ᠰᠤᠷᠤᠭᠴᠢᠳ ᠤᠨ ᠬᠤᠤᠷᠲᠤ ᠡᠳ᠋ ᠢ ᠰᠡᠷᠭᠡᠶᠢᠯᠡᠬᠦ ᠤᠬᠠᠮᠰᠠᠷ ᠪᠠ ᠬᠤᠤᠷᠲᠤ ᠡᠳ᠋ ᠢ ᠡᠰᠡᠷᠭᠦᠴᠡᠬᠦ ᠴᠢᠳᠠᠪᠤᠷᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠡᠳᠡᠨ ᠤ  ᠬᠤᠣᠷᠲᠤ ᠡᠳ᠋ ᠢ ᠰᠡᠳᠬᠢᠯ ᠤᠨ ᠤᠭ ᠠᠴᠠ ᠪᠠᠨ ᠰᠡᠷᠡᠮᠵᠢᠯᠡᠬᠦ ᠪᠠ ᠡᠷᠡᠰ ᠡᠰᠡᠷᠭᠦᠴᠡᠨ ᠬᠤᠷᠢᠭᠯᠠᠬᠤ ᠶᠢ ᠴᠢᠩᠭᠠᠷᠠᠭᠤᠯᠪᠠ᠃       ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠵᠠᠯᠠᠭᠤᠴᠤᠳ ᠪᠠᠭᠠᠴᠤᠳ ᠤᠨ ᠬᠤᠤᠷᠲᠤ ᠡᠳ᠋ ᠤᠨ ᠬᠤᠤᠷ ᠬᠥᠨᠥᠭᠡᠯ ᠤᠨ ᠲᠤᠬᠠᠶ ᠲᠠᠨᠢᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠯᠠᠭᠤᠴᠤᠳ ᠪᠠᠭᠠᠴᠤᠳ ᠤᠨ ᠬᠤᠤᠷ ᠲᠠᠨᠢᠬᠤ᠂ ᠬᠤᠤᠷ ᠰᠡᠷᠭᠡᠶᠢᠯᠡᠬᠦ᠂ ᠬᠤᠤᠷ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠪᠡ᠂ ᠰᠤᠷᠤᠭᠴᠢᠳ ᠬᠤᠶᠢᠰᠢᠳᠠ ᠶᠢᠨ ᠰᠤᠷᠤᠯᠴᠠᠯᠭ᠎ᠠ ᠪᠠ ᠠᠮᠢᠳᠤᠷᠠᠯ ᠤᠨ ᠳᠤᠮᠳᠠ ᠠᠮᠢ ᠨᠠᠰᠤ ᠪᠠᠨ ᠨᠠᠨᠳᠢᠩᠨᠠᠨ ᠬᠠᠶᠢᠷᠠᠯᠠᠵᠤ᠂ ᠬᠤᠤᠷᠲᠤ ᠡᠳ᠋ ᠠᠴᠠ ᠬᠤᠯᠠᠳᠠᠨ᠂ ᠬᠤᠤᠷᠲᠤ ᠡᠳ᠋ ᠢ ᠴᠠᠭᠠᠵᠠᠯᠠᠬᠤ ᠵᠣᠷᠢᠭ ᠰᠠᠨᠠᠭᠠᠨ ᠤ ᠦᠢᠯᠡᠳᠦᠯᠭᠡᠵᠢᠭᠦᠯᠦᠭᠴᠢ ᠪᠠ ᠤᠯᠠᠮᠵᠢᠯᠠᠭᠴᠢ ᠪᠣᠯᠬᠤ ᠪᠠᠷ ᠴᠢᠷᠮᠠᠶᠢᠨ᠎ᠠ ᠭᠡᠵᠦ ᠬᠤᠶᠢᠨ᠎ᠠ ᠬᠤᠶᠢᠨ᠎ᠠ ᠠᠴᠠ ᠪᠠᠨ ᠢᠯᠡᠷᠬᠡᠶᠢᠯᠡᠭᠰᠡᠨ ᠪᠠᠶᠢᠨ᠎ᠠ᠃
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ