ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠥᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽2+3︾ ᠶᠢᠨ ᠬᠤᠪᠢ ᠬᠤᠷᠠᠮᠳᠤᠭᠤᠯᠬᠤ ᠳᠦᠷᠢᠮᠲᠦ ᠺᠠᠳ᠋ᠷ ᠤᠨ ᠤᠯᠤᠰ ᠲᠥᠷᠥ ᠶᠢᠨ ᠬᠡᠪ ᠴᠢᠨᠠᠷ ᠤᠨ ᠪᠠᠶᠢᠴᠠᠭᠠᠯᠲᠠ ᠶᠢᠨ ᠠᠵᠢᠯ ᠢ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2023/12/4
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠥᠯᠥᠭᠡ᠂ ᠰᠢᠯᠢ ᠶᠢᠨ ᠭᠤᠤᠯ ᠠᠶᠢᠮᠠᠭ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ︽ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︿2+3﹀ ᠶᠢᠨ ᠬᠤᠪᠢ ᠬᠤᠷᠠᠮᠳᠤᠭᠤᠯᠬᠤ ᠳᠦᠷᠢᠮᠲᠦ ᠺᠠᠳ᠋ᠷ ᠤᠨ ᠤᠯᠤᠰ ᠲᠥᠷᠥ ᠶᠢᠨ ᠬᠡᠪ ᠴᠢᠨᠠᠷ ᠢ ᠰᠢᠨᠵᠢᠯᠡᠨ ᠪᠠᠶᠢᠴᠠᠭᠠᠬᠤ ᠲᠥᠰᠦᠯ︾ ᠢ ᠢᠳᠡᠪᠬᠢᠲᠡᠶ ᠨᠠᠶᠢᠳᠠᠪᠤᠷᠢᠵᠢᠭᠤᠯᠵᠤ᠂ ᠡᠯ᠎ᠡ ᠰᠠᠯᠠᠭ᠎ᠠ ᠮᠥᠴᠢᠷ ᠤᠨ ᠬᠢᠨ ᠰᠢᠨᠵᠢᠯᠡᠨ ᠪᠠᠶᠢᠴᠠᠭᠠᠬᠤ ᠠᠵᠢᠯ ᠢ ᠭᠦᠨᠵᠡᠭᠡᠶ ᠠᠬᠢᠭᠤᠯᠵᠤ᠂ ᠤᠯᠤᠰ ᠲᠥᠷᠥ ᠶᠢᠨ ᠬᠡᠪ ᠴᠢᠨᠠᠷ ᠢ ᠰᠢᠨᠵᠢᠯᠡᠨ ᠪᠠᠶᠢᠴᠠᠭᠠᠬᠤ ᠶᠢ ᠬᠡᠮᠵᠢᠶᠡᠵᠢᠭᠦᠯᠦᠨ ᠪᠤᠳᠠᠳᠠᠶᠢᠵᠢᠭᠤᠯᠬᠤ᠂ ᠨᠠᠷᠢᠯᠢᠭᠵᠢᠭᠤᠯᠬᠤ᠂ ︽2+3︾ ᠶᠢᠨ ᠬᠤᠪᠢ ᠬᠤᠷᠠᠮᠳᠤᠭᠤᠯᠬᠤ ᠳᠦᠷᠢᠮᠲᠦ ᠺᠠᠳ᠋ᠷ ᠤᠨ ᠤᠯᠤᠰ ᠲᠥᠷᠥ ᠶᠢᠨ ᠬᠡᠪ ᠴᠢᠨᠠᠷ ᠢ ᠰᠢᠨᠵᠢᠯᠡᠨ ᠪᠠᠶᠢᠴᠠᠭᠠᠬᠤ ᠪᠠᠷ ᠭᠠᠷᠳᠠᠴᠠ ᠪᠣᠯᠭᠠᠵᠤ᠂ ᠠᠷᠠᠳ ᠤᠨ ᠴᠠᠭᠳᠠᠭ᠎ᠠ ᠶᠢᠨ ᠲᠥᠰᠦᠯ ᠤᠨ ᠱᠠᠭᠠᠷᠳᠠᠯᠭ᠎ᠠ ᠶᠣᠰᠣᠭᠠᠷ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠵᠠᠩᠭᠢᠯᠠᠭ᠎ᠠ ᠶᠢᠨ ᠺᠠᠳ᠋ᠷ᠂ ᠵᠠᠯᠠᠭᠤ ᠠᠷᠠᠳ ᠤᠨ ᠴᠠᠭᠳᠠᠭ᠎ᠠ ᠵᠡᠷᠭᠡ ᠡᠲᠡᠭᠡᠳ ᠲᠠᠢ ᠶᠠᠷᠢᠯᠴᠠᠬᠤ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠠᠰᠠᠭᠤᠳᠠᠯ ᠤᠨ ᠲᠡᠮᠳᠡᠭᠯᠡᠯ ᠤᠨ ᠲᠣᠳᠣᠷᠬᠠᠶ ᠬᠠᠭᠤᠳᠠᠰᠤ᠂ ᠺᠠᠳ᠋ᠷᠴᠤᠳ ᠤᠨ ᠤᠯᠤᠰ ᠲᠥᠷᠥ ᠶᠢᠨ ᠬᠡᠪ ᠴᠢᠨᠠᠷ ᠤᠨ ᠪᠠᠶᠢᠴᠠᠭᠠᠯᠲᠠ ᠶᠢᠨ ᠲᠠᠩᠰᠠ ᠡᠪᠬᠡᠮᠡᠯ ᠪᠠᠶᠢᠭᠤᠯᠵᠤ᠂ ᠠᠷᠠᠳ ᠤᠨ ᠴᠠᠭᠳᠠᠭ᠎ᠠ ᠶᠢᠨ ᠨᠠᠢᠮᠠᠨ ᠴᠠᠭ ᠤᠨ ᠳᠣᠲᠣᠷ᠎ᠠ ᠭᠠᠳᠠᠨᠠᠬᠢ ᠠᠵᠢᠯ᠂ ᠰᠤᠷᠤᠯᠴᠠᠯᠭ᠎ᠠ᠂ ᠦᠵᠡᠯ ᠰᠠᠨᠠᠭᠠᠨ ᠤ ᠪᠠᠶᠢᠳᠠᠯ ᠢ ᠣᠶᠢᠯᠠᠭᠠᠪᠠ᠃ 
微信图片_20231124100622.jpg  
     ᠲᠠᠷᠠᠭᠠᠴᠢ ᠶᠢᠨ ᠠᠯᠬᠤᠮ ᠳᠤ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ︽2+3︾ ᠶᠢᠨ ᠬᠤᠪᠢ ᠬᠤᠷᠠᠮᠳᠤᠭᠤᠯᠬᠤ ᠳᠦᠷᠢᠮᠲᠦ ᠺᠠᠳ᠋ᠷ ᠤᠨ ᠤᠯᠤᠰ ᠲᠦᠷᠦ ᠶᠢᠨ ᠬᠡᠪ ᠴᠢᠨᠠᠷ ᠢ ᠰᠢᠨᠵᠢᠯᠡᠨ ᠪᠠᠶᠢᠴᠠᠭᠠᠬᠤ ᠪᠠᠷ ᠭᠠᠷᠳᠠᠴᠠ ᠪᠣᠯᠭᠠᠵᠤ᠂ ᠦᠷᠭᠦᠯᠵᠢᠯᠡᠨ ᠭᠤᠣᠯᠳᠠᠯᠭ᠎ᠠ ᠲᠠᠢ ᠠᠵᠢᠯ ᠤᠨ ᠪᠠᠶᠢᠷᠢ᠂ ᠭᠤᠣᠯᠳᠠᠯᠭ᠎ᠠ ᠲᠠᠢ ᠬᠥᠮᠦᠰ ᠲᠤ ᠬᠠᠨᠳᠤᠭᠤᠯᠤᠨ ︽ᠬᠡᠪᠴᠢᠶ᠎ᠠ ᠶᠢ ᠬᠢᠵᠠᠭᠠᠷᠯᠠᠬᠤ ᠦᠭᠡᠢ᠂ ᠴᠠᠭ ᠢ ᠬᠢᠵᠠᠭᠠᠷᠯᠠᠬᠤ ᠦᠭᠡᠢ᠂ ᠠᠷᠭ᠎ᠠ ᠬᠡᠯᠪᠡᠷᠢ ᠶᠢ ᠬᠢᠵᠠᠭᠠᠷᠯᠠᠬᠤ ᠦᠭᠡᠢ︾ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ ᠵᠠᠭᠪᠤᠷ ᠢ ᠪᠠᠶᠢᠭᠤᠯᠵᠤ᠂ ᠪᠠᠶᠢᠭᠤᠯᠭ᠎ᠠ ᠨᠢᠭᠡᠴᠢ᠂ ᠰᠠᠯᠠᠭ᠎ᠠ ᠮᠥᠴᠢᠷ᠂ ᠭᠤᠣᠯ ᠤᠳᠤᠷᠢᠳᠤᠯᠭ᠎ᠠ ᠵᠢᠴᠢ ᠪᠠᠭ ᠤᠨ ᠪᠦᠷᠢᠯᠳᠦᠬᠦᠨ᠂ ᠺᠠᠳ᠋ᠷ᠂ ᠤᠯᠠᠨ ᠲᠦᠮᠡᠨ ᠵᠡᠷᠭᠡ ᠡᠲᠡᠭᠡᠳ ᠲᠠᠢ ᠶᠠᠷᠢᠯᠴᠠᠬᠤ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠬᠢᠨᠠᠨ ᠰᠢᠯᠭᠠᠬᠤ ᠠᠵᠢᠯ ᠤᠨ ᠬᠠᠨᠳᠤᠯᠭᠠᠲᠤ ᠴᠢᠨᠠᠷ᠂ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠲᠤᠷᠰᠢᠯᠭ᠎ᠠ ᠬᠢᠳᠡᠯ ᠢᠶᠠᠨ ᠴᠠᠭ ᠲᠤᠬᠠᠢ ᠳᠤ ᠨᠢ ᠳ᠋ᠦᠩᠨᠡᠵᠦ᠂ ᠬᠠᠮᠢᠶ᠎ᠠ ᠪᠦᠬᠦᠢ ᠲᠠᠩᠰᠠ ᠡᠪᠬᠡᠮᠡᠯ ᠤᠨ ᠮᠠᠲ᠋ᠧᠷᠢᠶᠠᠯ ᠢ ᠴᠠᠭ ᠲᠤᠬᠠᠢ ᠳᠤ ᠨᠢ ᠳ᠋ᠦᠩᠨᠡᠵᠦ᠂ ᠶᠡᠷᠦᠩᠬᠡᠢ ᠱᠦᠵᠢ ᠶᠢᠨ ᠥᠪᠥᠷ ᠮᠤᠩᠭᠤᠯ ᠳᠤ ᠲᠤᠰᠢᠶᠠᠭᠰᠠᠨ ᠡᠭᠦᠷᠬᠡ ᠶᠢ ᠰᠠᠶᠢᠨ ᠪᠡᠶᠡᠯᠡᠭᠦᠯᠵᠦ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠬᠠᠷᠢᠴᠠᠭᠤᠯᠭ᠎ᠠ ᠶᠢ ᠪᠠᠳᠠᠷᠠᠭᠤᠯᠵᠦ᠂ ᠭᠥᠴᠦᠨ ᠢᠶᠠᠨ ᠡᠷᠭᠦᠰᠦᠭᠡᠢ᠃︵ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠡᠰᠢᠭ ᠮᠡᠳᠡᠭᠡᠯᠡᠪᠡ︶ 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ