ᠲᠤᠯᠤᠨ ᠨᠠᠭᠤᠷ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠠᠭᠳᠠᠭᠠᠨ ᠤ ᠶᠠᠪᠤᠳᠠᠯ ᠤᠨ ᠲᠤᠰᠠᠯᠠᠬᠤ ᠠᠵᠢᠯᠲᠠᠨ ᠤ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2023/12/4
     11 ᠳ᠋ᠦ᠋ᠭᠡᠷ ᠰᠠᠷ᠎ᠠ ᠶᠢᠨ 22 ᠤᠨ ᠡᠳᠦᠷ᠂ ᠰᠢᠯᠢ ᠶᠢᠨ ᠭᠤᠤᠯ ᠠᠶᠢᠮᠠᠭ ᠤᠨ ᠲᠤᠯᠤᠨ ᠨᠠᠭᠤᠷ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠭᠳᠠᠭᠠᠨ ᠤ ᠶᠠᠪᠤᠳᠠᠯ ᠤᠨ ᠲᠤᠰᠠᠯᠠᠬᠤ ᠠᠵᠢᠯᠲᠠᠨ ᠤ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢᠨ ᠨᠢᠭᠡᠳᠦᠭᠡᠷ ᠬᠤᠭᠤᠴᠠᠭᠠᠨ ᠤ ᠪᠣᠯᠪᠠᠰᠤᠷᠠᠯ ᠤᠨ ᠠᠩᠭᠢ ᠡᠬᠢᠯᠡᠵᠦ᠂ 50 ᠭᠠᠷᠤᠶ ᠴᠠᠭᠳᠠᠭᠠᠨ ᠤ ᠶᠠᠪᠤᠳᠠᠯ ᠤᠨ ᠲᠤᠰᠠᠯᠠᠬᠤ ᠠᠵᠢᠯᠲᠠᠨ ᠪᠣᠯᠪᠠᠰᠤᠷᠠᠯ ᠳᠤ ᠣᠷᠤᠯᠴᠠᠪᠠ᠃
警务人员业务培训.jpg    
     ᠲᠤᠰ ᠤᠳᠠᠭ᠎ᠠ ᠶᠢᠨ ᠪᠣᠯᠪᠠᠰᠤᠷᠠᠯ ᠢ ᠲᠤᠯᠤᠨ ᠨᠠᠭᠤᠷ ᠰᠢᠶᠠᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠶᠢᠨ ᠨᠠᠮ ᠤᠨ ᠬᠤᠷᠢᠶ᠎ᠠ ᠳᠡᠭᠡᠲᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠣᠯᠪᠠᠰᠤᠷᠠᠯ ᠤᠨ ᠠᠭᠤᠯᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠪᠠᠶᠢᠷᠢᠯᠠᠭᠤᠯᠵᠤ᠂ ᠪᠣᠳᠠᠲᠤ ᠳᠠᠶᠢᠨ ᠳᠤ ᠦᠢᠯᠡᠴᠢᠯᠡᠬᠦ᠂ ᠪᠣᠳᠠᠲᠤ ᠬᠡᠷᠡᠭᠴᠡᠭᠡ ᠳᠤ ᠣᠶᠢᠷᠠᠳᠬᠤ᠂ ᠪᠣᠳᠠᠲᠤ ᠦᠷ᠎ᠡ ᠪᠦᠲᠦᠮᠵᠢ ᠶᠢ ᠲᠤᠪᠤᠶᠢᠯᠭᠠᠬᠤ ᠡᠭᠦᠳᠡᠨ ᠠᠴᠠ ᠰᠤᠷᠤᠯᠴᠠᠬᠤ ᠲᠥᠯᠥᠪᠯᠡᠭᠡ ᠲᠣᠭᠲᠠᠭᠠᠵᠤ᠂ ᠰᠤᠷᠤᠯᠴᠠᠬᠤ ᠠᠭᠤᠯᠭ᠎ᠠ ᠶᠢ ᠲᠣᠭᠲᠠᠭᠠᠪᠠ᠃ ᠲᠣᠪᠴᠢᠶ᠎ᠠ ᠶᠢᠨ ᠡᠯ᠎ᠡ ᠴᠠᠭᠳᠠᠭᠠᠨ ᠤ ᠲᠥᠷᠥᠯ ᠤᠨ ᠲᠤᠰᠬᠠᠶ ᠮᠡᠷᠭᠡᠵᠢᠯ ᠤᠨ ᠭᠤᠣᠯᠯᠠᠭᠴᠢ ᠠᠷᠠᠳ ᠤᠨ ᠴᠠᠭᠳᠠᠭ᠎ᠠ ᠶᠢ ᠤᠷᠢᠵᠤ᠂ ᠠᠯᠪᠠᠨ ᠪᠢᠴᠢᠭ ᠤᠨ ᠵᠣᠬᠢᠶᠠᠨ ᠪᠢᠴᠢᠯᠭᠡ᠂ ᠰᠦᠯᠵᠢᠶᠡᠨ ᠤ ᠠᠮᠤᠷ ᠲᠦᠪᠰᠢᠨ ᠤ ᠬᠥᠮᠦᠵᠢᠯ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠬᠤ ᠲᠠᠶᠢᠯᠤᠮᠵᠢ᠂ ᠪᠣᠯᠪᠠᠰᠤᠷᠠᠭᠤᠯᠤᠯ ᠳᠤ ᠬᠢᠴᠢᠶᠡᠯ ᠤᠨ ᠲᠠᠩᠬᠢᠮ ᠤᠨ ᠲᠠᠶᠢᠯᠤᠮᠵᠢ᠂ ᠬᠡᠷᠡᠭ ᠤᠨ ᠵᠢᠱᠢᠶ᠎ᠡ ᠶᠢᠨ ᠵᠠᠳᠠᠯᠤᠯᠲᠠ᠂ ᠰᠣᠯᠢᠯᠴᠠᠨ ᠶᠠᠷᠢᠯᠴᠠᠬᠤ ᠵᠡᠷᠭᠡ ᠣᠯᠠᠨ ᠵᠦᠢᠯ ᠤᠨ ᠬᠡᠯᠪᠡᠷᠢ ᠶᠢ ᠠᠪᠴᠤ᠂ ᠪᠣᠯᠪᠠᠰᠤᠷᠠᠭᠤᠯᠤᠯ ᠳᠤ ᠣᠷᠣᠯᠴᠠᠭᠰᠠᠨ ᠠᠵᠢᠯᠲᠠᠳ ᠢ ᠬᠠᠪᠰᠤᠷᠤᠨ ᠬᠠᠮᠢᠶ᠎ᠠ ᠪᠥᠬᠦᠶ ᠮᠡᠳᠡᠯᠭᠡ ᠤᠷ᠎ᠠ ᠴᠢᠳᠠᠪᠤᠷᠢ ᠶᠢ ᠭᠦᠨᠵᠡᠭᠡᠶ ᠣᠶᠢᠯᠠᠭᠠᠭᠤᠯᠵᠤ᠂ ᠴᠠᠭᠳᠠᠭᠠᠨ ᠤ ᠶᠠᠪᠤᠳᠠᠯ ᠤᠨ ᠲᠤᠰᠠᠯᠠᠬᠤ ᠠᠵᠢᠯᠲᠠᠨ ᠤ ᠶᠡᠷᠦᠩᠬᠡᠶ ᠬᠡᠪ ᠴᠢᠨᠠᠷ ᠢ ᠪᠥᠬᠦ ᠲᠠᠯ᠎ᠠ ᠪᠠᠷ᠂ ᠣᠯᠠᠨ ᠲᠠᠰ ᠳᠠᠪᠬᠤᠷᠭ᠎ᠠ ᠪᠠᠷ ᠳᠡᠭᠡᠭᠰᠢᠯᠡᠭᠦᠯᠵᠦ᠂ ᠠᠵᠢᠯ ᠤᠨ ᠪᠠᠶᠢᠷᠢ ᠶᠢᠨ ᠬᠡᠷᠡᠭᠴᠡᠭᠡ ᠳᠤ ᠨᠠᠩ ᠰᠠᠶᠢᠲᠤᠷ ᠵᠣᠬᠢᠴᠠᠭᠤᠯᠬᠤ ᠶᠢ ᠪᠠᠲᠤᠯᠠᠪᠠ᠃     ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠰᠤᠷᠤᠭᠴᠢᠳ ᠤᠨ ᠬᠡᠯᠡᠬᠦ ᠪᠠᠷ᠂ ᠲᠤᠰ ᠤᠳᠠᠭᠠᠨ ᠤ ᠪᠣᠯᠪᠠᠰᠤᠷᠠᠯ ᠳᠤ ᠪᠠᠭ᠎ᠠ ᠪᠤᠰᠤ ᠣᠯᠤᠯᠲᠠ ᠲᠠᠢ ᠪᠠᠶᠢᠵᠤ᠂ ᠲᠡᠳᠡᠨ ᠳᠤ ᠮᠠᠰᠢ ᠤᠯᠠᠨ ᠰᠢᠨ᠎ᠡ ᠲᠤᠬᠠᠶᠢᠯᠠᠭᠰᠠᠨ ᠠᠵᠢᠯ ᠤᠨ ᠮᠡᠳᠡᠯᠭᠡ ᠪᠠ ᠴᠠᠭᠳᠠᠭᠠᠨ ᠤ ᠶᠠᠪᠤᠳᠠᠯ ᠤᠨ ᠮᠡᠷᠭᠡᠵᠢᠯ ᠴᠢᠳᠠᠪᠤᠷᠢ ᠶᠢ ᠡᠵᠡᠮᠰᠢᠭᠦᠯᠦᠭᠰᠡᠨ ᠢᠶᠠᠷ ᠪᠠᠷᠠᠬᠤ ᠦᠭᠡᠢ ᠪᠠᠰᠠ ᠥᠪᠡᠷ ᠤᠨ ᠡᠭᠦᠷᠭᠡᠯᠡᠵᠦ ᠪᠠᠶᠢᠭ᠎ᠠ ᠬᠠᠷᠢᠭᠤᠴᠠᠯᠭ᠎ᠠ ᠪᠠ ᠡᠭᠦᠷᠭᠡ ᠪᠠᠨ ᠭᠦᠨᠵᠡᠭᠡᠶ ᠣᠶᠢᠯᠠᠭᠠᠭᠤᠯᠵᠤ᠂ ᠴᠠᠭᠳᠠᠭᠠᠨ ᠤ ᠠᠵᠢᠯ ᠢ ᠲᠤᠰᠠᠯᠠᠬᠤ ᠠᠵᠢᠯ ᠤᠨ ᠴᠢᠬᠤᠯᠠ ᠴᠢᠨᠠᠷ ᠪᠠ ᠪᠡᠷᠬᠡ ᠬᠠᠲᠠᠭᠤᠵᠢᠯᠲᠤ ᠴᠢᠨᠠᠷ ᠢ ᠨᠡᠩ ᠭᠦᠨᠵᠡᠭᠡᠶ ᠣᠶᠢᠯᠠᠭᠠᠭᠤᠯᠵᠤ᠂ ᠬᠤᠶᠢᠰᠢᠳᠠ ᠶᠢᠨ ᠠᠵᠢᠯ ᠤᠨ ᠳᠤᠮᠳᠠ ᠪᠠᠨ ᠲᠤᠬᠠᠶᠢᠯᠠᠭᠰᠠᠨ ᠠᠵᠢᠯ ᠤᠨ ᠮᠡᠳᠡᠯᠭᠡ ᠶᠢ ᠴᠢᠷᠮᠠᠶᠢᠨ ᠰᠤᠷᠤᠯᠴᠠᠵᠤ᠂ ᠲᠤᠬᠠᠶᠢᠯᠠᠭᠰᠠᠨ ᠠᠵᠢᠯ ᠳᠤ ᠪᠠᠨ ᠢᠳᠡᠪᠬᠢᠲᠡᠶ ᠣᠷᠣᠯᠴᠠᠵᠤ᠂ ᠳᠠᠷᠤᠤ ᠬᠢᠴᠢᠶᠡᠩᠭᠦᠶ ᠣᠪᠣᠷ ᠢ ᠪᠠᠷᠢᠮᠲᠠᠯᠠᠨ᠂ ᠡᠭᠦᠷᠭᠡ ᠲᠤᠰᠢᠶᠠᠯ ᠢᠶᠠᠨ ᠦᠨᠡᠨᠴᠢ ᠪᠠᠷ ᠭᠦᠢᠴᠡᠳᠬᠡᠵᠦ᠂ ᠠᠷᠢᠭᠤᠨ ᠴᠢᠬᠡᠴᠢ ᠪᠠᠷ ᠴᠠᠭᠳᠠᠭᠠᠨ ᠤ ᠠᠵᠢᠯ ᠢ ᠬᠢᠬᠦ ᠦᠨᠡᠨ ᠬᠦ ᠤᠷᠮᠠᠰᠢᠭᠤᠯᠪᠠ᠃ 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ