11 ᠰᠠᠷ᠎ᠠ ᠶᠢᠨ 19 ᠤ ᠡᠳᠦᠷ᠂ ᠪᠠᠶᠠᠨᠨᠠᠭᠤᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠭᠳᠠᠭᠠᠨ ᠤ ᠪᠡᠶ᠎ᠡ ᠶᠢᠨ ᠲᠠᠮᠢᠷ ᠤᠨ | ᠴᠤᠭᠯᠠᠭᠠᠨ ᠢᠳᠡ ᠬᠦᠴᠦ ᠲᠠᠢ ᠴᠠᠭᠳᠠᠭᠠᠨ ᠤ ᠳᠠᠭᠤᠨ ᠤ ᠳᠤᠮᠳᠠ ᠲᠡᠭᠦᠰ ᠠᠮᠵᠢᠯᠲᠠ ᠲᠠᠢ ᠥᠨᠳᠥᠷᠯᠡᠪᠡ᠃ ᠲᠣᠰ ᠤᠳᠠᠭᠠᠨ ᠤ ᠪᠡᠶ᠎ᠡ ᠶᠢᠨ ᠲᠠᠮᠢᠷ ᠤᠨ | ᠴᠤᠭᠯᠠᠭᠠᠨ ᠳᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠠᠶᠢᠭᠤᠯᠭ᠎ᠠ ᠵᠢᠴᠢ ᠬᠤᠶᠠᠳᠤᠭᠠᠷ ᠳᠡᠰ ᠤᠨ ᠨᠢᠭᠡᠴᠢ᠂ ᠡᠯ᠎ᠡ ᠬᠤᠰᠢᠭᠤ ᠰᠢᠶᠠᠨ | ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ 9 ᠲᠥᠯᠥᠭᠡᠯᠡᠭᠴᠢᠳ ᠤᠨ | ᠠᠩᠭᠢ ᠶᠢᠨ 200 ᠭᠠᠷᠤᠶ ᠲᠠᠮᠢᠷᠴᠢᠨ ᠢᠳᠡᠪᠬᠢᠲᠡᠶ ᠣᠷᠣᠯᠴᠠᠵᠤ᠂ ᠤᠷᠤᠯᠳᠤᠭᠠᠨ ᠳᠤ ᠣᠷᠣᠯᠴᠠᠭᠰᠠᠨ ᠬᠥᠮᠦᠨ ᠤ ᠲᠤᠭ᠎ᠠ ᠨᠢ ᠥᠩᠭᠡᠷᠡᠭᠰᠡᠨ ᠵᠢᠯ ᠤᠳ ᠲᠠᠢ | ᠠᠳᠠᠯᠢᠳᠬᠠᠪᠠᠯ ᠬᠠᠮᠤᠭ ᠬᠠᠮᠤᠭ ᠠᠷᠪᠢᠨ ᠪᠠᠶᠢᠪᠠ᠃ ᠲᠤᠰ ᠤᠳᠠᠭᠠᠨ ᠤ ᠤᠷᠤᠯᠳᠤᠭᠠᠨ ᠳᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠣᠯᠠᠨ | ᠲᠠᠮᠢᠷᠴᠢᠨ ᠢ ᠰᠣᠩᠭᠤᠨ ᠰᠠᠯᠪᠤᠷᠢ ᠠᠩᠭᠢ ᠶᠢ ᠲᠦᠯᠦᠭᠡᠯᠠᠨ ᠤᠷᠤᠯᠳᠤᠭᠠᠨ ᠳᠤ ᠣᠷᠣᠯᠴᠠᠭᠤᠯᠵᠤ᠂ ᠪᠠᠴᠢᠮ ᠶᠠᠭᠠᠷᠠᠯᠲᠠᠶ᠂ ᠬᠤᠷᠴᠠ ᠰᠢᠷᠦᠭᠦᠨ ᠤᠷᠤᠯᠳᠤᠭᠠᠨ ᠤ | ᠲᠠᠯᠠᠪᠤᠷ ᠤᠨ ᠥᠷᠢᠰᠥᠯᠳᠦᠭᠡᠨ ᠢᠶᠠᠷ ᠳᠡᠮᠵᠢᠨ᠂ ᠤᠷᠤᠯᠳᠤᠭᠠᠨ ᠳᠤ ᠣᠷᠣᠯᠴᠠᠭᠰᠠᠳ ᠬᠦᠴᠦᠷᠬᠡᠭ ᠠᠴᠠ ᠠᠶᠤᠬᠤ ᠥᠬᠡᠶ᠂ ᠡᠷᠡᠯᠬᠡᠭᠯᠡᠨ ᠲᠡᠮᠡᠴᠡᠵᠦ᠂ ᠥᠪᠡᠷ | ᠥᠪᠡᠷ ᠤᠨ ᠴᠤᠭ ᠵᠢᠪᠬᠤᠭ᠎ᠠ ᠪᠠᠨ ᠪᠠᠳᠠᠷᠠᠭᠤᠯᠤᠨ᠂ ᠤᠳᠠᠭ᠎ᠠ ᠳᠠᠷᠠᠭᠠᠯᠠᠨ ᠰᠢᠯᠢᠳᠡᠭ ᠠᠮᠵᠢᠯᠲᠠ ᠡᠭᠦᠳᠪᠡ᠃ | ᠤᠷᠤᠯᠳᠤᠭᠠᠨ ᠳᠤ᠂ ᠪᠠᠶᠠᠨᠨᠠᠭᠤᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ | ᠠᠩᠭᠢ ᠶᠢᠨ ᠲᠥᠯᠥᠭᠡᠯᠡᠭᠴᠢᠳ ᠤᠨ ᠠᠩᠭᠢ ᠥᠲᠥᠨ ᠪᠥᠮᠪᠦᠭᠡ ᠶᠢᠨ ᠡᠷᠡᠭᠲᠡᠢ ᠶᠢᠨ ᠬᠤᠣᠰᠯᠠᠯ᠂ ᠡᠮᠡᠭᠲᠡᠢ ᠶᠢᠨ ᠬᠤᠣᠰᠯᠠᠯ᠂ ᠡᠷᠡᠭᠲᠡᠢ ᠡᠮᠡᠭᠲᠡᠢ ᠶᠢᠨ ᠬᠤᠣᠰᠯᠠᠯ | ᠵᠢᠴᠢ ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡ ᠶᠢᠨ ᠤᠷᠤᠯᠳᠤᠭᠠᠨ ᠤ ᠮᠠᠩᠯᠠᠢ ᠳᠤ ᠨᠢ ᠲᠣᠳᠣᠷᠠᠵᠤ᠂ ᠶᠡᠷᠦᠩᠬᠡᠢ ᠬᠢᠷᠢ ᠪᠦᠲᠦᠮᠵᠢ ᠪᠠᠷ ᠬᠤᠶᠠᠳᠤᠭᠠᠷ ᠲᠤ | ᠵᠢᠭᠰᠠᠭᠠᠭᠳᠠᠪᠠ᠃ ᠤᠷᠤᠯᠳᠤᠭᠠᠨ ᠤ ᠳᠠᠷᠠᠭ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠨᠠᠮ ᠤᠨ ᠬᠤᠷᠢᠶᠠᠨ ᠤ ᠱᠦᠵᠢ᠂ ᠰᠠᠯᠪᠤᠷᠢ | ᠠᠩᠭᠢ ᠶᠢᠨ ᠳᠠᠷᠤᠭ᠎ᠠ ᠠᠰᠬ᠎ᠠ ᠤᠷᠤᠯᠳᠤᠭᠠᠨ ᠳᠤ ᠣᠷᠣᠯᠴᠠᠭᠰᠠᠳ ᠲᠤ ᠪᠠᠶᠠᠷ ᠬᠦᠷᠭᠡᠬᠦ ᠶᠢᠨ ᠬᠠᠮᠲᠤ᠄ ︽ᠤᠷᠤᠯᠳᠤᠭᠠᠨ ᠳᠤ ᠣᠷᠣᠯᠴᠠᠭᠰᠠᠳ ᠤᠨ ᠡᠨᠡ ᠬᠡᠳᠦᠨ | ᠡᠳᠦᠷ ᠤᠨ ᠰᠢᠷᠭᠠᠭᠤ ᠴᠢᠷᠮᠠᠶᠢᠯᠭ᠎ᠠ ᠳᠤ ᠲᠠᠯᠠᠷᠬᠠᠵᠤ ᠪᠠᠶᠢᠨ᠎ᠠ᠂ ᠲᠠ ᠨᠠᠷ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠢᠰᠲ᠋ᠧᠮ ᠤᠨ ᠡᠭᠦᠷᠢᠳᠡ ᠬᠠᠶᠠᠬᠤ ᠦᠭᠡᠢ | ᠵᠣᠷᠢᠭ ᠰᠠᠨᠠᠭ᠎ᠠ ᠪᠣᠯᠤᠨ ᠵᠣᠷᠢᠭᠲᠠᠶ ᠪᠠᠷ ᠲᠡᠮᠡᠴᠡᠬᠦ ᠰᠠᠶᠢᠨ ᠰᠠᠶᠢᠬᠠᠨ ᠰᠤᠷᠲᠠᠯ ᠢ ᠪᠠᠳᠠᠷᠠᠭᠤᠯᠣᠭᠰᠠᠨ ᠪᠠᠶᠢᠨ᠎ᠠ︕ ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠰᠠᠯᠪᠤᠷᠢ ᠠᠩᠭᠢ ᠶᠢᠨ ᠡᠯ᠎ᠡ ᠵᠦᠢᠯ ᠤᠨ ᠠᠵᠢᠯ ᠨᠢ ᠲᠤᠰ ᠤᠳᠠᠭᠠᠨ ᠤ ᠴᠠᠭᠳᠠᠭᠠᠨ ᠤ ᠲᠠᠮᠢᠷ ᠤᠨ ᠴᠤᠭᠯᠠᠭᠠᠨ ᠲᠠᠢ ᠠᠳᠠᠯᠢ ᠪᠠᠷ ᠦᠷᠬᠦᠯᠵᠢᠯᠠᠨ ᠵᠣᠷᠢᠭᠳᠠᠢ | ᠴᠢᠷᠮᠠᠶᠢᠵᠦ᠂ ᠰᠢᠯᠢᠳᠡᠭ ᠠᠮᠵᠢᠯᠲᠠ ᠣᠯᠬᠤ ᠪᠠᠷ ᠡᠷᠡᠮᠡᠬᠡᠶᠢᠯᠡᠨ ᠲᠡᠮᠡᠴᠡᠬᠦ ᠬᠡᠷᠡᠭᠲᠡᠢ︾ ᠭᠡᠵᠦ ᠴᠢᠬᠤᠯᠠᠴᠢᠯᠠᠪᠠ᠃ | | | |