11 ᠳ᠋ᠦ᠋ᠭᠡᠷ ᠰᠠᠷ᠎ᠠ ᠶᠢᠨ 22 ᠤᠨ ᠡᠳᠦᠷ᠂ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ | ᠭᠦᠨᠵᠡᠭᠡᠶ ᠠᠬᠢᠭᠤᠯᠬᠤ᠂ ᠮᠥᠩᠭᠦᠨ ᠭᠦᠢᠯᠭᠡᠭᠡᠨ ᠤ ᠠᠵᠢᠯ ᠲᠥᠷᠥᠯ ᠤᠨ ᠡᠯ᠎ᠡ ᠲᠥᠷᠥᠯ ᠤᠨ ᠬᠦᠴᠦᠷᠬᠡᠭᠯᠡᠯ ᠰᠦᠷᠳᠡᠭᠦᠯᠦᠯ ᠤᠨ ᠬᠡᠷᠡᠭ ᠪᠠ ᠭᠡᠨᠡᠳᠲᠡ ᠶᠢᠨ ᠬᠡᠷᠡᠭ ᠢ | ᠠᠷᠭᠠᠴᠠᠬᠤ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠰᠢᠯᠢ ᠶᠢᠨ ᠭᠤᠤᠯ ᠠᠶᠢᠮᠠᠭ ᠤᠨ ᠲᠤᠯᠤᠨ ᠨᠠᠭᠤᠷ ᠰᠢᠶᠠᠨ ᠤ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠸᠧᠶ ᠰᠢᠨ ᠬᠠᠷᠠᠵᠤ ᠲᠡᠭᠡᠭᠡᠪᠦᠷᠢᠯᠡᠬᠦ ᠺᠣᠮᠫᠠᠨᠢ ᠲᠠᠢ ᠬᠠᠮᠲᠤᠷᠠᠨ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠡᠵᠡᠩᠨᠡᠯᠲᠡ ᠶᠢᠨ | ᠭᠠᠵᠠᠷ ᠲᠤ ᠰᠦᠷᠳᠡᠭᠦᠯᠦᠯ ᠢ ᠰᠡᠷᠭᠡᠶᠢᠯᠡᠨ ᠬᠦᠴᠦᠷᠬᠡᠭᠯᠡᠯ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠰᠣᠷᠢᠯᠲᠠ ᠬᠢᠪᠡ᠃ | | | | ᠰᠣᠷᠢᠯᠲᠠ ᠶᠢᠨ ᠳᠠᠭᠤᠷᠢᠶᠠᠮᠠᠯ ᠪᠠᠶᠢᠳᠠᠯ ᠭᠡᠪᠡᠯ᠂ ᠵᠣᠭᠤᠰ ᠬᠠᠷᠠᠵᠤ ᠲᠡᠭᠡᠭᠡᠪᠦᠷᠢᠯᠡᠬᠦ ᠺᠣᠮᠫᠠᠨᠢ ᠶᠢᠨ ᠵᠣᠭᠤᠰ ᠵᠥᠭᠡᠭᠡᠬᠦ ᠲᠡᠷᠭᠡ ᠳᠤᠮᠳᠠᠳᠤ ᠤᠯᠤᠰ ᠤᠨ | ᠲᠠᠷᠢᠶᠠᠯᠠᠩ ᠤᠨ ᠪᠠᠩᠬᠢ ᠶᠢᠨ ᠡᠵᠡᠩᠨᠡᠯᠲᠡ ᠶᠢᠨ ᠭᠠᠵᠠᠷ ᠤᠨ ᠡᠭᠦᠳᠡᠨ ᠳᠤ ᠬᠦᠷᠭᠡᠭᠰᠡᠨ ᠳᠤ᠂ ᠵᠣᠭᠤᠰ ᠬᠠᠷᠠᠵᠤ ᠵᠥᠭᠡᠭᠡᠪᠦᠷᠢᠯᠡᠭᠴᠢ ᠡᠷᠭᠢᠨ ᠲᠣᠭᠤᠷᠢᠨ ᠤ | ᠪᠠᠶᠢᠳᠠᠯ ᠤᠨ ᠠᠮᠤᠷ ᠲᠦᠪᠰᠢᠨ ᠢ ᠨᠤᠲᠠᠯᠠᠭᠰᠠᠨ ᠤ ᠳᠠᠷᠠᠭ᠎ᠠ᠂ ᠵᠣᠭᠤᠰ ᠭᠠᠷᠭᠠᠵᠤ ᠠᠪᠤᠭᠴᠢ ᠶᠢᠨ ᠵᠣᠭᠤᠰ ᠭᠠᠷᠭᠠᠵᠤ ᠠᠪᠬᠤ ᠬᠠᠶᠢᠷᠴᠠᠭ ᠢᠶᠠᠨ ᠲᠡᠷᠭᠡ ᠠᠴᠠ | ᠪᠠᠭᠤᠯᠭᠠᠬᠤ ᠦᠶ᠎ᠡ ᠳᠤ᠂ ᠨᠢᠭᠡᠨ ︽ᠳᠡᠭᠡᠷᠡᠮ︾ ᠭᠡᠨᠡᠳᠲᠡ ᠳᠠᠯᠳᠠᠭᠤᠷ ᠳᠠᠭᠠᠷᠢᠨ ᠭᠠᠷᠴᠤ ᠢᠷᠡᠭᠡᠳ ᠬᠢᠲᠤᠭ᠎ᠠ ᠵᠡᠪᠰᠡᠭ ᠪᠠᠷᠢᠵᠤ ᠵᠣᠭᠤᠰ ᠭᠠᠷᠭᠠᠵᠤ ᠠᠪᠤᠭᠴᠢ ᠶᠢᠨ | ᠭᠠᠷ ᠲᠠᠬᠢ ᠵᠣᠭᠤᠰ ᠤᠨ ᠬᠠᠶᠢᠷᠴᠠᠭ ᠢ ᠪᠤᠯᠢᠶᠠᠨ ᠳᠡᠭᠡᠷᠡᠮᠳᠡᠬᠦ ᠭᠡᠰᠡᠨ ᠳᠤ᠂ ᠵᠣᠭᠤᠰ ᠵᠥᠭᠡᠭᠡᠬᠦ ᠲᠡᠷᠭᠡᠨ ᠤ ᠵᠢᠯᠣᠭᠤᠴᠢ ᠲᠡᠷᠡ ᠳᠠᠷᠤᠶ ᠳᠤ ᠨᠢ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠦᠯ ᠢ ᠡᠬᠢᠯᠡᠨ ᠬᠡᠷᠡᠭᠵᠢᠭᠦᠯᠦᠭᠰᠡᠨ ᠪᠥᠭᠡᠳ ᠴᠠᠭᠳᠠᠭ᠎ᠠ ᠳᠤ ᠮᠡᠳᠡᠭᠦᠯᠵᠡᠶ᠃ ᠲᠥᠭᠰᠢᠭᠦᠷᠢ ᠮᠡᠳᠡᠭᠦᠯᠦᠯᠳᠡ ᠶᠢ ᠣᠯᠤᠭᠰᠠᠨ ᠤ ᠲᠠᠷᠠᠭ᠎ᠠ᠂ | ᠮᠠᠨ ᠤ ᠲᠣᠪᠴᠢᠶ᠎ᠠ ᠦᠳᠲᠡᠷ ᠲᠦᠷᠭᠡᠨ ᠢᠶᠠᠷ ᠴᠠᠭᠳᠠᠭᠠᠨ ᠤ ᠬᠦᠴᠦᠨ ᠢ ᠵᠣᠬᠢᠶᠠᠨ ᠪᠠᠶᠢᠭᠤᠯᠵᠤ ᠲᠤᠬᠠᠶ ᠶᠢᠨ ᠲᠠᠯᠠᠪᠤᠷ ᠲᠤ ᠣᠴᠢᠭᠤᠯᠤᠨ ᠲᠡᠭᠡᠭᠡᠪᠦᠷᠢ ᠶᠢ ᠬᠠᠷᠠᠵᠤ | ᠶᠠᠪᠤᠬᠤ ᠬᠥᠮᠦᠰ ᠲᠠᠢ ᠬᠠᠮᠵᠢᠯᠴᠠᠵᠤ᠂ ᠳᠡᠯᠪᠡᠷᠡᠯᠲᠡ ᠶᠢ ᠰᠡᠷᠭᠡᠶᠢᠯᠡᠬᠦ ᠪᠠᠮᠪᠠᠢ᠂ ᠪᠠᠷᠢᠪᠴᠢᠯᠠᠬᠤ ᠪᠠᠭᠠᠵᠢ᠂ ᠵᠡᠪᠰᠡᠭ ᠵᠡᠷᠭᠡ ᠴᠠᠭᠳᠠᠭᠠᠨ ᠤ ᠵᠡᠪᠰᠡᠭ ᠲᠣᠨᠣᠭᠯᠠᠯ ᠢ | ᠠᠰᠢᠭᠯᠠᠨ ︽ᠳᠡᠭᠡᠷᠡᠮ︾ ᠢ ᠠᠮᠵᠢᠯᠲᠠ ᠲᠠᠢ ᠪᠠᠷ ᠨᠣᠮᠣᠬᠠᠳᠬᠠᠪᠠ᠃ | ᠲᠣᠰ ᠤᠳᠠᠭᠠᠨ ᠤ ᠰᠣᠷᠢᠯᠲᠠ ᠳᠤ ᠪᠠᠩᠬᠢ ᠶᠢᠨ ᠮᠥᠩᠭᠦᠨ ᠭᠦᠢᠯᠭᠡᠭᠡᠨ ᠤ ᠦᠢᠯᠡᠰ ᠤᠨ ᠠᠮᠤᠷ ᠢ ᠬᠠᠮᠠᠭᠠᠯᠠᠬᠤ ᠠᠵᠢᠯᠲᠠᠨ ᠤ ᠭᠡᠨᠡᠳᠲᠡ ᠶᠢᠨ ᠬᠡᠷᠡᠭ ᠢ | ᠠᠷᠭᠠᠴᠠᠬᠤ ᠳᠤ ᠬᠠᠮᠵᠢᠯᠴᠠᠨ ᠪᠠᠶᠢᠯᠳᠤᠬᠤ᠂ ᠲᠦᠷᠭᠡᠨ ᠰᠢᠢᠳᠪᠦᠷᠢᠯᠡᠬᠦ ᠴᠢᠳᠠᠪᠤᠷᠢ ᠪᠠ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠢᠱᠢᠭᠰᠡᠨ | ᠦᠷ᠎ᠡ ᠪᠦᠲᠦᠮᠵᠢ ᠶᠢ ᠣᠯᠤᠭᠰᠠᠨ ᠪᠠᠶᠢᠪᠠ᠃ | |