ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠤᠯᠠᠭᠠᠨᠮᠥ᠋ᠴᠢᠷ ᠤᠷᠠᠨ ᠰᠠᠶᠢᠬᠠᠨ ᠤ ᠲᠣᠬᠤᠨᠢᠭᠤᠯᠬᠤ ᠲᠣᠭᠯᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2023/12/4
      ᠤᠶᠢᠷ᠎ᠠ ᠶᠢᠨ ᠡᠳᠦᠷ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠪᠤᠳᠠᠳᠠᠶᠢᠵᠢᠭᠤᠯᠬᠤ᠂ ᠴᠠᠭᠳᠠᠭ᠎ᠠ ᠶᠢᠨ ᠪᠦᠯᠬᠦᠮᠳᠡᠯ ᠢ ᠴᠢᠩᠭᠠᠳᠬᠠᠬᠤ᠂ ᠤᠶᠤᠨ ᠰᠠᠨᠠᠭᠠᠨ ᠤ ᠬᠦᠴᠦᠨ ᠢ ᠤᠯᠠᠮ ᠴᠢᠨᠠᠭᠰᠢᠳᠠ ᠨᠡᠮᠡᠷᠢᠯᠡᠬᠦ ᠶᠢᠨ ᠲᠥᠯᠥᠭᠡ᠂ ᠰᠢᠯᠢ ᠶᠢᠨ ᠭᠤᠤᠯ ᠠᠶᠢᠮᠠᠭ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠤᠷᠠᠨ ᠰᠠᠶᠢᠬᠠᠨ ᠤ ᠲᠣᠬᠤᠨᠢᠭᠤᠯᠬᠤ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ᠃
微信图片_20231124100637.jpg   
     ᠲᠣᠭᠯᠠᠯᠲᠠ ᠨᠢ ︽ᠪᠠᠶᠠᠨᠳᠡᠯᠭᠡᠷ︾ ᠤᠨ ᠳᠤᠮᠳᠠ ᠬᠥᠰᠢᠭᠡ ᠪᠠᠨ ᠰᠡᠬᠦᠨ᠂ ᠳᠠᠭᠤᠤ ︽ᠨᠠᠶᠢᠵᠠ︾ ᠨᠢ ᠲᠤᠬᠠᠶ ᠶᠢᠨ ᠲᠠᠯᠠᠪᠤᠷ ᠤᠨ ᠠᠭᠤᠷ ᠠᠮᠢᠰᠬᠤᠯ ᠢ ᠣᠷᠭᠢᠯ ᠳᠤ ᠨᠢ ᠬᠦᠷᠭᠡᠵᠦ᠂ ᠭᠤᠶᠢᠳᠠ ᠰᠠᠶᠢᠬᠠᠨ ᠲᠣᠭᠯᠠᠯᠲᠠ ᠠᠯᠬᠤᠮ ᠳᠠᠷᠠᠭ᠎ᠠ ᠲᠠᠢ ᠶᠠᠪᠤᠭᠳᠠᠨ᠂ ᠲᠤᠬᠠᠶ ᠶᠢᠨ ᠲᠠᠯᠠᠪᠤᠷ ᠲᠤ ᠨᠢᠵᠢᠭᠢᠨᠡᠲᠡᠯ᠎ᠡ ᠠᠯᠠᠭ᠎ᠠ ᠲᠡᠰᠢᠵᠦ᠂ ᠪᠠᠶᠠᠷ ᠪᠠᠶᠠᠰᠬᠤᠯᠠᠩ ᠢᠶᠠᠷ ᠪᠢᠯᠬᠠᠪᠠ᠃ ᠳᠠᠭᠤᠤ ᠪᠥᠵᠢᠭ ᠤᠨ ᠳᠠᠭᠤᠨ ᠢᠶᠠᠷ ᠬᠠᠶᠢᠷ᠎ᠠ ᠰᠡᠳᠬᠢᠯᠭᠡ ᠶᠢ ᠳᠠᠮᠵᠢᠭᠤᠯᠵᠤ᠂ ᠴᠠᠭᠳᠠᠭ᠎ᠠ ᠶᠢ ᠬᠠᠯᠠᠮᠵᠢᠯᠠᠨ᠂ ᠴᠠᠭᠳᠠᠭ᠎ᠠ ᠶᠢ ᠬᠠᠶᠢᠷᠠᠯᠠᠨ ᠰᠡᠳᠬᠢᠯ ᠢ ᠨᠢᠭᠳᠠᠷᠠᠭᠤᠯᠪᠠ᠃
微信图片_20231124100638.jpg  
     ᠲᠣᠬᠤᠨᠢᠭᠤᠯᠬᠤ ᠲᠣᠭᠯᠠᠯᠲᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠤᠯᠠᠨ ᠶᠠᠩᠵᠤ ᠶᠢᠨ᠂ ᠭᠤᠶᠢᠳᠠ ᠰᠠᠶᠢᠬᠠᠨ ᠲᠣᠭᠯᠠᠯᠲᠠ ᠶᠢ ᠦᠨᠳᠦᠰᠦᠨ ᠱᠠᠲᠤᠨ ᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠳᠡᠷᠭᠡᠳᠡ ᠬᠦᠷᠭᠡᠵᠦ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠳᠤ ᠵᠣᠬᠢᠶᠠᠨ ᠪᠠᠶᠢᠭᠤᠯᠤᠯᠲᠠ ᠶᠢᠨ ᠭᠦᠨ ᠵᠤᠵᠠᠭᠠᠨ ᠬᠠᠯᠠᠮᠵᠢᠯᠠᠯ ᠢ ᠭᠦᠨᠵᠡᠭᠡᠢ ᠳᠠᠮᠵᠢᠭᠤᠯᠤᠨ᠂ ᠴᠤᠭ ᠰᠦᠯᠳᠡ ᠶᠢ ᠨᠢ ᠤᠯᠠᠮ ᠨᠢᠭᠡ ᠠᠯᠬᠤᠮ ᠪᠠᠳᠠᠷᠠᠭᠤᠯᠵᠤ᠂ ᠡᠷᠴᠢ ᠵᠣᠷᠢᠭ ᠢ ᠨᠢ ᠤᠯᠠᠮ ᠬᠥᠪᠴᠢᠯᠡᠨ᠂ ᠨᠡᠩ ᠡᠷᠡᠮᠡᠬᠡᠶᠢᠯᠡᠨ ᠤᠷᠤᠭᠰᠢᠯᠠᠬᠤ ᠵᠣᠷᠢᠭ ᠰᠠᠨᠠᠭ᠎ᠠ᠂ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠦᠢᠯᠡᠰ ᠤᠨ ᠴᠢᠨᠠᠷ ᠰᠠᠶᠢᠲᠠᠢ ᠬᠥᠭᠵᠢᠯᠲᠡ᠂ ᠠᠷᠠᠳ ᠲᠦᠮᠡᠨ ᠤ ᠠᠮᠤᠷ ᠲᠣᠭᠲᠠᠭᠤᠨ᠂ ᠨᠡᠶᠢᠭᠡᠮ ᠤᠨ ᠠᠮᠤᠷ ᠲᠣᠭᠲᠠᠭᠤᠨ ᠳᠤ ᠬᠦᠴᠦᠨ ᠴᠢᠳᠠᠯ ᠢᠶᠠᠨ ᠡᠷᠭᠦᠬᠦ ᠶᠢ ᠤᠷᠮᠠᠰᠢᠭᠤᠯᠪᠠ᠃ ︵ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠡᠰᠢᠭ ᠮᠡᠳᠡᠭᠡᠯᠡᠪᠡ︶ 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ