ᠺᠠᠶᠢᠯᠦ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠥᠷᠲᠡᠭ ᠨᠡᠮᠡᠭᠳᠡᠯ ᠤᠨ ᠭᠠᠶᠢᠯᠢ ᠶᠢᠨ ᠪᠠᠷᠢᠮᠲᠠ ᠶᠢ ᠬᠤᠳᠠᠯ ᠢᠶᠠᠷ ᠪᠢᠴᠢᠭᠰᠡᠨ ᠬᠡᠷᠡᠭ ᠢ ᠪᠠᠶᠢᠴᠠᠭᠠᠨ ᠢᠯᠡᠷᠡᠭᠦᠯᠪᠡ
ᠨᠡᠶᠢᠲᠡᠯᠡᠭᠰᠡᠨ ᠴᠠᠭ᠄
2023/12/29
      ᠣᠶᠢᠷ᠎ᠠ ᠳᠤ᠂ ᠲᠦᠩᠯᠢᠶᠣᠤ ᠬᠤᠲᠠ ᠶᠢᠨ ᠺᠠᠶᠢᠯᠦ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠵᠤ ᠠᠬᠤᠶ ᠶᠢᠨ ᠶᠠᠯᠠᠲᠤ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ ᠵᠠᠷᠢᠮ ᠬᠥᠮᠦᠨ ᠴᠢᠬᠢ ᠮᠣᠳᠣᠨ ᠤ ᠲᠥᠷᠥᠯ ᠤᠨ ᠥᠷᠲᠡᠭ ᠨᠡᠮᠡᠭᠳᠡᠯ ᠤᠨ ᠭᠠᠶᠢᠯᠢ ᠶᠢᠨ ᠡᠩ ᠤᠨ ᠪᠠᠷᠢᠮᠲᠠ ᠶᠢ ᠬᠤᠳᠠᠯ ᠢᠶᠠᠷ ᠪᠢᠴᠢᠭᠰᠡᠨ ᠰᠡᠵᠢᠭᠯᠡᠯᠲᠡᠶ ᠪᠠᠶᠢᠵᠤ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ ᠨᠢ ᠨᠡᠯᠢᠶᠡᠳ ᠶᠡᠭᠡ ᠪᠠᠶᠢᠨ᠎ᠠ ᠭᠡᠰᠡᠨ ᠬᠡᠷᠡᠭ ᠤᠨ ᠰᠦᠪᠡᠭᠴᠢ ᠶᠢ ᠣᠯᠵᠠᠢ᠃ ᠰᠦᠪᠡᠭᠴᠢ ᠣᠯᠤᠭᠰᠠᠨ ᠤ ᠳᠠᠷᠠᠭ᠎ᠠ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠵᠤ ᠠᠬᠤᠶ ᠶᠢᠨ ᠶᠠᠯᠠᠲᠤ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ ᠲᠡᠷᠡ ᠳᠠᠷᠤᠶ ᠳᠤ ᠨᠢ ᠲᠤᠰᠬᠠᠶ ᠬᠡᠷᠡᠭ ᠤᠨ ᠳᠤᠭᠤᠶᠢᠯᠠᠩ ᠪᠠᠶᠢᠭᠤᠯᠵᠤ ᠪᠠᠶᠢᠴᠠᠭᠠᠯᠲᠠ ᠬᠢᠪᠡ᠃ ᠲᠤᠰᠬᠠᠶ ᠬᠡᠷᠡᠭ ᠤᠨ ᠳᠤᠭᠤᠶᠢᠯᠠᠩ ᠨᠢ ᠰᠦᠪᠡᠭᠴᠢ ᠥᠭᠭᠦᠭᠰᠡᠨ ᠪᠠᠶᠢᠭᠤᠯᠭ᠎ᠠ ᠲᠠᠢ ᠴᠠᠭ ᠲᠤᠬᠠᠶ ᠳᠤ ᠨᠢ ᠵᠣᠯᠭᠠᠭᠤᠯᠵᠤ᠂ ᠬᠡᠷᠡᠭ ᠲᠤ ᠬᠤᠯᠪᠣᠭᠳᠠᠭᠰᠠᠨ ᠬᠥᠮᠦᠰ ᠤᠨ ᠬᠡᠷᠡᠭ ᠬᠢᠭᠰᠡᠨ ᠣᠨᠴᠠᠯᠢᠭ ᠵᠢᠴᠢ ᠠᠷᠭ᠎ᠠ ᠪᠠᠷᠢᠯ ᠢ ᠤᠢᠢᠯᠠᠭᠠᠨ ᠡᠵᠡᠮᠰᠢᠵᠦ᠂ ᠬᠡᠷᠡᠭ ᠲᠤ ᠬᠤᠯᠪᠣᠭᠳᠠᠭᠰᠠᠨ ᠬᠥᠮᠦᠰ ᠤᠨ ᠪᠠᠷᠢᠮᠲᠠ ᠥᠭᠭᠦᠭᠰᠡᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠳᠤ ᠪᠦᠬᠦ ᠲᠠᠯ᠎ᠠ ᠶᠢᠨ ᠵᠠᠳᠠᠯᠤᠯᠲᠠ ᠬᠢᠵᠦ᠂ ᠪᠡᠯᠡ ᠮᠥᠩᠭᠦᠨ ᠤ ᠴᠤᠪᠤᠷᠠᠯ ᠲᠤᠭ᠎ᠠ ᠪᠠᠷᠢᠮᠲᠠ᠂ ᠦᠢᠯᠡᠳᠪᠦᠷᠢ ᠬᠤᠳᠠᠯᠳᠤᠭᠠᠨ ᠤ ᠳᠠᠩᠰᠠᠯᠠᠯ ᠤᠨ ᠲᠤᠭ᠎ᠠ ᠪᠠᠷᠢᠮᠲᠠ ᠵᠡᠷᠭᠡ ᠪᠦᠬᠦ ᠬᠡᠯᠬᠢᠶᠡᠰᠦ ᠶᠢᠨ ᠲᠤᠭ᠎ᠠ ᠪᠠᠷᠢᠮᠲᠠ ᠲᠠᠢ ᠤᠶᠠᠯᠳᠤᠭᠤᠯᠤᠨ ᠵᠠᠳᠠᠯᠤᠨ ᠰᠤᠳᠤᠯᠵᠤ ᠮᠠᠭᠠᠳᠯᠠᠪᠠ᠃ ᠬᠠᠷᠠᠯᠲᠠ ᠪᠠᠨ ᠲᠣᠭᠲᠠᠭᠠᠭᠰᠠᠨ ᠤ ᠲᠠᠷᠠᠭ᠎ᠠ ᠲᠤᠰᠬᠠᠶ ᠬᠡᠷᠡᠭ ᠤᠨ ᠳᠤᠭᠤᠶᠢᠯᠠᠩ ᠡᠷᠡᠰ ᠰᠢᠭᠤᠷᠬᠠᠶ ᠪᠠᠷ ᠯᠢᠦ ᠣᠪᠣᠭᠲᠤ ᠵᠡᠷᠭᠡ ᠬᠡᠷᠡᠭ ᠲᠤ ᠬᠤᠯᠪᠣᠭᠳᠠᠭᠰᠠᠨ 5 ᠬᠥᠮᠦᠨ ᠢ ᠪᠠᠷᠢᠪᠴᠢᠯᠠᠪᠠ᠃
开鲁局抓获照片.jpg
      ᠰᠢᠭᠦᠨ ᠠᠰᠠᠭᠤᠬᠤ ᠪᠠᠷ ᠳᠠᠮᠵᠢᠭᠠᠳ ᠴᠧᠨ ᠣᠪᠣᠭᠲᠤ ᠪᠠᠷ ᠲᠣᠯᠣᠭᠠᠶᠢᠯᠠᠭᠤᠯᠤᠭᠰᠠᠨ ᠬᠤᠳᠠᠯ ᠢᠶᠠᠷ ᠪᠠᠷᠢᠮᠲᠠ ᠪᠢᠴᠢᠵᠦ ᠥᠭᠭᠦᠭᠰᠡᠨ ᠨᠢᠭᠡᠨ ᠶᠠᠯᠠᠲᠤ ᠪᠦᠯᠬᠦᠮ ᠭᠠᠷᠴᠤ ᠢᠷᠡᠪᠡ᠃ ᠶᠠᠯ᠎ᠠ ᠬᠢᠭᠰᠡᠨ ᠰᠡᠵᠢᠭᠳᠡᠨ ᠴᠧᠨ ᠣᠪᠣᠭᠲᠤ ᠥᠪᠡᠷ ᠤᠨ ᠥᠨᠳᠥᠷ ᠠᠰᠢᠭ ᠲᠤᠰᠠ ᠶᠢᠨ ᠥᠳᠥᠭᠡᠯᠭᠡ ᠳᠣᠣᠷ᠎ᠠ᠂ ᠤᠯᠤᠰ ᠤᠨ ᠲᠠᠷᠢᠶᠠᠯᠠᠩ ᠤᠨ ᠦᠢᠯᠡᠳᠪᠦᠷᠢᠯᠡᠭᠴᠢ ᠶᠢᠨ ᠥᠪᠡᠷ ᠢᠶᠠᠨ ᠦᠢᠯᠡᠳᠪᠦᠷᠢᠯᠡᠵᠦ ᠥᠪᠡᠷ ᠢᠶᠠᠨ ᠪᠣᠷᠣᠯᠠᠭᠤᠯᠬᠤ ᠴᠢᠬᠢ ᠮᠣᠳᠣ ᠶᠢ ᠭᠠᠶᠢᠯᠢ ᠠᠴᠠ ᠬᠡᠯᠲᠦᠷᠢᠭᠦᠯᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠠᠰᠢᠭᠯᠠᠨ᠂ ᠪᠣᠳᠠᠲᠠᠶ ᠲᠤᠬᠠᠶᠢᠯᠠᠭᠰᠠᠨ ᠠᠵᠢᠯ ᠦᠭᠡᠶ ᠪᠠᠶᠢᠳᠠᠯ ᠳᠣᠣᠷ᠎ᠠ᠂ ᠶᠡᠭᠡ ᠬᠡᠮᠵᠢᠶᠡᠨ ᠤ ᠬᠤᠳᠠᠯ ᠢᠶᠠᠷ ᠪᠢᠴᠢᠭᠰᠡᠨ ᠴᠢᠬᠢ ᠮᠣᠳᠣᠨ ᠤ ᠲᠥᠷᠥᠯ ᠤᠨ ᠥᠷᠲᠡᠭ ᠨᠡᠮᠡᠭᠳᠡᠯ ᠤᠨ ᠭᠠᠶᠢᠯᠢ ᠶᠢᠨ ᠡᠩ ᠤᠨ ᠪᠠᠷᠢᠮᠲᠠ ᠶᠢ 100 ᠭᠠᠷᠤᠶ ᠬᠤᠪᠢ ᠬᠤᠳᠠᠯ ᠢᠶᠠᠷ ᠪᠢᠴᠢᠨ ᠭᠠᠳᠠᠭᠰᠢ ᠲᠠᠷᠬᠠᠭᠠᠵᠤ᠂ ᠬᠤᠳᠠᠯ ᠢᠶᠠᠷ ᠪᠢᠴᠢᠭᠰᠡᠨ ᠦᠨ᠎ᠡ ᠨᠢ 9800 ᠭᠠᠷᠤᠶ ᠲᠦᠮᠡᠨ ᠲᠥᠭᠦᠷᠢᠭ ᠪᠠᠶᠢᠵᠤ᠂ ᠬᠠᠤᠯᠢ ᠪᠤᠰᠤ ᠪᠠᠷ 50 ᠲᠦᠮᠡᠨ ᠲᠥᠭᠦᠷᠢᠭ ᠤᠨ ᠠᠰᠢᠭ ᠣᠯᠵᠠᠶ᠃       ᠣᠳᠣᠬᠠᠨ ᠳᠤ᠂ ᠬᠡᠷᠡᠭ ᠲᠤ ᠬᠤᠯᠪᠣᠭᠳᠠᠭᠰᠠᠨ 12 ᠶᠠᠯ᠎ᠠ ᠬᠢᠭᠰᠡᠨ ᠰᠡᠵᠢᠭᠳᠡᠨ ᠢ ᠨᠢᠭᠡᠨᠲᠡ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠤ᠂ ᠬᠡᠷᠡᠭ ᠢ ᠤᠯᠠᠮ ᠨᠢᠭᠡ ᠠᠯᠬᠤᠮ ᠭᠦᠨᠵᠡᠭᠡᠶ ᠰᠢᠢᠳᠪᠦᠷᠢᠯᠡᠵᠦ ᠪᠠᠶᠢᠨ᠎ᠠ᠃
ᠢᠷᠡᠯᠲᠡ᠄ ᠲᠦᠩᠯᠢᠶᠣᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ