ᠾᠧ ᠲᠢᠶᠠᠨ᠂ ᠡᠮᠡᠭᠲᠡᠶ᠂ 1989 ᠣᠨ ᠳᠤ ᠳᠦᠷᠦᠵᠡᠶ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ 2016 ᠣᠨ ᠳᠤ ᠳᠣᠲᠣᠭᠠᠳᠤ ᠶᠢ | ᠬᠠᠮᠠᠭᠠᠯᠠᠬᠤ ᠠᠵᠢᠯ ᠳᠤ ᠣᠷᠣᠯᠴᠠᠵᠤ᠂ ᠣᠲᠣ ᠪᠠᠶᠠᠨᠨᠠᠭᠤᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠰᠠᠯᠪᠤᠷᠢ ᠠᠩᠭᠢ ᠶᠢᠨ ᠤᠬᠠᠭᠤᠯᠬᠤ ᠰᠠᠯᠠᠭᠠᠨ ᠤ ᠬᠠᠪᠰᠤᠷᠤᠭᠴᠢ ᠴᠠᠭᠳᠠᠭ᠎ᠠ ᠪᠣᠯᠣᠨ᠎ᠠ᠃ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠠᠵᠢᠯ ᠳᠤ ᠣᠷᠣᠯᠴᠠᠭᠰᠠᠨ 7 ᠵᠢᠯ ᠤᠨ ᠬᠤᠭᠤᠴᠠᠭᠠᠨ ᠳᠤ᠂ ᠾᠧ ᠲᠢᠶᠠᠨ ᠤᠷᠢᠳ ᠬᠤᠵᠢᠳ ︽ᠪᠥᠬᠦ ᠣᠷᠣᠨ ᠤ ᠠᠷᠪᠠᠨ ᠰᠢᠯᠢᠳᠡᠭ ᠵᠠᠮ ᠬᠠᠷᠢᠯᠴᠠᠭᠠᠨ ᠤ | ᠴᠠᠭᠳᠠᠭ᠎ᠠ ᠶᠢᠨ ᠬᠠᠤᠯᠢ ᠬᠡᠷᠡᠭᠵᠢᠭᠦᠯᠦᠯᠲᠡ ᠶᠢᠨ ᠰᠢᠭᠤᠳ ᠨᠡᠪᠲᠡᠷᠡᠭᠦᠯᠭᠡ ᠶᠢᠨ ᠬᠦᠲᠦᠯᠦᠭᠴᠢ︾ ︽2021 ᠣᠨ ᠤ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠰᠢᠯᠢᠳᠡᠭ ᠴᠢᠮᠡᠭᠡᠯᠡᠭᠴᠢ︾ ︽2021 ᠣᠨ ᠤ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠢᠯᠢᠳᠡᠭ ᠬᠠᠪᠰᠤᠷᠤᠭᠴᠢ | ᠴᠠᠭᠳᠠᠭ᠎ᠠ︾ ᠪᠠᠷ ᠦᠨᠡᠯᠡᠭᠳᠡᠵᠦ᠂ ᠬᠤᠶᠠᠷ ᠵᠢᠯ ᠳᠠᠷᠠᠭᠠᠯᠠᠨ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠳᠤ | ︽ᠪᠥᠬᠦ ᠣᠷᠣᠨ ᠤ ᠠᠷᠪᠠᠨ ᠰᠢᠯᠢᠳᠡᠭ ᠣᠬᠤᠷ ᠸᠢᠳᠢᠣ᠋ ᠶᠢᠨ ᠴᠢᠮᠡᠭᠡᠯᠡᠭᠴᠢ︾ ᠪᠠᠷ ᠦᠨᠡᠯᠡᠭᠳᠡᠵᠦ᠂ ︽ᠵᠠᠮ ᠬᠠᠷᠢᠯᠴᠠᠭᠠᠨ ᠤ ᠴᠠᠭᠳᠠᠭ᠎ᠠ ᠾᠧ ᠲᠢᠶᠠᠨ︾ ᠨᠢᠭᠡᠨᠲᠡ | ᠪᠠᠶᠠᠨᠨᠠᠭᠤᠷ ᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ ᠶᠢᠨ ᠤᠬᠠᠭᠤᠯᠭ᠎ᠠ ᠶᠢᠨ ᠨᠡᠷ᠎ᠡ ᠶᠢᠨ ᠬᠠᠭᠤᠳᠠᠰᠤ ᠪᠣᠯᠵᠠᠶ᠃ | ᠨᠢᠭᠡ᠂ ᠵᠠᠮ ᠬᠠᠷᠢᠯᠴᠠᠭᠠᠨ ᠤ ᠠᠮᠤᠷ ᠲᠦᠪᠰᠢᠨ ᠤ ︽ᠤᠬᠠᠭᠤᠯᠤᠭᠴᠢ︾ | ︽ᠤᠯᠠᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠨᠢ ᠪᠢᠳᠡᠨ ᠤ ᠵᠠᠶᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠶᠤᠮ︾᠃ | ᠾᠧ ᠲᠢᠶᠠᠨ ᠠᠵᠢᠯ ᠳᠤ ᠪᠠᠨ ᠬᠢᠨᠠᠮᠠᠭᠠᠶ ᠬᠠᠷᠢᠭᠤᠴᠠᠵᠤ᠂ ᠪᠦᠲᠦᠭᠡᠯᠴᠢ ᠴᠢᠳᠠᠪᠤᠷᠢ ᠪᠠᠷ ᠨᠡᠯᠢᠶᠡᠳ ᠴᠢᠩᠭ᠎ᠠ ᠪᠠᠶᠢᠵᠤ᠂ ᠤᠬᠠᠭᠤᠯᠤᠨ ᠬᠥᠮᠦᠵᠢᠭᠦᠯᠬᠦ ᠬᠡᠯᠪᠡᠷᠢ ᠶᠢ | ᠴᠢᠷᠮᠠᠶᠢᠨ ᠪᠠᠶᠠᠯᠢᠭᠵᠢᠭᠤᠯᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢ ᠬᠥᠮᠦᠰ ᠤᠨ ᠰᠡᠳᠬᠢᠯ ᠳᠤ ᠲᠠᠰᠤᠷᠠᠯᠲᠠ ᠦᠭᠡᠢ ᠬᠦᠨᠵᠡᠭᠡᠶᠢᠷᠡᠬᠦᠯᠣᠭ᠍ᠰᠡᠨ | ᠪᠠᠶᠢᠨ᠎ᠠ᠃ ᠤᠶᠢᠷ᠎ᠠ ᠳᠤ᠂ ᠲᠡᠭᠦᠨ ᠤ ᠭᠤᠣᠯ ᠣᠷᠣᠯᠴᠠᠨ ᠬᠠᠷᠢᠭᠤᠴᠠᠵᠤ ᠪᠠᠶᠢᠭ᠎ᠠ ︽ᠪᠢ ᠪᠣᠯᠤᠨ ᠪᠠᠶᠠᠨᠨᠠᠭᠤᠷ ᠤᠨ ᠵᠠᠮ ᠬᠠᠷᠢᠯᠴᠠᠭᠠᠨ ᠤ ᠴᠠᠭᠳᠠᠭ᠎ᠠ ᠴᠢᠮ᠎ᠠ ᠶᠢ | ᠲᠤᠭᠤᠯᠠᠭ᠎ᠠ ᠵᠡᠭᠦᠬᠦ ᠶᠢ ᠰᠠᠨᠠᠭᠤᠯᠵᠤ — ᠪᠣᠯᠪᠠᠰᠤᠨ ᠢᠶᠠᠷ ᠶᠠᠪᠤᠵᠤ ᠰᠠᠭᠤᠨ ᠵᠠᠮ ᠬᠠᠷᠢᠯᠴᠠᠭᠠᠨ ᠤ ᠴᠠᠭᠳᠠᠭᠠᠨ ᠤ ᠪᠢᠴᠢᠬᠠᠨ ᠪᠠᠭᠠᠪᠠᠭᠠᠢ ᠣᠯᠬᠤ︾ ᠠᠵᠢᠯᠯᠠᠭᠠᠨ ᠤ | ᠰᠦᠯᠵᠢᠶᠡᠨ ᠤ ᠶᠠᠷᠢᠶᠠᠨ ᠤ ᠲᠠᠪᠴᠠᠩ ᠤᠨ ᠬᠠᠯᠠᠮᠰᠢᠯ ᠬᠡᠮᠵᠢᠶ᠎ᠡ ᠨᠢ 50 ᠲᠦᠮᠡ ᠶᠢ ᠳᠠᠪᠠᠵᠤ᠂ ᠨᠡᠶᠢᠭᠡᠮ ᠤᠨ ᠡᠯ᠎ᠡ ᠡᠲᠡᠭᠡᠳ ᠤᠨ ᠣᠯᠠᠨ ᠲᠦᠮᠡᠨ ᠥᠷᠭᠡᠨ ᠢᠶᠠᠷ | ᠣᠷᠣᠯᠴᠠᠵᠠᠢ᠃ ᠳᠣᠲᠣᠭᠠᠳᠤ ᠶᠢ ᠬᠠᠮᠠᠭᠠᠯᠠᠬᠤ ᠶᠠᠮᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ︽ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠤ ᠠᠶᠠᠯᠠᠯ︾ ᠤᠨ ᠪᠥᠬᠦ ᠤᠯᠤᠰ ᠤᠨ ᠲᠣᠭᠤᠷᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠳᠤ ᠣᠷᠣᠯᠴᠠᠬᠤ ᠳᠤ᠂ ᠾᠧ ᠲᠢᠶᠠᠨ ᠶᠡᠭᠡ ᠬᠡᠮᠵᠢᠶᠡᠨ ᠤ | ᠰᠦᠯᠵᠢᠶᠡᠨ ᠤ ᠠᠨᠳᠠ ᠶᠢᠨ ᠮᠠᠭᠲᠠᠭᠠᠯ ᠰᠠᠶᠢᠰᠢᠶᠠᠯ ᠢ ᠣᠯᠣᠭᠰᠠᠨ ᠪᠠᠶᠢᠨ᠎ᠠ᠃ ᠳᠣᠲᠣᠭᠠᠳᠤ ᠶᠢ ᠬᠠᠮᠠᠭᠠᠯᠠᠬᠤ ᠠᠵᠢᠯ ᠳᠤ ᠣᠷᠣᠯᠴᠠᠭᠰᠠᠨ ᠠᠴᠠ ᠨᠠᠭᠠᠰᠢ᠂ ᠾᠧ ᠲᠢᠶᠠᠨ | ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠳᠤ 100 ᠭᠠᠷᠤᠶ ᠤᠳᠠᠭ᠎ᠠ ᠣᠷᠣᠯᠴᠠᠵᠤ᠂ ᠣᠯᠠᠨ ᠲᠦᠮᠡᠨ ᠤ ᠵᠠᠮ | ᠬᠠᠷᠢᠯᠴᠠᠭᠠᠨ ᠤ ᠠᠮᠤᠷ ᠲᠦᠪᠰᠢᠨ ᠤ ᠬᠡᠪ ᠪᠣᠯᠪᠠᠰᠤᠷᠠᠯ ᠪᠠ ᠵᠠᠮ ᠬᠠᠷᠢᠯᠴᠠᠭᠠᠨ ᠤ ᠪᠣᠯᠪᠠᠰᠤᠨ ᠤ ᠤᠬᠠᠮᠰᠠᠷ ᠢ ᠳᠡᠭᠡᠭᠰᠢᠯᠡᠭᠦᠯᠪᠡ᠃ ᠲᠡᠷᠡ ᠪᠠᠰᠠ 200 ᠭᠠᠷᠤᠶ ᠵᠠᠮ | ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠣᠬᠤᠷ ᠹᠢᠯᠢᠮ ᠢ ᠢᠳᠡᠪᠬᠢᠲᠡᠶ ᠲᠦᠯᠤᠪᠯᠡᠨ ᠰᠡᠭᠦᠳᠡᠷᠯᠡᠵᠦ᠂ ᠨᠡᠪᠲᠡᠷᠡᠭᠦᠯᠦᠭᠰᠡᠨ ᠶᠡᠷᠦᠩᠬᠡᠶ ᠬᠡᠮᠵᠢᠶ᠎ᠡ | ᠳ᠋ᠦᠩᠰᠢᠭᠤᠷ ᠢ ᠬᠡᠲᠦᠷᠡᠭᠰᠡᠨ ᠰᠠᠶᠢᠨ ᠬᠢᠷᠢ ᠪᠦᠲᠦᠮᠵᠢ ᠤᠯᠪᠠ᠃ | ᠬᠤᠶᠠᠷ᠂ ᠤᠬᠠᠭᠤᠯᠭ᠎ᠠ ᠶᠢᠨ ᠹᠷᠤᠨᠲ ᠤᠨ ᠬᠢᠨ ︽ᠬᠠᠰᠢᠷ ᠭᠠᠷ︾ | ᠾᠧ ᠲᠢᠶᠠᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠲᠤᠬᠠᠶᠢᠯᠠᠭᠰᠠᠨ ᠠᠵᠢᠯ ᠤᠨ ᠮᠡᠳᠡᠯᠭᠡ ᠶᠢ ᠨᠠᠷᠢᠨ | ᠬᠢᠨᠠᠮᠠᠭᠠᠶ ᠰᠤᠷᠤᠯᠴᠠᠵᠤ᠂ ᠥᠪᠡᠷ ᠤᠨ ᠲᠧᠯᠸᠢᠰ ᠬᠤᠷᠢᠶᠠᠨ ᠤ ᠬᠦᠲᠦᠯᠦᠭᠴᠢ ᠶᠢᠨ ᠠᠵᠢᠯ ᠤᠨ ᠲᠤᠷᠰᠢᠯᠭ᠎ᠠ ᠲᠠᠢ ᠪᠠᠨ ᠤᠶᠠᠯᠳᠤᠭᠤᠯᠤᠨ᠂ ᠰᠦᠯᠵᠢᠶᠡᠨ ᠤ ᠰᠢᠭᠤᠳ | ᠨᠡᠪᠲᠡᠷᠡᠭᠦᠯᠭᠡ ᠶᠢᠨ ᠬᠡᠯᠪᠡᠷᠢ ᠪᠠᠷ ᠵᠠᠭᠤ ᠭᠠᠷᠤᠶ ᠲᠠᠯᠠᠪᠤᠷ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠬᠡᠷᠡᠭᠵᠢᠭᠦᠯᠦᠯᠲᠡ ᠶᠢᠨ ᠤᠬᠠᠭᠤᠯᠭ᠎ᠠ ᠶᠢᠨ ᠰᠢᠭᠤᠳ | ᠨᠡᠪᠲᠡᠷᠡᠭᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠨᠡᠶᠢᠲᠡ 1.3 ᠳ᠋ᠦᠩᠰᠢᠭᠤᠷ ᠬᠥᠮᠦᠨ ᠤᠳᠠᠭ᠎ᠠ ᠰᠣᠨᠢᠷᠬᠠᠪᠠ᠃ ᠲᠡᠷᠡ ᠪᠠᠰᠠ ᠳᠣᠲᠣᠭᠠᠳᠤ ᠶᠢ ᠬᠠᠮᠠᠭᠠᠯᠠᠬᠤ | ᠶᠠᠮᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠲᠣᠪᠴᠢᠶ᠎ᠠ ᠶᠢᠨ ᠬᠠᠮᠲᠤᠷᠠᠭᠰᠠᠨ ᠰᠢᠭᠤᠳ ᠨᠡᠪᠲᠡᠷᠡᠭᠦᠯᠭᠡ ᠳᠤ ᠣᠯᠠᠨᠲᠠ ᠣᠷᠣᠯᠴᠠᠪᠠ᠃ 2020 ᠣᠨ ᠳᠤ ᠾᠧ ᠲᠢᠶᠠᠨ ᠲᠥᠪ ᠤᠨ ᠤᠬᠠᠭᠤᠯᠬᠤ ᠬᠡᠯᠲᠡᠰ ᠪᠣᠯᠤᠨ | ᠳᠣᠲᠣᠭᠠᠳᠤ ᠶᠢ ᠬᠠᠮᠠᠭᠠᠯᠠᠬᠤ ᠶᠠᠮᠤᠨ ᠤ ᠰᠢᠭᠤᠳ ᠨᠡᠪᠲᠡᠷᠡᠭᠦᠯᠬᠦ ᠲᠠᠨᠢᠯᠴᠠᠭᠤᠯᠬᠤ ᠠᠵᠢᠯᠯᠠᠭ᠎ᠠ ᠶᠢᠨ ᠬᠥᠲᠥᠯᠦᠭᠴᠢ ᠪᠣᠯᠵᠤ᠂ ᠪᠦᠬᠦ ᠤᠯᠤᠰ ᠤᠨ ᠰᠦᠯᠵᠢᠶᠡᠨ ᠤ | ᠨᠠᠶᠢᠵᠠ ᠨᠠᠷ ᠲᠤ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠬᠤᠶᠠᠳᠤᠭᠠᠷ ᠳᠡᠰ ᠤᠨ ᠪᠠᠭᠠᠲᠤᠷ ᠵᠢᠱᠢᠶᠡᠴᠢ᠂ ᠬᠤᠲᠠ ᠶᠢᠨ ᠳᠣᠲᠣᠭᠠᠳᠤ ᠶᠢ | ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ ᠰᠠᠯᠪᠤᠷᠢ ᠠᠩᠭᠢ ᠶᠢᠨ ᠭᠠᠭᠴᠠᠮᠣᠳᠣ ᠶᠡᠭᠡ ᠠᠩᠭᠢ ᠶᠢᠨ ᠵᠢᠭᠠᠨ ᠵᠢᠯᠣᠭᠤᠳᠣᠭᠴᠢ ᠰᠡᠷᠭᠦᠯᠡᠩ ᠨᠦᠬᠦᠷ ᠢ | ᠭᠦᠢᠴᠡᠳ ᠰᠠᠶᠢᠬᠠᠨ ᠳᠠᠨᠢᠯᠴᠠᠭᠤᠯᠣᠭᠰᠠᠨ ᠪᠠᠶᠢᠨ᠎ᠠ᠃ ᠲᠣᠰ ᠤᠳᠠᠭᠠᠨ ᠤ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠶᠢ ᠰᠠᠶᠢᠲᠤᠷ ᠡᠷᠬᠢᠯᠠᠨ᠂ ᠨᠠᠩ ᠣᠯᠠᠨ | ᠰᠦᠯᠵᠢᠶᠡᠨ ᠠᠨᠳᠠ ᠨᠠᠷ ᠲᠤ ᠰᠡᠷᠬᠦᠯᠡᠩ ᠤᠨ ᠠᠵᠢᠯ ᠤᠨ ᠣᠷᠴᠢᠨ ᠲᠣᠭᠤᠷᠢᠨ ᠢ ᠦᠨᠡᠨ ᠬᠦ ᠣᠶᠢᠯᠠᠭᠠᠭᠤᠯᠬᠤ ᠶᠢᠨ ᠲᠥᠯᠥᠭᠡ᠂ ᠲᠡᠷᠡ ᠰᠠᠨᠠᠭᠠᠴᠢᠯᠠᠭ᠎ᠠ ᠠᠴᠠ ᠪᠠᠨ | ᠪᠠᠶᠢᠭᠠᠯᠢ ᠶᠢᠨ ᠨᠥᠬᠦᠴᠡᠯ ᠪᠠᠷᠣᠭᠲᠠᠢ ᠭᠠᠭᠴᠠᠮᠣᠳᠣ ᠬᠢᠯᠢ ᠶᠢᠨ ᠪᠣᠭᠤᠮᠲᠠ ᠶᠢᠨ ᠠᠵᠢᠯ ᠠᠮᠢᠳᠤᠷᠠᠯ ᠤᠨ ᠤᠷᠴᠢᠨ ᠳᠤ ᠬᠤᠶᠠᠷ ᠰᠠᠷ᠎ᠠ ᠰᠢᠬᠠᠮ ᠪᠣᠯᠵᠣ᠂ | ᠡᠴᠦᠰ ᠲᠤ ᠪᠠᠨ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠰᠦᠯᠵᠢᠶᠡᠨ ᠳᠡᠭᠡᠷ᠎ᠡ 100 ᠲᠦᠮᠡ ᠭᠠᠷᠤᠶ ᠬᠥᠮᠦᠨ | ᠤᠳᠠᠭ᠎ᠠ ᠦᠵᠡᠵᠦ᠂ ᠰᠦᠯᠵᠢᠶᠡᠨ ᠠᠨᠳᠠ ᠨᠠᠷ ᠤᠨ ᠮᠠᠭᠳᠠᠭᠠᠯ ᠰᠠᠶᠢᠰᠢᠶᠠᠯ ᠢ ᠣᠯᠪᠠ᠃ | | | | | | ᠭᠤᠷᠪᠠ᠂ ᠴᠠᠭᠳᠠᠭᠠᠨ ᠬᠤᠸᠠᠷᠠᠨ ᠤ ᠦᠯᠢᠭᠡᠷ ᠤᠨ ︽ᠳᠠᠭᠤ ᠳᠠᠮᠵᠢᠭᠤᠯᠣᠭᠴᠢ︾ | ︽ᠪᠢᠳᠡ ᠰᠡᠬᠦᠳᠡᠷᠯᠡᠬᠦ ᠮᠠᠰᠢᠨ ᠬᠢᠭᠡᠳ ᠪᠢᠷ ᠤᠨ ᠦᠵᠦᠭᠦᠷ ᠢᠶᠠᠨ ᠨᠢᠭᠡᠳᠦᠭᠡᠷ ᠹᠷᠣᠨᠲ ᠤᠨ ᠠᠷᠠᠳ ᠤᠨ ᠬᠠᠪᠰᠤᠷᠤᠭᠴᠢ ᠴᠠᠭᠳᠠᠭ᠎ᠠ ᠳᠤ ᠲᠥᠪᠯᠡᠷᠡᠭᠦᠯᠵᠦ᠂ | ᠦᠪᠡᠷ ᠤᠨ ᠴᠢᠳᠠᠯ ᠤᠨ ᠬᠢᠷᠢ ᠪᠠᠷ ᠢᠶᠠᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ ᠶᠢᠨ ᠢᠳᠡᠪᠬᠢ ᠬᠦᠴᠦᠨ ᠢ ᠳᠠᠮᠵᠢᠭᠤᠯᠬᠤ | ᠬᠡᠷᠡᠭᠲᠡᠢ ᠁︾ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠤᠭᠴᠢ ᠪᠣᠯᠤᠭᠰᠠᠨ ᠤ ᠬᠤᠪᠢ ᠳᠤ᠂ ᠾᠧ ᠲᠢᠶᠠᠨ ᠵᠠᠮ ᠬᠠᠷᠢᠯᠴᠠᠭᠠᠨ ᠤ ᠠᠮᠤᠷ ᠲᠦᠪᠰᠢᠨ ᠢ | ᠬᠠᠮᠠᠭᠠᠯᠠᠬᠤ ᠠᠵᠢᠯ ᠢ ᠡᠭᠦᠷᠭᠡᠯᠡᠬᠦ ᠶᠢᠨ ᠬᠠᠮᠲᠤ ᠢᠳᠡᠪᠬᠢᠲᠡᠶ ᠪᠠᠷ ᠠᠷᠠᠳ ᠤᠨ ᠴᠠᠭᠳᠠᠭ᠎ᠠ ᠲᠠᠢ ᠬᠠᠮᠲᠤ ᠪᠠᠶᠢᠯᠳᠤᠵᠤ᠂ ᠤᠬᠠᠭᠤᠯᠭ᠎ᠠ ᠶᠢᠨ ᠪᠣᠷᠣ ᠮᠠᠲ᠋ᠧᠷᠢᠶᠠᠯ ᠢ | ᠴᠤᠭᠯᠠᠭᠤᠯᠤᠨ ᠪᠢᠴᠢᠵᠦ᠂ ᠣᠯᠠᠨ ᠡᠬᠡ ᠪᠢᠴᠢᠭ ᠢ ᠲᠥᠪ ᠲᠧᠯᠸᠢᠰ ᠤᠨ ︽ᠥᠨᠥᠳᠦᠷ ᠤᠨ ᠬᠠᠤᠯᠢ ᠶᠢᠨ ᠲᠠᠶᠢᠯᠪᠤᠷᠢᠯᠠᠭᠠ︾᠂ ︽ᠠᠮᠢ ᠨᠠᠰᠤ︾ ᠪᠤᠯᠤᠩ ᠪᠠ | ︽ᠠᠷᠠᠳ ᠤᠨ ᠳᠣᠲᠣᠭᠠᠳᠤ ᠶᠢ ᠬᠠᠮᠠᠭᠠᠯᠠᠬᠤ ᠰᠣᠨᠢᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠭᠠᠷᠠᠭ ᠤᠨ ᠰᠡᠳᠬᠦᠯ︾ ᠵᠡᠷᠭᠡ ᠤᠯᠤᠰ ᠤᠨ ᠲᠠᠰ ᠤᠨ ᠡᠷᠬᠡ | ᠰᠦᠷᠲᠦ ᠵᠠᠭᠤᠴᠢᠯᠠᠭᠤᠷ ᠲᠤ ᠨᠡᠶᠢᠳᠡᠯᠡᠭᠳᠡᠭᠰᠡᠨ ᠪᠠᠶᠢᠨ᠎ᠠ᠃ ᠲᠡᠷᠡ ᠪᠠᠰᠠ ᠦᠷᠭᠦᠯᠵᠢ ᠬᠠᠮᠲᠤ ᠠᠵᠢᠯᠯᠠᠭᠰᠠᠳ ᠲᠠᠢ ᠪᠠᠨ ᠮᠠᠰᠢᠨ ᠲᠡᠷᠭᠡ ᠪᠠᠷ ᠬᠡᠳᠦᠨ ᠵᠠᠭᠤᠨ | ᠺᠢᠯᠣᠮᠧᠲᠷ ᠶᠠᠪᠤᠵᠤ᠂ ᠮᠠᠯᠵᠢᠬᠤ ᠣᠷᠣᠨ ᠳᠤ ᠭᠦᠨᠵᠡᠭᠡᠶᠢᠷᠡᠨ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠮᠠᠯᠴᠢᠳ ᠤᠨ | ᠮᠠᠳᠠᠭ ᠲᠠᠢ ᠠᠰᠠᠭᠤᠳᠠᠯ ᠢ ᠬᠦᠯᠢᠴᠡᠩᠭᠦᠢ ᠪᠠᠷ ᠬᠠᠷᠢᠭᠤᠯᠵᠤ᠂ ᠲᠡᠳᠡᠨ ᠳᠤ ︽ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123︾ APP ᠶᠢᠨ ᠬᠡᠷᠡᠭᠯᠡᠯᠲᠡ ᠶᠢ | ᠰᠠᠶᠢᠲᠣᠷ ᠵᠢᠭᠠᠵᠦ᠂ ᠮᠠᠯᠴᠢᠳ ᠢ ᠬᠠᠪᠰᠤᠷᠤᠨ ᠰᠦᠯᠵᠢᠶᠡᠨ ᠳᠡᠭᠡᠷ᠎ᠡ ᠡᠯ᠎ᠡ ᠲᠥᠷᠥᠯ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠬᠠᠢ ᠬᠡᠷᠡᠭᠴᠡᠭᠡᠲᠦ ᠠᠵᠢᠯ ᠢ | ᠬᠢᠯᠭᠡᠵᠦ᠂ ᠲᠡᠳᠡᠨ ᠳᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠰᠢᠨ᠎ᠡ ᠠᠷᠭ᠎ᠠ ᠬᠡᠮᠵᠢᠶ᠎ᠡ ᠶᠢᠨ ᠠᠪᠴᠢᠷᠠᠭᠰᠠᠨ ᠳᠥᠭᠦᠮ ᠪᠠ ᠲᠦᠷᠭᠡᠨ ᠪᠠᠶᠢᠳᠠᠯ ᠢ ᠦᠨᠡᠨ ᠬᠦ | ᠮᠡᠳᠡᠷᠡᠭᠦᠯᠪᠡ᠃ | |