ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠨᠢᠭᠡᠨ ᠪᠦᠯᠦᠭᠯᠡᠯ ᠤᠨ ᠬᠤᠯᠠᠭᠠᠶᠢᠯᠠᠭᠰᠠᠨ ᠬᠡᠷᠡᠭ ᠢ ᠠᠮᠵᠢᠯᠲᠠ ᠲᠠᠢ ᠪᠠᠷ ᠢᠯᠡᠷᠡᠭᠦᠯᠪᠡ
ᠨᠡᠶᠢᠲᠡᠯᠡᠭᠰᠡᠨ ᠴᠠᠭ᠄
2023/12/8
      ᠣᠶᠢᠷ᠎ᠠ ᠳᠤ᠂ ᠳᠤᠮᠳᠠᠳᠤ ᠤᠯᠤᠰ ᠤᠨ ᠨᠢᠭᠡᠳᠦᠭᠡᠷ ᠲᠡᠮᠦᠷ ᠪᠣᠯᠪᠠᠰᠤᠷᠠᠭᠤᠯᠬᠤ ᠪᠦᠯᠦᠭᠯᠡᠯ ᠤᠨ ᠬᠤᠸᠠ ᠷᠦᠨ ᠴᠠᠬᠢᠯᠭᠠᠨ ᠬᠦᠴᠦᠨ ᠤ ᠠᠪᠠᠭ᠎ᠠ ᠬᠤᠰᠢᠭᠤᠨ ᠤ ᠪᠡᠯᠭᠦᠳᠡᠢ ᠶᠢᠨ 500MW ᠰᠠᠯᠬᠢᠨ ᠬᠦᠴᠦᠨ ᠤ ᠴᠠᠬᠢᠯᠭᠠᠨ ᠤ ᠢᠨᠵᠧᠨᠧᠷᠢᠩ ᠤᠨ ᠬᠡᠯᠲᠡᠰ ᠤᠨ ᠬᠠᠷᠢᠭᠤᠴᠠᠯᠭᠠᠲᠠᠨ ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠤ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ ᠪᠣᠯᠤᠨ ᠪᠡᠯᠭᠦᠳᠡᠢ ᠳᠠᠬᠢ ᠲᠣᠮᠢᠯᠠᠭᠰᠠᠨ ᠰᠠᠯᠪᠤᠷᠢ ᠳᠤ ᠬᠤᠶᠠᠷ ᠬᠡᠮᠡᠷᠯᠢᠭ ᠲᠤᠭ ᠪᠣᠯᠤᠨ ᠪᠤᠰᠤᠳ ᠲᠣᠬᠤᠨᠢᠭᠤᠯᠬᠤ ᠡᠳ᠋ ᠪᠣᠳᠠᠰ ᠬᠦᠷᠭᠡᠭᠡᠳ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠲᠣᠰ ᠢᠨᠵᠧᠨᠧᠷᠢᠩ ᠤᠨ ᠬᠡᠯᠲᠡᠰ ᠲᠤ ᠬᠤᠯᠪᠣᠭᠳᠠᠭᠰᠠᠨ ᠴᠠᠬᠢᠯᠭᠠᠨ ᠳᠡᠭᠡᠰᠦ ᠬᠤᠯᠠᠭᠠᠶᠢᠯᠠᠭᠰᠠᠨ ᠰᠢᠷᠢᠰ ᠬᠡᠷᠡᠭ ᠢ ᠲᠦᠷᠭᠡᠨ ᠳᠡᠩᠨᠡᠨ ᠢᠯᠡᠷᠡᠭᠦᠯᠦᠭᠰᠡᠨ ᠵᠢᠴᠢ ᠲᠣᠰ ᠠᠵᠤ ᠠᠬᠤᠶᠢᠯᠠᠯ ᠤᠨ ᠬᠥᠭᠵᠢᠯᠲᠡ ᠶᠢ ᠬᠠᠮᠠᠭᠠᠯᠠᠭᠰᠠᠨ ᠳᠤ ᠲᠠᠯᠠᠷᠬᠠᠵᠤ ᠪᠠᠶᠢᠭ᠎ᠠ ᠰᠡᠳᠬᠢᠯᠭᠡ ᠪᠠᠨ ᠢᠯᠡᠳᠬᠡᠪᠡ᠃
供稿1 图1.jpg
      2023 ᠣᠨ ᠤ 10 ᠰᠠᠷ᠎ᠠ ᠶᠢᠨ 3 ᠤ ᠡᠳᠦᠷ᠂ ᠰᠢᠯᠢ ᠶᠢᠨ ᠭᠤᠣᠯ ᠠᠶᠢᠮᠠᠭ ᠤᠨ ᠠᠪᠠᠭ᠎ᠠ ᠬᠤᠰᠢᠭᠤᠨ ᠤ ᠬᠤᠸᠠ ᠷᠦᠨ ᠴᠠᠬᠢᠯᠭᠠᠨ ᠬᠦᠴᠦᠨ ᠤ ᠢᠨᠵᠧᠨᠧᠷᠢᠩ ᠤᠨ ᠬᠡᠯᠲᠡᠰ ᠤᠨ ᠠᠵᠢᠯᠲᠠᠨ ᠬᠡᠷᠡᠭ ᠮᠡᠳᠡᠭᠦᠯᠦᠭᠡᠳ᠂ ᠰᠠᠯᠬᠢᠨ ᠬᠦᠴᠦᠨ ᠤ ᠴᠠᠬᠢᠯᠭᠠᠨ ᠤ ᠢᠨᠵᠧᠨᠧᠷᠢᠩ ᠤᠨ ᠪᠠᠷᠢᠯᠭ᠎ᠠ ᠶᠢᠨ ᠭᠠᠵᠠᠷ ᠤᠨ F66 ᠨᠣᠮᠧᠷ ᠤᠨ ᠮᠠᠰᠢᠨ ᠤ ᠪᠠᠶᠢᠷᠢ ᠶᠢᠨ ᠴᠠᠬᠢᠯᠭᠠᠨ ᠳᠡᠭᠡᠰᠦ ᠬᠤᠯᠠᠭᠠᠶᠢᠯᠠᠭᠳᠠᠵᠤ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ ᠨᠢ 20 ᠭᠠᠷᠤᠶ ᠲᠦᠮᠡᠨ ᠲᠥᠭᠦᠷᠢᠭ ᠲᠤ ᠬᠦᠷᠴᠦ᠂ ᠺᠣᠮᠫᠠᠨᠢ ᠶᠢᠨ ᠬᠡᠪ ᠤᠨ ᠪᠠᠷᠢᠯᠭ᠎ᠠ ᠶᠢᠨ ᠠᠬᠢᠴᠠ ᠳᠤ ᠬᠦᠨᠳᠦ ᠨᠣᠴᠢᠲᠠᠶ ᠨᠥᠯᠥᠭᠡ ᠦᠵᠡᠭᠦᠯᠦᠭᠰᠡᠨ ᠪᠠᠶᠢᠨ᠎ᠠ ᠭᠡᠵᠡᠶ᠃ ᠬᠡᠷᠡᠭ ᠤᠨ ᠦᠨᠳᠦᠰᠦᠨ ᠪᠠᠶᠢᠳᠠᠯ ᠢ ᠡᠵᠡᠮᠰᠢᠭᠰᠡᠨ ᠤ ᠳᠠᠷᠠᠭ᠎ᠠ᠂ ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠨ ᠮᠠᠰᠢ ᠲᠦᠷᠭᠡᠨ ᠢᠶᠠᠷ ᠰᠢᠯᠢᠳᠡᠭ ᠬᠦᠴᠦᠨ ᠢ ᠲᠠᠲᠠᠵᠤ ᠲᠤᠰᠬᠠᠶ ᠬᠡᠷᠡᠭ ᠤᠨ ᠳᠤᠭᠤᠶᠢᠯᠠᠩ ᠪᠠᠶᠢᠭᠤᠯᠵᠤ᠂ ᠲᠤᠷᠰᠢᠨ ᠪᠠᠶᠢᠴᠠᠭᠠᠬᠤ ᠠᠵᠢᠯ ᠢ ᠪᠥᠬᠦ ᠬᠦᠴᠦᠨ ᠢᠶᠠᠷ ᠢᠶᠠᠨ ᠥᠷᠨᠢᠭᠦᠯᠪᠡ᠃ ᠲᠤᠰᠬᠠᠶ ᠬᠡᠷᠡᠭ ᠤᠨ ᠳᠤᠭᠤᠶᠢᠯᠠᠩ ᠤᠨ ᠠᠷᠠᠳ ᠤᠨ ᠴᠠᠭᠳᠠᠭ᠎ᠠ ᠨᠠᠷ ᠰᠤᠷᠪᠤᠯᠵᠢᠯᠠᠬᠤ ᠪᠠ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠶᠡᠭᠡ ᠬᠡᠮᠵᠢᠶᠡᠨ ᠤ ᠬᠢᠨᠠᠨ ᠡᠵᠡᠮᠳᠡᠭᠦᠷ ᠤᠨ ᠮᠠᠲ᠋ᠧᠷᠢᠶᠠᠯ ᠢ ᠰᠢᠯᠵᠢᠭᠦᠯᠦᠨ ᠠᠪᠴᠤ᠂ ᠬᠡᠷᠡᠭ ᠭᠠᠷᠤᠭᠰᠠᠨ ᠭᠠᠵᠠᠷ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠳᠤ ᠨᠠᠷᠢᠨ ᠨᠢᠮᠪᠠᠶ ᠬᠠᠶᠢᠨ ᠪᠠᠶᠢᠴᠠᠭᠠᠯᠲᠠ ᠬᠢᠪᠠ᠃ ᠲᠤᠷᠰᠢᠨ ᠪᠠᠶᠢᠴᠠᠭᠠᠬᠤ ᠬᠡᠪᠴᠢᠶ᠎ᠡ ᠪᠠᠨ ᠲᠠᠰᠤᠷᠠᠯᠲᠠ ᠥᠬᠡᠶ ᠥᠷᠭᠡᠳᠬᠡᠵᠦ᠂ ᠰᠡᠵᠢᠭᠯᠡᠯᠲᠡᠶ ᠲᠡᠷᠭᠡ ᠶᠢ ᠡᠮᠬᠢᠯᠡᠨ ᠭᠠᠷᠭᠠᠬᠤ ᠪᠠᠷ ᠳᠡᠮᠵᠢᠨ᠂ ᠡᠴᠦᠰ ᠲᠤ ᠪᠠᠨ ᠶᠠᠯᠠᠲᠤ ᠪᠦᠯᠦᠭ ᠤᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠪᠠ ᠠᠵᠢᠯᠯᠠᠭᠠᠨ ᠤ ᠵᠢᠮ᠎ᠡ ᠶᠣᠰᠣ ᠶᠢ ᠲᠣᠳᠣᠷᠬᠠᠶ ᠣᠶᠢᠯᠠᠭᠠᠪᠠ᠃       4 ᠡᠳᠦᠷ ᠳᠠᠷᠠᠭᠠᠯᠠᠨ ᠡᠷᠡᠯᠬᠡᠭᠯᠡᠨ ᠪᠠᠶᠢᠯᠳᠤᠬᠤ ᠪᠠᠷ ᠳᠡᠮᠵᠢᠨ᠂ ᠲᠤᠰᠬᠠᠶ ᠬᠡᠷᠡᠭ ᠤᠨ ᠳᠤᠭᠤᠶᠢᠯᠠᠩ 10 ᠰᠠᠷ᠎ᠠ ᠶᠢᠨ 5 ᠤ ᠡᠳᠦᠷ᠂ 6 ᠤ ᠡᠳᠦᠷ᠂ 7 ᠤ ᠡᠳᠦᠷ ᠲᠣᠰ ᠲᠣᠰ ᠲᠥᠪᠯᠡᠷᠡᠭᠦᠯᠦᠨ ᠪᠠᠷᠢᠪᠴᠢᠯᠠᠬᠤ ᠠᠵᠢᠯᠯᠠᠭ᠎ᠠ ᠥᠷᠨᠢᠭᠦᠯᠵᠦ᠂ 11 ᠶᠠᠯ᠎ᠠ ᠬᠢᠭᠰᠡᠨ ᠰᠡᠵᠢᠭᠳᠡᠨ ᠢ ᠠᠮᠵᠢᠯᠲᠠ ᠲᠠᠢ ᠪᠠᠷ ᠪᠠᠷᠢᠪᠴᠢᠯᠠᠵᠤ᠂ ᠨᠢᠭᠡᠨ ᠬᠤᠯᠠᠭᠠᠶᠢᠯᠠᠬᠤ ᠪᠦᠯᠬᠦᠮ ᠢ ᠴᠣᠬᠢᠨ ᠤᠨᠠᠭᠠᠵᠠᠶ᠃ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 1.4 ᠲᠣᠨ ᠬᠤᠯᠠᠭᠠᠶᠢᠯᠠᠭᠰᠠᠨ ᠴᠠᠬᠢᠯᠭᠠᠨ ᠳᠡᠭᠡᠰᠦ ᠶᠢ ᠨᠡᠬᠡᠮᠵᠢᠯᠡᠨ ᠲᠤᠰᠢᠶᠠᠯᠭᠠᠵᠤ᠂ 3 ᠬᠡᠷᠡᠭ ᠦᠢᠯᠡᠳᠦᠭᠰᠡᠨ ᠲᠡᠷᠭᠡ ᠶᠢ ᠦᠯᠡᠳᠡᠭᠡᠨ ᠠᠪᠴᠤ᠂ ᠬᠡᠷᠡᠭ ᠦᠢᠯᠡᠳᠦᠭᠰᠡᠨ ᠪᠠᠭᠠᠵᠢ ᠬᠡᠷᠡᠭᠰᠡᠯ ᠤᠨ ᠤᠲᠠᠰᠤ ᠬᠠᠶᠢᠴᠢᠯᠠᠬᠤ ᠵᠠᠭᠤᠳᠠᠭ 1 ᠶᠢ ᠣᠯᠵᠠᠯᠠᠵᠠᠶ᠃       ᠰᠢᠭᠦᠨ ᠠᠰᠠᠭᠤᠬᠤ ᠪᠠᠷ ᠳᠠᠮᠵᠢᠭᠠᠳ᠂ 11 ᠶᠠᠯ᠎ᠠ ᠬᠢᠭᠰᠡᠨ ᠰᠡᠵᠢᠭᠳᠡᠨ ᠡᠨᠡ ᠵᠢᠯ ᠤᠨ 9 ᠰᠠᠷ᠎ᠠ ᠠᠴᠠ ᠨᠠᠭᠠᠰᠢ ᠣᠯᠠᠨ ᠤᠳᠠᠭ᠎ᠠ ᠴᠠᠬᠢᠯᠭᠠᠨ ᠳᠡᠭᠡᠰᠦ ᠬᠤᠯᠠᠭᠠᠶᠢᠯᠠᠭᠰᠠᠨ ᠶᠠᠯ᠎ᠠ ᠶᠢᠨ ᠪᠣᠳᠠᠲᠤ ᠬᠡᠷᠡᠭ ᠢ ᠥᠴᠢᠭᠯᠡᠭᠰᠡᠨ ᠪᠠᠶᠢᠨ᠎ᠠ᠃ ᠣᠳᠣᠬᠠᠨ ᠳᠤ᠂ ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠤᠯᠢ ᠶᠣᠰᠣᠭᠠᠷ ᠡᠷᠡᠭᠦᠤ ᠶᠢᠨ ᠬᠡᠷᠡᠭ ᠢᠶᠠᠷ ᠲᠦᠷ ᠬᠤᠷᠢᠵᠠᠶ᠃       ᠲᠣᠰ ᠬᠡᠷᠡᠭ ᠢ ᠠᠮᠵᠢᠯᠲᠠᠲᠠᠶ ᠳᠡᠩᠨᠡᠨ ᠢᠯᠡᠷᠡᠭᠦᠯᠦᠭᠰᠡᠨ ᠨᠢ ᠬᠤᠬᠢᠷᠠᠯ ᠠᠮᠰᠠᠭᠰᠠᠨ ᠠᠵᠤ ᠠᠬᠤᠶᠢᠯᠠᠯ ᠳᠤ ᠠᠵᠤ ᠠᠬᠤᠶ ᠶᠢᠨ ᠬᠤᠬᠢᠷᠠᠯ ᠨᠢ ᠡᠭᠡᠭᠦᠯᠦᠨ ᠠᠪᠴᠢᠷᠠᠭᠰᠠᠨ ᠢᠶᠠᠷ ᠪᠠᠷᠠᠬᠤ ᠥᠬᠡᠶ᠂ ᠪᠠᠰᠠ ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠤᠳᠠᠯᠳᠤᠭᠠᠴᠢᠨ ᠠᠵᠤ ᠠᠬᠤᠶᠢᠯᠠᠯ ᠢ ᠬᠠᠮᠠᠭᠠᠯᠠᠬᠤ᠂ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠡᠰ ᠵᠣᠷᠢᠭ ᠪᠠ ᠴᠢᠳᠠᠪᠤᠷᠢ ᠶᠢ ᠬᠠᠷᠠᠭᠤᠯᠤᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠦᠷᠭᠦᠯᠵᠢᠯᠡᠨ ᠠᠷᠠᠳ ᠲᠦᠮᠡᠨ ᠳᠤ ᠦᠢᠯᠡᠴᠢᠯᠡᠬᠦ ᠣᠭ ᠰᠠᠨᠠᠭ᠎ᠠ ᠪᠠᠨ ᠪᠠᠲᠤᠳᠬᠠᠵᠤ᠂ ᠣᠯᠠᠨ ᠲᠦᠮᠡᠨ ᠤ ︽ᠪᠠᠴᠢᠮ ᠪᠡᠷᠬᠡ ᠵᠣᠪᠠᠨᠢᠯ ᠡᠷᠡᠮᠡᠯᠵᠡᠯ︾ ᠳᠤ ᠠᠩᠬᠠᠷᠤᠯ ᠢᠶᠠᠨ ᠲᠥᠪᠯᠡᠷᠡᠭᠦᠯᠦᠨ᠂ ᠡᠯ᠎ᠡ ᠲᠥᠷᠥᠯ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠠᠷᠠᠳ ᠣᠯᠠᠨ ᠤ ᠵᠥᠪᠰᠢᠶᠡᠷᠡᠯ ᠪᠣᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠠᠮᠤᠭ ᠤᠨ ᠶᠡᠭᠡ ᠳᠡᠮᠵᠢᠯᠭᠡ᠂ ᠵᠣᠷᠢᠭᠵᠢᠭᠤᠯᠤᠯ ᠪᠠ ᠱᠠᠭᠠᠷᠳᠠᠯᠭ᠎ᠠ ᠪᠣᠯᠤᠨ᠎ᠠ᠂ ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠵᠤ᠂ ᠪᠥᠬᠦ ᠬᠤᠰᠢᠭᠤᠨ ᠤ ᠠᠷᠠᠳ ᠣᠯᠠᠨ ᠤ ᠠᠮᠤᠷ ᠲᠦᠪᠰᠢᠨ ᠤ ᠰᠡᠳᠬᠢᠯᠭᠡ ᠪᠠ ᠳᠣᠲᠣᠭᠠᠳᠤ ᠶᠢ ᠬᠠᠮᠠᠭᠠᠯᠠᠬᠤ ᠠᠵᠢᠯ ᠤᠨ ᠬᠠᠨᠤᠮᠵᠢ ᠶᠢᠨ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠦᠨ᠎ᠡ᠃
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ