ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠰᠢᠨ᠎ᠡ ᠵᠢᠯ ᠤᠨ ᠠᠩᠬᠠᠨ ᠤ ᠪᠣᠯᠪᠠᠰᠤᠷᠠᠯ︾ ᠢ ᠥᠷᠨᠢᠭᠦᠯᠪᠡ
ᠨᠡᠶᠢᠲᠡᠯᠡᠭᠰᠡᠨ ᠴᠠᠭ᠄
2023/2/15
      ᠰᠢᠨ᠎ᠡ ᠵᠢᠯ ᠤᠨ ᠠᠭᠤᠷ ᠠᠮᠢᠰᠬᠤᠯ ᠬᠠᠷᠠᠬᠠᠨ ᠠᠷᠢᠯᠤᠭᠠᠳᠤᠢ᠂ ᠰᠢᠨ᠎ᠡ ᠨᠢᠭᠡ ᠵᠢᠯ ᠤᠨ ᠠᠵᠢᠯ ᠨᠢᠭᠡᠨᠲᠡ ᠡᠬᠢᠯᠡᠪᠡ᠂ ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠴᠣᠷᠭᠠᠨ ᠠᠪᠴᠤ ᠬᠠᠷᠠᠬᠤ ᠬᠤᠷᠢᠭᠤᠯ ᠤᠨ ᠭᠠᠵᠠᠷ ᠤᠨ ᠬᠠᠮᠢᠶᠠᠷᠤᠯᠲᠠ ᠶᠢᠨ ᠲᠥᠪ ᠤᠨ ᠬᠢᠨ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠲᠡᠷᠡ ᠳᠠᠷᠤᠢ ᠳᠤ ᠨᠢ ᠰᠡᠳᠬᠢᠯ ᠢᠶᠠᠨ ᠬᠤᠷᠢᠶᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠢᠭᠰᠡᠨ ᠪᠥᠭᠡᠳ ᠪᠠᠶᠢᠷᠢᠯᠠᠭᠤᠯᠤᠯᠲᠠ ᠶᠢᠨ ᠬᠤᠷᠠᠯ ᠤᠨ ᠱᠠᠭᠠᠷᠳᠠᠯᠭ᠎ᠠ ᠶᠣᠰᠣᠭᠠᠷ ︽ᠰᠢᠨ᠎ᠡ ᠵᠢᠯ ᠤᠨ ᠠᠩᠬᠠᠨ ᠤ ᠪᠣᠯᠪᠠᠰᠤᠷᠠᠯ︾  ᠢ ᠳᠠᠷᠤᠢ ᠲᠦᠷᠭᠡᠨ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠴᠠᠭᠳᠠᠭ᠎ᠠ ᠶᠢᠨ ᠪᠣᠳᠠᠲᠤ ᠪᠠᠶᠢᠯᠳᠤᠭᠠᠨ ᠤ ᠶᠡᠬᠡᠪᠡᠷ ᠪᠣᠯᠪᠠᠰᠤᠷᠠᠬᠤ ᠠᠵᠢᠯ ᠤᠨ ︽ᠴᠤᠭᠯᠠᠷᠠᠯ ᠤᠨ ᠪᠦᠷᠢᠶ᠎ᠡ︾ ᠶᠢ ᠳᠤᠤᠭᠠᠷᠭᠠᠪᠠ᠃
微信图片_20230208093749.jpg
      ᠵᠢᠭᠠᠨ ᠰᠤᠷᠭᠠᠬᠤ ᠲᠣᠬᠢᠷᠠᠭᠤᠯᠤᠯᠲᠠ ᠶᠢᠨ ᠶᠣᠰᠣᠭᠠᠷ᠂ ᠪᠣᠯᠪᠠᠰᠤᠷᠠᠭᠤᠯᠬᠤ ᠲᠥᠰᠥᠯ ᠪᠠ ᠪᠣᠯᠪᠠᠰᠤᠷᠠᠭᠤᠯᠬᠤ ᠬᠢᠴᠢᠶᠡᠯ ᠲᠦᠷᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠪᠠ᠃ ᠪᠣᠯᠪᠠᠰᠤᠷᠠᠯ ᠤᠨ ᠳᠤᠮᠳᠠ ᠪᠣᠳᠠᠲᠤ ᠪᠣᠯᠪᠠᠰᠤᠷᠠᠯ᠂ ᠪᠣᠳᠠᠲᠤ ᠪᠠᠶᠢᠯᠳᠤᠭᠠᠨ᠂ ᠪᠣᠳᠠᠲᠤ ᠬᠡᠷᠡᠭᠴᠡᠭᠡ ᠪᠠ ᠪᠣᠳᠠᠲᠤ ᠦᠷ᠎ᠡ ᠪᠦᠲᠦᠮᠵᠢ ᠣᠯᠬᠤ ᠵᠠᠷᠴᠢᠮ ᠢ ᠢᠮᠠᠭᠲᠠ ᠪᠠᠷᠢᠮᠲᠠᠯᠠᠵᠤ᠂ ᠬᠤᠴᠣᠷᠭᠠᠨ ᠠᠪᠴᠤ ᠬᠠᠷᠠᠬᠤ ᠬᠤᠷᠢᠭᠤᠯ ᠤᠨ ᠭᠠᠵᠠᠷ ᠤᠨ ᠬᠠᠮᠢᠶᠠᠷᠤᠯᠲᠠ ᠶᠢᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠠᠬᠢᠨ ᠬᠠᠷᠠᠬᠤ ᠬᠥᠳᠡᠯᠭᠡᠭᠡᠨ ᠤ ᠳᠦᠷᠢᠮᠵᠢᠯ᠂ ᠵᠢᠵᠢᠭᠦᠷᠯᠡᠬᠦ ᠭᠠᠷ ᠤᠨ ᠳᠣᠬᠢᠶ᠎ᠠ ᠵᠢᠴᠢ ᠬᠡᠷᠡᠭᠯᠡᠭᠡᠨ ᠤ ᠬᠡᠯᠡᠨ ᠤ ᠳᠦᠷᠢᠮᠵᠢᠭᠰᠡᠨ ᠵᠢᠭᠠᠨ ᠰᠤᠷᠭᠠᠯᠲᠠ᠂ ᠬᠤᠴᠣᠷᠭᠠᠨ ᠠᠪᠴᠤ ᠬᠠᠷᠠᠬᠤ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠬᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠵᠡᠷᠭᠡ ᠠᠭᠤᠯᠭ᠎ᠠ ᠶᠢᠨ ᠲᠠᠯ᠎ᠠ ᠪᠠᠷ ᠪᠦᠬᠦ ᠠᠵᠢᠯᠲᠠᠨ ᠳᠤ ᠪᠦᠬᠦ ᠲᠠᠯ᠎ᠠ ᠶᠢᠨ ᠪᠣᠯᠪᠠᠰᠤᠷᠠᠯ ᠬᠦᠷᠲᠡᠭᠡᠵᠦ᠂ ᠭᠤᠣᠯᠳᠠᠭᠤ ᠦᠨᠳᠦᠰᠦᠨ ᠰᠡᠷᠭᠡᠶᠢᠯᠡᠯᠲᠡ ᠶᠢᠨ ᠬᠡᠯᠪᠡᠷᠢ ᠪᠠᠶᠢᠳᠠᠯ᠂ ᠡᠵᠡᠮᠳᠡᠯ ᠪᠣᠯᠣᠨ ᠮᠡᠷᠭᠡᠵᠢᠯ ᠪᠠᠶᠢᠯᠳᠤᠬᠤ ᠠᠷᠭ᠎ᠠ ᠶᠢᠨ ᠠᠷᠭ᠎ᠠ ᠳᠡᠮ᠂ ᠪᠡᠶ᠎ᠡ ᠶᠢᠨ ᠦᠢᠯᠡ ᠵᠢᠴᠢ ᠦᠭᠡ ᠬᠡᠯᠡᠨ ᠤ ᠵᠢᠷᠤᠮᠵᠢᠯ ᠵᠡᠷᠭᠡ ᠭᠤᠭᠴᠤᠭ᠎ᠠ ᠠᠴᠠ ᠭᠠᠷᠳᠠᠵᠤ᠂ ᠵᠢᠱᠢᠶ᠎ᠡ ᠦᠵᠡᠭᠦᠯᠦᠨ ᠲᠠᠶᠢᠯᠪᠤᠷᠢᠯᠠᠬᠤ᠂ ᠦᠵᠡᠭᠳᠡᠯ ᠢ ᠳᠠᠭᠤᠷᠢᠶᠠᠬᠤ᠂ ᠳᠤᠭᠤᠶᠢᠯᠠᠩ ᠬᠤᠪᠢᠶᠠᠨ ᠪᠣᠯᠪᠠᠰᠤᠷᠠᠬᠤ ᠵᠡᠷᠭᠡ ᠪᠣᠯᠪᠠᠰᠤᠷᠠᠯ ᠢ ᠥᠷᠨᠢᠭᠦᠯᠵᠦ᠂ ᠲᠥᠪᠯᠡᠷᠡᠭᠦᠯᠦᠨ ᠪᠣᠯᠪᠠᠰᠤᠷᠠᠭᠤᠯᠵᠤ ᠳᠠᠭᠤᠰᠤᠭᠰᠠᠨ ᠤ ᠳᠠᠷᠠᠭ᠎ᠠ᠂ ᠪᠦᠬᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠵᠣᠬᠢᠶᠠᠨ ᠪᠠᠶᠢᠭᠤᠯᠤᠨ ᠦᠢᠯᠡᠴᠢᠯᠡᠭᠡᠨ ᠤ ᠳᠦᠷᠢᠮᠵᠢᠭᠦᠯᠦᠯᠲᠡ ᠶᠢᠨ ᠤᠨᠤᠯ ᠤᠨ ᠰᠢᠯᠭᠠᠯᠲᠠ ᠳᠤ ᠣᠷᠣᠯᠴᠠᠭᠤᠯᠬᠤ ᠶᠢᠨ ᠬᠠᠮᠲᠤ ᠰᠢᠯᠭᠠᠯᠲᠠ ᠶᠢᠨ ᠦᠷ᠎ᠡ ᠳ᠋ᠦᠩ ᠢ ᠬᠤᠪᠢ ᠬᠤᠷᠠᠮᠳᠤᠭᠤᠯᠬᠤ ᠳᠦᠷᠢᠮ ᠤᠨ ᠬᠢᠨᠠᠨ ᠰᠢᠯᠭᠠᠯᠲᠠ ᠳᠤ ᠣᠷᠣᠭᠤᠯᠪᠠ᠃
微信图片_20230208093709.jpg
      ᠳᠠᠷᠠᠭᠠᠴᠢ ᠶᠢᠨ ᠠᠯᠬᠤᠮ ᠳᠤ᠂ ᠬᠤᠴᠣᠷᠭᠠᠨ ᠠᠪᠴᠤ ᠬᠠᠷᠠᠬᠤ ᠬᠤᠷᠢᠭᠤᠯ ᠤᠨ ᠭᠠᠵᠠᠷ ᠬᠠᠮᠢᠶᠠᠷᠤᠯᠲᠠ ᠶᠢᠨ ᠲᠥᠪ ︽ᠲᠠᠪᠤᠨ ᠪᠠᠭ᠎ᠠ ᠴᠡᠷᠢᠭ ᠤᠨ ᠪᠣᠯᠪᠠᠰᠤᠷᠠᠯ︾ ᠢᠶᠠᠷ ᠭᠠᠷᠳᠠᠴᠠ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠰᠠᠬᠢᠨ ᠬᠠᠷᠠᠵᠤ ᠦᠢᠯᠡᠴᠢᠯᠡᠭᠡᠨ ᠤ ︽ᠲᠦᠷᠪᠡᠨ ᠠᠯᠬᠤᠮ ᠢᠶᠠᠷ ᠵᠢᠷᠤᠮᠵᠢᠭᠤᠯᠬᠤ ᠠᠷᠭ᠎ᠠ︾ ᠶᠢ ᠯᠠᠪᠳᠠᠭᠤᠨ ᠪᠠᠲᠤᠲᠠᠢ ᠠᠬᠢᠭᠤᠯᠤᠨ᠂ ᠡᠩᠨᠡᠭᠡᠨ ᠤ ᠪᠡᠶ᠎ᠡ ᠶᠢᠨ ᠴᠢᠳᠠᠪᠤᠷᠢ ᠶᠢᠨ ᠬᠡᠪ ᠴᠢᠨᠠᠷ ᠪᠣᠯᠣᠨ ᠴᠠᠭᠳᠠᠭᠠᠨ ᠤ ᠶᠠᠪᠤᠳᠠᠯ ᠤᠨ ᠪᠣᠳᠠᠲᠤ ᠪᠠᠶᠢᠯᠳᠤᠭᠠᠨ ᠤ ᠤᠷ᠎ᠠ ᠴᠢᠳᠠᠪᠤᠷᠢ ᠶᠢ ᠳᠠᠰᠤᠷᠠᠯᠳᠠ ᠦᠭᠡᠢ ᠳᠡᠭᠡᠭᠰᠢᠯᠡᠭᠦᠯᠵᠦ᠂ 2023 ᠣᠨ ᠤ ᠬᠤᠴᠣᠷᠭᠠᠨ ᠠᠪᠴᠤ ᠬᠠᠷᠠᠬᠤ ᠬᠤᠷᠢᠭᠤᠯ ᠤᠨ ᠭᠠᠵᠠᠷ ᠬᠠᠮᠢᠶᠠᠷᠤᠯᠲᠠ ᠶᠢᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ᠃
ᠢᠷᠡᠯᠲᠡ᠄ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ