ᠡᠨᠡ ᠵᠢᠯ ᠤᠨ 1 ᠳ᠋ᠦ᠋ᠭᠡᠷ ᠰᠠᠷ᠎ᠠ ᠶᠢᠨ 10 ᠤ ᠡᠳᠦᠷ᠂ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠮᠡᠬᠡᠯᠡᠯ ᠢ ᠡᠰᠡᠷᠭᠦᠴᠡᠬᠦ ᠲᠥᠪ | ᠪᠠᠩᠬᠢ ᠶᠢᠨ ᠠᠵᠢᠯᠲᠠᠨ ᠤ ᠬᠡᠷᠡᠭ ᠤᠨ ᠮᠡᠳᠡᠭᠦᠯᠦᠯᠲᠡ ᠶᠢᠨ ᠤᠲᠠᠰᠤ ᠶᠢ ᠳᠤᠰᠤᠭᠰᠠᠨ ᠤ ᠳᠠᠷᠠᠭ᠎ᠠ᠂ ᠠᠷᠠᠳ ᠤᠨ ᠴᠠᠭᠳᠠᠭ᠎ᠠ ᠮᠠᠰᠢ ᠲᠦᠷᠭᠡᠨ ᠢᠶᠠᠷ ᠬᠥᠳᠡᠯᠦᠯᠴᠡᠨ᠂ | ᠣᠯᠠᠨ ᠲᠠᠯ᠎ᠠ ᠶᠢᠨ ᠬᠢᠨ ᠬᠤᠯᠪᠣᠭᠠᠯᠠᠵᠤ ᠪᠠᠶᠢᠭᠠᠳ ᠮᠡᠬᠡᠯᠡᠭᠴᠢᠳ ᠲᠠᠢ ︽ᠤᠷᠤᠯᠳᠤᠨ︾᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠡᠷᠡᠭ ᠤᠨ | ᠡᠭᠦᠰᠬᠦ ᠶᠢ ᠠᠮᠵᠢᠯᠲᠠᠲᠠᠢ ᠬᠤᠷᠢᠭᠯᠠᠵᠤ᠂ ᠨᠠᠰᠤᠲᠠᠨ ᠤ 12 ᠲᠦᠮᠡ ᠭᠠᠷᠤᠢ ᠲᠥᠭᠦᠷᠢᠭ ᠤᠨ ᠬᠤᠬᠢᠷᠠᠯ ᠳᠤ ᠤᠴᠠᠷᠠᠬᠤ ᠠᠴᠠ ᠵᠠᠶᠢᠯᠠᠭᠤᠯᠪᠠ᠃ | | | | | 1 ᠳ᠋ᠦ᠋ᠭᠡᠷ ᠰᠠᠷ᠎ᠠ ᠶᠢᠨ 10 ᠤ ᠡᠳᠦᠷ ᠤᠨ 12 ᠴᠠᠭ 49 ᠮᠢᠨᠦ᠋ᠲ ᠲᠤ᠂ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠮᠡᠬᠡᠯᠡᠯ ᠢ | ᠡᠰᠡᠷᠭᠦᠴᠡᠬᠦ ᠲᠥᠪ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠦᠬᠠᠢ ᠬᠤᠲᠠ ᠶᠢᠨ ᠴᠢᠩ ᠱᠠᠨ ᠵᠠᠮ ᠤᠨ ᠰᠠᠯᠪᠤᠷᠢ ᠪᠠᠩᠬᠢ ᠶᠢᠨ ᠠᠵᠢᠯᠲᠠᠨ ᠤ | ᠬᠡᠷᠡᠭ ᠤᠨ ᠮᠡᠳᠡᠭᠦᠯᠦᠯᠲᠡ ᠶᠢ ᠲᠤᠰᠴᠤ᠂ ᠨᠢᠭᠡ ᠨᠠᠰᠤᠲᠠᠨ ᠵᠣᠭᠤᠰ ᠭᠤᠪᠢᠭᠤᠯᠬᠤ ᠬᠠᠭᠤᠳᠠᠰᠤ ᠲᠠᠭᠯᠠᠵᠤ ᠲᠠᠨᠢᠬᠤ ᠦᠭᠡᠢ ᠬᠥᠮᠥᠨ ᠳᠤ ᠲᠠᠩᠰᠠ ᠰᠢᠯᠵᠢᠭᠦᠯᠵᠦ | ᠥᠭᠬᠦ ᠪᠠᠷ ᠪᠠᠶᠢᠨ᠎ᠠ ᠭᠡᠪᠡ᠃ ᠵᠣᠭᠤᠰ ᠤᠨ ᠲᠤᠭ᠎ᠠ ᠨᠢ ᠨᠡᠯᠢᠶᠡᠳ ᠶᠡᠭᠡ ᠪᠣᠯᠬᠤᠷ ᠨᠥᠭᠦᠭᠡ ᠡᠲᠡᠭᠡᠳ ᠨᠢ ᠪᠠᠰᠠ ᠳᠠᠬᠢᠨ ᠳᠠᠪᠲᠠᠨ ᠤᠲᠠᠰᠤ ᠢᠷᠡᠭᠦᠯᠵᠦ᠂ ᠨᠠᠰᠤᠲᠠᠨ | ᠢ ᠳᠠᠩᠰᠠ ᠰᠢᠯᠵᠢᠭᠦᠯᠬᠦ ᠶᠢ ᠱᠠᠭᠠᠷᠳᠠᠭᠰᠠᠨ ᠳᠤ ᠪᠠᠩᠬᠢ ᠶᠢᠨ ᠠᠵᠢᠯᠲᠠᠨ ᠰᠡᠵᠢᠭ ᠳᠦᠷᠦᠵᠦ᠂ ᠪᠠᠶᠢᠳᠠᠯ ᠢ ᠨᠢ ᠲᠣᠳᠣᠯᠠᠭᠠᠳ ᠳᠠᠬᠢᠨ ᠵᠣᠭᠤᠰ ᠭᠤᠪᠢᠭᠤᠯᠬᠤ ᠶᠢ | ᠢᠳᠬᠠᠵᠠᠢ᠃ ᠨᠥᠭᠦᠭᠡ ᠡᠲᠡᠭᠡᠳ ᠨᠢ ᠬᠠᠷᠢᠨ ᠨᠠᠰᠤᠲᠠᠨ ᠢ ᠪᠠᠩᠬᠢ ᠠᠴᠠ ᠭᠠᠷᠤᠭᠠᠳ ᠪᠤᠰᠤᠳ ᠭᠠᠵᠠᠷ ᠲᠤ ᠳᠠᠩᠰᠠ ᠰᠢᠯᠵᠢᠭᠦᠯᠬᠦ ᠪᠠᠷ ᠬᠠᠭᠤᠷᠴᠤ᠂ ᠡᠨᠡ ᠦᠶ᠎ᠡ ᠳᠤ | ᠠᠵᠢᠯᠲᠠᠳ ᠡᠭᠦᠨ ᠠᠴᠠ ᠡᠮᠦᠨ᠎ᠡ ᠠᠷᠠᠳ ᠤᠨ ᠴᠠᠭᠳᠠᠭ᠎ᠠ ᠶᠢᠨ ᠣᠯᠠᠨ ᠤᠳᠠᠭ᠎ᠠ ᠥᠷᠨᠢᠭᠦᠯᠦᠭᠰᠡᠨ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢ ᠪᠤᠳᠤᠵᠤ ᠣᠯᠣᠭᠠᠳ | ᠲᠡᠷᠡ ᠳᠠᠷᠤᠢ ᠳᠤ ᠨᠢ 96110 ᠤᠲᠠᠰᠤ ᠪᠠᠷ ᠮᠡᠬᠡᠯᠡᠯ ᠡᠰᠡᠷᠭᠦᠴᠡᠬᠦ ᠲᠥᠪ ᠠᠴᠠ ᠲᠤᠰᠠᠯᠠᠮᠵᠢ ᠭᠤᠶᠤᠵᠤ᠂ ᠴᠠᠭᠳᠠᠭᠠᠨ ᠤ ᠲᠠᠯ᠎ᠠ ᠶᠢᠨ ᠬᠢᠨ ᠲᠤᠬᠠᠢ ᠶᠢᠨ | ᠲᠠᠯᠠᠪᠤᠷ ᠲᠤ ᠬᠦᠷᠴᠦ ᠢᠳᠬᠠᠨ ᠬᠤᠷᠢᠭᠯᠠᠬᠤ ᠶᠢ ᠬᠦᠰᠡᠵᠡᠢ᠃ | ᠠᠷᠠᠳ ᠤᠨ ᠴᠠᠭᠳᠠᠭ᠎ᠠ ᠲᠤᠬᠠᠢ ᠶᠢᠨ ᠲᠠᠯᠠᠪᠠᠶ ᠳᠤ ᠬᠦᠷᠬᠦ ᠦᠶ᠎ᠡ ᠳᠤ ᠨᠠᠰᠤᠲᠠᠨ ᠨᠢᠭᠡᠨᠲᠡ 12 ᠲᠦᠮᠡᠨ ᠲᠥᠭᠦᠷᠢᠭ ᠤᠨ ᠵᠣᠭᠤᠰ ᠭᠤᠪᠢᠭᠤᠯᠬᠤ | ᠬᠠᠭᠤᠳᠠᠰᠤ ᠶᠢ ᠲᠠᠭᠯᠠᠭᠰᠠᠨ ᠪᠠᠶᠢᠵᠤ᠂ ᠠᠷᠠᠳ ᠤᠨ ᠴᠠᠭᠳᠠᠭ᠎ᠠ ᠲᠡᠷᠡ ᠳᠠᠷᠤᠢ ᠳᠤ ᠨᠢ ᠨᠠᠰᠤᠲᠠᠨ ᠢ ᠢᠳᠬᠠᠨ ᠬᠤᠷᠢᠭᠯᠠᠪᠠ᠃ ᠬᠦᠯᠢᠴᠡᠩᠭᠦᠢ ᠪᠠᠷ ᠯᠠᠪᠯᠠᠨ | ᠠᠰᠠᠭᠤᠬᠤ ᠪᠠᠷ ᠳᠡᠮᠵᠢᠨ ᠣᠶᠢᠯᠠᠭᠠᠵᠤ ᠮᠡᠳᠡᠭᠰᠡᠨ ᠨᠢ᠂ ᠨᠠᠰᠤᠲᠠᠨ ᠡᠨᠡ ᠥᠷᠯᠥᠭᠡ ᠥᠪᠡᠷ ᠤᠨ ᠬᠢᠨ ᠣᠮᠪᠣᠯᠣ ᠭᠡᠵᠦ ᠪᠠᠶᠢᠭ᠎ᠠ ᠬᠥᠮᠥᠨ ᠤ ᠤᠲᠠᠰᠤ ᠶᠢ ᠲᠤᠰᠴᠤ᠂ | ᠨᠥᠭᠦᠭᠡ ᠡᠲᠡᠭᠡᠳ ᠨᠢ ᠥᠪᠡᠷ ᠢ ᠪᠠᠨ ᠬᠠᠤᠯᠢ ᠠᠴᠠ ᠵᠥᠷᠢᠴᠡᠨ ᠪᠠᠷᠢᠭᠳᠠᠵᠤ᠂ ᠪᠠᠴᠢᠮ ᠵᠣᠭᠤᠰ ᠬᠡᠷᠡᠭᠯᠡᠬᠦ ᠴᠢᠬᠤᠯᠠᠲᠠᠢ ᠪᠠᠶᠢᠨ᠎ᠠ ᠭᠡᠵᠦ᠂ ᠨᠠᠰᠤᠲᠠᠨ ᠢ ᠳᠠᠷᠤᠶᠢᠬᠠᠨ | 12 ᠲᠦᠮᠡᠨ ᠲᠥᠭᠦᠷᠢᠭ ᠠᠷᠠᠳ ᠤᠨ ᠵᠣᠭᠤᠰ ᠭᠤᠪᠢᠭᠤᠯᠬᠤ ᠬᠡᠷᠡᠭᠲᠡᠢ ᠭᠡᠵᠦ ᠱᠠᠭᠠᠷᠳᠠᠭᠰᠠᠨ ᠪᠥᠭᠡᠳ ᠡᠨᠡ ᠬᠦ ᠪᠠᠶᠢᠳᠠᠯ ᠢ ᠡᠴᠢᠭᠡ ᠡᠬᠡ ᠳᠤ ᠬᠡᠯᠡᠵᠦ ᠪᠣᠯᠬᠤ | ᠦᠭᠡᠢ ᠭᠡᠵᠦ ᠵᠠᠬᠢᠭᠰᠠᠨ ᠪᠠᠶᠢᠨ᠎ᠠ᠃ ᠨᠠᠰᠤᠲᠠᠨ ᠦᠨᠡᠮᠰᠢᠭᠡᠳ ᠪᠠᠩᠬᠢ ᠶᠢᠨ ᠺᠠᠷᠲ᠂ ᠪᠡᠶ᠎ᠡ ᠶᠢᠨ ᠦᠨᠡᠮᠯᠡᠯ ᠢᠶᠠᠨ ᠠᠪᠤᠮᠠᠭᠴᠠ ᠪᠠᠩᠬᠢ ᠤᠷᠤᠭᠤ ᠵᠣᠷᠢᠪᠠ᠃ ᠵᠠᠮ | ᠵᠠᠭᠤᠷ᠎ᠠ᠂ ᠨᠥᠭᠦᠭᠡ ᠡᠲᠡᠭᠡᠳ ᠨᠢ ᠨᠠᠰᠤᠲᠠᠨ ᠲᠠᠢ ᠦᠷᠭᠦᠯᠵᠢᠯᠡᠨ ᠤᠲᠠᠰᠤ ᠪᠠᠷ ᠶᠠᠷᠢᠯᠴᠠᠵᠤ᠂ ᠨᠠᠰᠤᠲᠠᠨ ᠢ ᠬᠥᠲᠥᠯᠥᠨ ᠵᠢᠯᠤᠭᠤᠳᠴᠤ ᠪᠠᠶᠢᠭᠠᠳ ᠠᠯᠢ ᠣᠯᠠᠨ | ᠠᠵᠢᠯᠯᠠᠭ᠎ᠠ ᠬᠢᠯᠭᠡᠵᠡᠢ᠃ ᠠᠷᠠᠳ ᠤᠨ ᠴᠠᠭᠳᠠᠭ᠎ᠠ ᠠᠴᠠ ᠡᠨᠡ ᠪᠣᠯ ᠪᠡᠶ᠎ᠡ ᠶᠢᠨ ᠭᠠᠷᠤᠯ ᠢ ᠬᠠᠭᠤᠷᠮᠠᠭᠯᠠᠨ ᠮᠡᠬᠡᠯᠡᠬᠦ ᠲᠥᠷᠥᠯ ᠤᠨ ᠴᠠᠬᠢᠯᠭᠠᠨ ᠬᠤᠯᠪᠣᠭ᠎ᠠ ᠰᠦᠯᠵᠢᠶᠡᠨ ᠤ | ᠮᠡᠬᠡᠯᠡᠯ ᠮᠥᠨ ᠭᠡᠵᠦ ᠳᠠᠬᠢᠨ ᠳᠠᠪᠲᠠᠨ ᠢᠳᠬᠠᠭᠰᠠᠨ ᠪᠥᠭᠡᠳ ᠮᠡᠬᠡᠯᠡᠬᠦ ᠠᠷᠭ᠎ᠠ ᠪᠠᠷᠢᠯ ᠶᠢ ᠨᠠᠷᠢᠨ ᠵᠠᠳᠠᠯᠤᠭᠰᠠᠨ ᠤ ᠳ᠋ᠦᠩ ᠳᠤ ᠨᠠᠰᠤᠲᠠᠨ ᠰᠠᠶ᠋ᠢ ᠮᠡᠬᠡᠯᠡᠭᠳᠡᠬᠦ | ᠰᠢᠬᠠᠭᠰᠠᠨ ᠢᠶᠠᠨ ᠰᠡᠷᠡᠵᠦ ᠮᠡᠳᠡᠭᠰᠡᠨ ᠪᠠᠶᠢᠨ᠎ᠠ᠃ | ᠬᠡᠷᠡᠭ ᠤᠨ ᠳᠠᠷᠠᠭ᠎ᠠ᠂ ᠠᠷᠠᠳ ᠤᠨ ᠴᠠᠭᠳᠠᠭ᠎ᠠ ᠪᠠᠰᠠ 96110 ᠤᠲᠠᠰᠤ ᠪᠠᠷ ᠨᠠᠰᠤᠲᠠᠨ ᠪᠠ ᠦᠷ᠎ᠡ ᠬᠡᠦᠬᠡᠳ ᠲᠠᠢ ᠨᠢ ᠬᠠᠷᠢᠯᠴᠠᠵᠤ᠂ ᠮᠡᠬᠡᠯᠡᠯ ᠢ | ᠡᠰᠡᠷᠭᠦᠴᠡᠬᠦ ᠬᠠᠮᠢᠶ᠎ᠠ ᠪᠦᠬᠦᠢ ᠮᠡᠳᠡᠯᠭᠡ ᠶᠢ ᠲᠦᠭᠡᠮᠡᠯᠵᠢᠭᠦᠯᠵᠦ᠂ ᠬᠡᠳᠦᠨ ᠵᠦᠢᠯ ᠤᠨ ᠴᠠᠬᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠤᠨ ᠣᠯᠠᠨ ᠡᠭᠦᠰᠳᠡᠭ | ᠬᠡᠷᠡᠭ ᠤᠨ ᠮᠡᠬᠡᠯᠡᠯ ᠤᠨ ᠠᠷᠭ᠎ᠠ ᠪᠠᠷᠢᠯ ᠢ ᠨᠠᠷᠢᠨ ᠲᠠᠶᠢᠯᠪᠤᠷᠢᠯᠠᠬᠤ ᠶᠢᠨ ᠬᠠᠮᠲᠤ ᠲᠡᠳᠡᠨ ᠢᠶᠠᠷ ᠤᠯᠤᠰ ᠤᠨ ᠮᠡᠬᠡᠯᠡᠯ ᠢ ᠡᠰᠡᠷᠭᠦᠴᠡᠬᠦ ᠲᠥᠪ ᠤᠨ APP ᠶᠢ ᠪᠠᠭᠤᠯᠭᠠᠨ | ᠤᠭᠰᠠᠷᠠᠭᠤᠯᠵᠤ᠂ ︽ᠤᠲᠠᠰᠤ ᠢᠷᠡᠪᠡᠯ ᠤᠷᠢᠳᠴᠢᠯᠠᠨ ᠰᠡᠷᠡᠮᠵᠢᠯᠡᠭᠦᠯᠬᠦ︾ ᠵᠠᠭᠪᠤᠷ ᠢ ᠨᠡᠬᠡᠯᠭᠡᠵᠦ᠂ ᠨᠠᠰᠤᠲᠠᠨ ᠢ ᠥᠪᠡᠷ ᠤᠨ ᠵᠣᠭᠤᠰ ᠮᠥᠩᠭᠦ ᠰᠠᠶᠢᠨ ᠬᠠᠮᠠᠭᠠᠯᠠᠬᠤ | ᠬᠡᠷᠡᠭᠲᠡᠢ ᠭᠡᠵᠦ ᠳᠠᠬᠢᠨᠲᠠ ᠰᠠᠨᠠᠭᠤᠯᠪᠠ᠃ | |